| | | | | | 9 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠳᠡᠳ᠋ ᠳᠠᠷᠤᠭ᠎ᠠ ᠵᠠᠩ ᠰᠢᠶᠧ | ᠵᠢᠶᠦ᠋ᠨ ᠰᠢᠶᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠳᠤ ᠭᠦᠨᠵᠡᠭᠡᠶᠢᠷᠡᠨ ᠰᠣᠶᠣᠯ | ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠠᠵᠢᠯ ᠢ ᠪᠠᠶᠢᠴᠠᠭᠠᠨ ᠰᠤᠳᠤᠯᠤᠭᠰᠠᠨ ᠤ ᠬᠠᠮᠲᠤ ᠲᠡᠷᠡᠭᠠᠴᠢ ᠶᠢᠨ | ᠠᠯᠬᠤᠮ ᠤᠨ ᠠᠵᠢᠯ ᠢ ᠪᠠᠶᠢᠷᠢᠯᠠᠭᠤᠯᠤᠨ ᠳᠣᠭᠢᠷᠠᠭᠤᠯᠪᠠ᠃ | ᠬᠤᠷᠠᠯ ᠳᠡᠭᠡᠷ᠎ᠡ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ | ᠷᠦᠨ ᠬᠤᠸᠠ ᠲᠤᠰ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ | ᠭᠤᠣᠯᠳᠠᠯᠭᠠᠲᠤ ᠲᠥᠷᠥᠯ ᠵᠦᠢᠯ᠂ ᠭᠤᠣᠯᠳᠠᠯᠭᠠᠲᠤ ᠠᠵᠢᠯ᠂ ᠰᠣᠶᠣᠯ᠂ ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ | ᠺᠢᠨᠣ᠋ ᠲᠧᠯᠸᠢᠰ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠰᠠᠯᠠᠭ᠎ᠠ ᠮᠥᠴᠢᠷ᠂ ᠲᠠᠰᠤᠭ | ᠥᠷᠲᠡᠭᠡ᠂ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠳ ᠲᠤᠰ ᠲᠤᠰ ᠤᠨ ᠲᠤᠬᠠᠶᠢᠯᠠᠭᠰᠠᠨ | ᠠᠵᠢᠯ ᠤᠨ ᠢᠶᠠᠨ ᠪᠠᠶᠢᠳᠠᠯ ᠢ ᠬᠠᠷᠢᠭᠤ ᠮᠡᠳᠡᠭᠦᠯᠪᠡ᠃ | ᠵᠠᠩ ᠰᠢᠶᠧ ᠵᠢᠶᠦ᠋ᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠡᠯ᠎ᠡ ᠵᠦᠢᠯ ᠤᠨ | ᠠᠵᠢᠯ ᠤᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ᠂ ᠲᠡᠷᠡ ᠱᠠᠭᠠᠷᠳᠠᠭᠰᠠᠨ ᠨᠢ᠂ ᠲᠣᠪᠴᠢᠶ᠎ᠠ ᠶᠢᠨ ᠡᠯ᠎ᠡ | ᠲᠠᠰᠤᠭ ᠦᠷᠳᠡᠭᠡ᠂ ᠬᠤᠶᠠᠳᠤᠭᠠᠷ ᠳᠡᠰ ᠤᠨ ᠨᠢᠭᠡᠴᠡ ᠶᠢᠨ ᠠᠵᠢᠯ ᠤᠨ ᠳᠤᠮᠳᠠ ᠪᠠᠨ ᠬᠠᠮᠲᠤ ᠪᠠᠷ ᠴᠢᠷᠮᠠᠶᠢᠵᠤ᠂ | ᠤᠯᠠᠨ ᠤ ᠤᠬᠠᠭᠠᠨ ᠢ ᠬᠠᠮᠲᠤᠳᠬᠠᠵᠤ᠂ ᠲᠤᠲᠠᠭᠤ ᠲᠠᠯ᠎ᠠ ᠪᠠᠨ ᠳᠠᠪᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠬᠡᠷᠡᠭᠵᠢᠭᠦᠯᠵᠦ ᠪᠣᠯᠬᠤ ᠲᠥᠰᠦᠯ ᠳᠤᠷᠠᠳᠴᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠤᠭ᠎ᠠ | ᠢᠳᠡᠪᠬᠢᠲᠡᠢ ᠪᠠᠷ ᠵᠣᠯᠭᠠᠭᠤᠯᠵᠤ᠂ ᠮᠠᠨ ᠤ ᠰᠢᠶᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠠᠵᠢᠯ ᠤᠨ | ᠨᠡᠩ ᠰᠠᠶᠢᠨ ᠬᠢᠷᠢ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃ | ᠡᠭᠦᠨ ᠤ ᠳᠠᠷᠠᠭ᠎ᠠ᠂ ᠵᠠᠩ ᠰᠢᠶᠧ ᠵᠢᠶᠦ᠋ᠨ ᠪᠠᠰᠠ ᠰᠣᠶᠣᠯ ᠲᠠᠮᠢᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠶᠠᠪᠤᠳᠠᠯ ᠪᠣᠯᠣᠨ ᠵᠢᠷᠤᠭ ᠲᠥᠯᠥᠪᠯᠡᠭᠡ᠂ ᠪᠠᠷᠢᠯᠭ᠎ᠠ᠂ | ᠬᠢᠨᠠᠨ ᠪᠤᠳᠤᠬᠤ ᠪᠠ ᠬᠢᠨᠠᠯᠲᠠ ᠬᠠᠮᠢᠶᠠᠷᠤᠯᠲᠠ ᠵᠡᠷᠭᠡ ᠬᠠᠷᠢᠭᠤᠴᠠᠯᠭᠠᠲᠠᠳ ᠲᠠᠢ ᠶᠠᠷᠢᠯᠴᠠᠪᠠ᠃ ᠵᠠᠩ ᠰᠢᠶᠧ ᠵᠢᠶᠦ᠋ᠨ | ᠴᠢᠬᠤᠯᠠᠴᠢᠯᠠᠭᠰᠠᠨ ᠨᠢ᠂ ᠨᠢᠭᠡ ᠳᠤ᠂ ᠵᠢᠷᠤᠵᠤ ᠲᠥᠯᠥᠪᠯᠡᠭᠡ ᠶᠢᠨ ᠲᠠᠯ᠎ᠠ ᠶᠢᠨ ᠬᠢᠨ ᠬᠤᠶᠠᠳᠤᠭᠠᠷ ᠤᠳᠠᠭ᠎ᠠ ᠬᠢ | ᠵᠢᠷᠤᠭ ᠲᠥᠯᠥᠪᠯᠡᠭᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠠᠯᠢ ᠲᠦᠷᠭᠡᠨ ᠢᠶᠠᠷ ᠲᠣᠳᠣᠷᠬᠠᠶᠢᠯᠠᠬᠤ ᠬᠡᠷᠡᠭᠲᠡᠶ | ︔ ᠬᠤᠶᠠᠷ ᠲᠤ᠂ ᠪᠠᠷᠢᠯᠭ᠎ᠠ ᠪᠠᠷᠢᠬᠤ ᠨᠠᠷᠠᠯᠢᠭ ᠵᠦᠢᠯᠡᠰ ᠢ ᠪᠦᠷᠢᠨᠰᠢᠭᠦᠯᠵᠦ᠂ ᠡᠯ᠎ᠡ ᠭᠤᠭᠴᠤᠭ᠎ᠠ ᠳᠤ ᠴᠥᠮ | ᠲᠣᠳᠣᠷᠬᠠᠶ ᠪᠠᠶᠢᠬᠤ ᠬᠡᠷᠡᠭᠲᠡᠢ︔ ᠭᠤᠷᠪᠠ ᠳᠤ᠂ ᠪᠠᠷᠢᠯᠭ᠎ᠠ ᠶᠢᠨ ᠲᠠᠯ᠎ᠠ ᠶᠢᠨ ᠬᠢᠨ ᠲᠥᠯᠥᠪᠵᠢᠭᠦᠯᠭᠡ ᠶᠣᠰᠣᠭᠠᠷ | ᠬᠡᠷᠡᠭᠵᠢᠭᠦᠯᠵᠦ᠂ ᠡᠪᠦᠯ ᠳᠤ ᠬᠡᠷᠡᠭᠵᠢᠭᠦᠯᠬᠦ ᠲᠥᠰᠥᠯ ᠢ ᠲᠦᠷᠭᠡᠬᠡᠨ ᠲᠣᠭᠲᠠᠭᠠᠬᠤ ᠬᠡᠷᠡᠭᠲᠡᠢ︔ ᠳᠥᠷᠪᠡ ᠳᠤ᠂ | ᠵᠢᠷᠤᠭ ᠲᠥᠯᠥᠪᠯᠡᠭᠡᠨ ᠤ ᠲᠠᠯ᠎ᠠ ᠪᠠ ᠪᠠᠷᠢᠯᠭ᠎ᠠ ᠶᠢᠨ ᠲᠠᠯ᠎ᠠ ᠶᠢᠨ ᠬᠢᠨ ᠣᠯᠣᠯᠴᠠᠭ᠎ᠠ ᠪᠠᠨ ᠴᠢᠩᠭᠠᠳᠬᠠᠵᠤ᠂ | ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠲᠠᠪᠤ ᠳᠤ ᠬᠢᠨᠠᠨ ᠪᠤᠳᠤᠬᠤ ᠲᠠᠯ᠎ᠠ ᠶᠢᠨ ᠬᠢᠨ ᠠ ᠲᠠᠯ᠎ᠠ ᠳᠤ | ᠲᠦᠷᠦᠯ ᠵᠦᠢᠯ ᠤᠨ ᠨᠠᠷᠢᠨ ᠬᠠᠭᠤᠳᠠᠰᠤ ᠪᠠ ᠳᠠᠭᠠᠭᠠᠴᠢᠯᠠᠯᠲᠠ ᠳᠤ ᠣᠷᠣᠯᠴᠠᠬᠤ ᠪᠣᠳᠠᠲᠠᠶ ᠠᠭᠤᠯᠭ᠎ᠠ ᠶᠢ ᠬᠠᠩᠭᠠᠬᠤ | ᠬᠡᠷᠡᠭᠲᠡᠢ ᠭᠡᠪᠡ᠃ | |