ᠹᠧᠩ ᠢᠣᠢ ᠵᠧᠨ ᠦᠴᠦᠸᠠᠨ ᠰᠢᠶᠠᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠬᠤ ᠦᠶ᠎ᠡ ᠳᠤ ᠪᠥᠬᠦ ᠰᠢᠶᠠᠨ ᠤ ᠬᠦᠴᠦᠨ ᠢ ᠨᠢᠭᠡᠳᠬᠡᠵᠤ᠂ᠤᠶᠤᠨ ᠪᠢᠯᠢᠭ ᠢ ᠬᠤᠷᠠᠮᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2018-09-29
     9 ᠳ᠋ᠦ᠋ᠭᠡᠷ ᠰᠠᠷ᠎ᠠ ᠶᠢᠨ 25 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠹᠧᠩ ᠢᠣᠢ ᠵᠧᠨ ᠦᠴᠦᠸᠠᠨ ᠰᠢᠶᠠᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠬᠤ ᠥᠶ᠎ᠡ ᠳᠤ ᠴᠢᠩᠭᠠᠳᠬᠠᠭᠰᠠᠨ ᠨᠢ᠂ ᠦᠴᠦᠸᠠᠨ ᠰᠢᠶᠠᠨ ᠤᠯᠤᠰ ᠤᠨ ᠳᠡᠰ ᠤᠨ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠪᠣᠯᠤᠭᠰᠠᠨ ᠤ ᠬᠤᠪᠢ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ ᠣᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ ᠲᠤᠶᠢᠯ ᠤᠨ ᠴᠢᠬᠤᠯᠠ ᠴᠢᠨᠠᠷ᠂ ᠬᠠᠲᠠᠭᠤ ᠪᠡᠷᠬᠡ ᠨᠠᠷᠢᠨ ᠪᠣᠳᠤᠯᠢᠶᠠᠨᠲᠤ ᠴᠢᠨᠠᠷ᠂ ᠠᠬᠤᠶᠢᠴᠢ ᠪᠠᠴᠢᠮ ᠲᠤᠯᠭᠠᠮ᠎ᠠ ᠴᠢᠨᠠᠷ ᠢ ᠭᠦᠨᠵᠡᠭᠡᠢ ᠣᠶᠢᠯᠭᠠᠵᠤ᠂ ᠦᠷᠬᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠᠷ ᠦᠵᠡᠵᠤ᠂ ᠪᠥᠬᠦ ᠰᠢᠶᠠᠨ ᠤ ᠬᠦᠴᠦᠨ ᠢ ᠨᠢᠭᠡᠳᠬᠡᠵᠤ᠂ ᠤᠶᠤᠨ ᠪᠢᠯᠢᠭ ᠢ ᠬᠤᠷᠠᠮᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠵᠢᠴᠢ ᠶᠢᠨ ᠴᠦᠨ ᠯᠢᠶᠠᠩ᠂ ᠵᠠᠩ ᠬᠠᠢ ᠲᠣᠣ ᠵᠡᠷᠭᠡ ᠰᠢᠶᠠᠨ ᠤ ᠤᠳᠤᠷᠢᠳᠤᠯᠭ᠎ᠠ ᠪᠠᠶᠢᠴᠠᠭᠠᠨ ᠰᠣᠳᠤᠯᠤᠯᠲᠠ ᠳᠤ ᠣᠷᠤᠯᠴᠠᠪᠠ᠃      ᠲᠤᠰ ᠡᠳᠤᠷ᠂ ᠹᠧᠩ ᠢᠣᠢ ᠵᠧᠨ ᠨᠠᠷ ᠦᠴᠦᠸᠠᠨ ᠰᠢᠶᠠᠨ ᠤ ᠳᠡᠭᠡᠷ᠎ᠡ ᠲᠤᠬᠤᠢ ᠰᠢᠶᠠᠩ ᠤᠨ ᠯᠢᠦ ᠵᠢᠶᠠ ᠲᠤᠰᠬᠤᠨ᠂ ᠯᠦ ᠾᠧ ᠶᠢᠩ ᠲᠤᠰᠬᠤᠨ ᠪᠠ ᠳᠡᠭᠡᠷ᠎ᠡ ᠲᠣᠬᠤᠢ ᠲᠤᠰᠬᠤᠨ ᠳᠤ ᠬᠦᠷᠴᠤ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠤ ᠦᠢᠯᠡᠰ ᠢᠶᠠᠷ ᠶᠠᠳᠠᠭᠤ ᠵᠢ‌‍ᠲ᠋ᠡᠳᠬᠦᠭᠰᠡᠨ ᠦᠷ᠎ᠡ ᠪᠥᠲᠦᠮᠵᠢ᠂ ᠯᠠᠪᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠵᠢᠷᠦᠮᠵᠢᠯ ᠵᠡᠷᠭᠡ ᠪᠠᠶᠢᠳᠠᠯ ᠢ ᠨᠠᠷᠢᠯᠢᠭ ᠣᠶᠢᠯᠭᠠᠭᠰᠠᠨ ᠪᠥᠭᠡᠳ 71 ᠨᠠᠰᠤᠲᠠᠢ ᠶᠠᠳᠠᠭᠤ ᠬᠦᠢᠷᠳᠡᠯᠲᠠᠢ ᠡᠷᠦᠬᠡ ᠬᠤ᠋ ᠭᠦᠢ ᠯᠢᠨ ᠤ ᠭᠡᠷ ᠲᠤ ᠬᠦᠷᠴᠤ ᠲᠡᠭᠦᠨ ᠤ ᠬᠥᠭᠰᠢᠨ  ᠲᠠᠢ ᠳᠣᠲᠤᠨᠤᠰᠤᠭ ᠶᠠᠷᠢᠯᠴᠠᠵᠤ᠂ ᠭᠡᠷ ᠪᠦᠯᠢ ᠶᠢᠨ ᠬᠢᠨ ᠤ ᠣᠷᠤᠯᠭ᠎ᠠ ᠶᠢᠨ ᠢᠷᠡᠯᠲᠡ ᠪᠠ ᠬᠠᠪᠰᠤᠷᠤᠨ ᠲᠡᠳᠬᠦᠵᠤ ᠪᠠᠶᠢᠭ᠎ᠠ ᠪᠠᠶᠢᠳᠠᠯ ᠵᠡᠷᠭᠡ ᠶᠢ ᠯᠠᠪᠯᠠᠨ ᠠᠰᠠᠭᠤᠭᠰᠠᠨ ᠪᠥᠭᠡᠳ ᠨᠠᠮ ᠪᠠ ᠵᠠᠰᠠᠭ ᠤᠨ ᠰᠠᠶᠢᠨ ᠲᠥᠷᠦ ᠶᠢᠨ ᠪᠣᠳᠤᠯᠭ᠎ᠠ ᠶᠢᠨ ᠬᠠᠪᠰᠤᠷᠤᠯᠭ᠎ᠠ  ᠳᠡᠮᠵᠢᠯᠭᠡ ᠳᠣᠣᠷ᠎ᠠ᠂ ᠰᠠᠶᠢᠲᠤᠷ ᠴᠢᠷᠮᠠᠶᠢᠪᠠᠯ ᠯᠠᠪᠲᠠᠢ ᠨᠡᠩ ᠰᠠᠶᠢᠨ ᠰᠠᠶᠢᠬᠠᠨ ᠠᠮᠢᠳᠤᠷᠠᠯ ᠢ ᠡᠳᠡᠯᠵᠤ ᠴᠢᠳᠠᠨ᠎ᠠ ᠭᠡᠵᠤ ᠵᠣᠷᠢᠭᠵᠢᠭᠤᠯᠪᠠ᠃      ᠪᠠᠶᠢᠴᠠᠭᠠᠨ ᠰᠣᠳᠤᠯᠤᠯᠲᠠ ᠳᠣᠮᠳᠠ᠂ ᠹᠧᠩ ᠢᠣᠢ ᠵᠧᠨ ᠳᠡᠭᠡᠷ᠎ᠡ ᠲᠣᠬᠤᠢ ᠰᠢᠶᠠᠩ ᠤᠨ《 ᠨᠠᠮ ᠤᠨ ᠪᠥᠲᠦᠭᠡᠨ ᠪᠠᠶᠢᠭᠤᠯᠤᠯᠲᠠ + ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ》 ᠶᠢᠨ ᠶᠡᠷᠦᠩᠬᠡᠢ ᠰᠡᠳᠬᠢᠮᠵᠢ ᠵᠢᠴᠢ ᠠᠷᠭ᠎ᠠ ᠠᠪᠴᠠᠯ ᠢ ᠰᠣᠨᠤᠰᠪᠠ᠃ ᠲᠤᠰ ᠰᠢᠶᠠᠩ ᠤᠨ ᠶᠠᠳᠠᠭᠤ ᠬᠦᠴᠢᠷᠳᠡᠯᠲᠠᠢ ᠡᠷᠦᠬᠡ ᠶᠢ ᠵᠣᠷᠢᠭᠵᠢᠭᠤᠯᠤᠨ ᠤᠷᠭᠠᠨᠢᠭ ᠨᠠᠷᠢᠮᠤ᠂ ᠨᠣᠬᠠᠢ ᠶᠢᠨ ᠬᠤᠰᠢᠭᠤ ᠲᠠᠷᠢᠭᠤᠯᠤᠭᠰᠠᠨ᠂ ᠢᠳᠡᠭᠡᠨ ᠤ ᠮᠥᠭᠦ᠂ ᠬᠠᠷ᠎ᠠ ᠴᠢᠨ᠋ᠸ᠎ᠠ ᠶᠢᠨ ᠬᠠᠷᠮᠠᠭ ᠵᠡᠷᠭᠡ ᠪᠣᠬᠢᠷᠳᠤᠯ ᠦᠭᠡᠢ ᠢᠳᠡᠭᠡᠨ᠂ ᠤᠨᠴᠠᠯᠢᠭᠲᠤ ᠲᠠᠷᠢᠶᠠᠯᠠᠩ ᠵᠡᠷᠭᠡ ᠪᠠᠷ ᠤᠯᠠᠮᠵᠢᠯᠠᠯᠲᠤ ᠠᠵᠤ ᠦᠢᠯᠡᠰ ᠤᠨ ᠦᠷ᠎ᠡ ᠪᠥᠲᠦᠮᠵᠢ ᠶᠢᠨ ᠳᠡᠭᠡᠭᠰᠢᠯᠡᠯᠲᠡ ᠶᠢ ᠠᠬᠢᠭᠤᠯᠤᠭᠰᠠᠨ︔ ᠠᠵᠤ ᠦᠢᠯᠡᠰ ᠤᠨ ᠤᠳᠤᠷᠢᠳᠤᠮᠵᠢ᠂ ᠬᠠᠷᠢᠯᠴᠠᠨ ᠬᠠᠪᠰᠤᠷᠤᠯᠴᠠᠬᠤ ᠵᠢᠭᠡᠯᠡᠯᠭᠡ ᠶᠢᠨ ᠳᠡᠮᠵᠢᠯᠭᠡ᠂ ᠣᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠠᠷᠭ᠎ᠠ ᠠᠪᠴᠠᠯ ᠢᠶᠠᠷ ᠶᠠᠳᠠᠭᠤ ᠶᠢ ᠲᠡᠳᠬᠦᠬᠦ ᠲᠥᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠭᠰᠠᠨ︔ ᠵᠦᠷᠢᠶᠡᠨᠲᠤ ᠡᠳ᠋ ᠪᠤᠳᠠᠰ ᠤᠨ ᠬᠥᠬᠢᠭᠦᠯᠦᠯ ᠢ ᠬᠡᠷᠡᠭᠵᠢᠭᠦᠯᠬᠦ ᠪᠠ ᠫᠠᠶᠢᠰᠠ ᠡᠯᠭᠦᠨ ᠵᠢᠱᠢᠶ᠎ᠡ ᠦᠵᠡᠭᠦᠯᠬᠦ ᠵᠣᠷᠢᠭ ᠰᠠᠨᠠᠭ᠎ᠠ ᠶᠢ ᠠᠬᠢᠭᠤᠯᠵᠤ ᠪᠠᠷ ᠳᠠᠮᠵᠢᠨ᠂ ᠶᠠᠳᠠᠭᠤ ᠬᠦᠴᠢᠷᠳᠡᠯᠲᠠᠢ ᠬᠦᠮᠦᠰ ᠤᠨ ᠳᠤᠲᠤᠭᠠᠳᠤ ᠬᠦᠳᠡᠯᠭᠡᠬᠦ ᠬᠦᠴᠤ ᠶᠢ ᠬᠥᠭᠵᠢᠭᠡᠬᠦ ᠵᠡᠷᠭᠡ ᠦᠢᠯᠡ ᠠᠵᠢᠯᠯᠠᠭ᠎ᠠ ᠶᠢ ᠭᠦᠢᠴᠡᠳ ᠨᠣᠲᠠᠯᠠᠪᠠ᠃      ᠹᠧᠩ ᠢᠣᠢ ᠵᠧᠨ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ  ᠨᠢ ᠭᠤᠷᠪᠠᠨ ᠶᠡᠭᠡ ᠪᠣᠭᠤᠮᠲᠠ ᠰᠢᠪᠲᠤᠯᠤᠯᠲᠠ ᠶᠢᠨ ᠨᠢᠭᠡ ᠪᠣᠯᠤᠭᠰᠠᠨ ᠤ ᠬᠤᠪᠢ ᠳᠤ ᠠᠯᠤᠰ ᠬᠡᠳᠤ ᠶᠢᠨ ᠠᠴᠢ ᠬᠤᠯᠪᠤᠭᠳᠠᠯ ᠲᠠᠢ ᠪᠠᠶᠢᠵᠤ᠂ ᠬᠦᠴᠦᠨ ᠴᠢᠳᠠᠯ ᠤᠶᠤᠨ ᠤᠬᠠᠭᠠᠨ ᠢᠶᠠᠨ ᠰᠢᠪᠬᠠᠨ ᠰᠠᠶᠢᠲᠤᠷ ᠬᠢᠬᠦ ᠴᠢᠬᠤᠯᠠᠲᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠤᠸᠠᠷ ᠬᠠᠳᠬᠤᠬᠤ ᠵᠣᠷᠢᠭ ᠰᠠᠨᠠᠭ᠎ᠠ ᠪᠠᠷ ᠠᠯᠬᠤᠮ ᠠᠯᠬᠤᠮ ᠢᠶᠠᠷ᠂ ᠪᠠᠭ᠎ᠠ ᠪᠠᠭ᠎ᠠ ᠪᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ︔ ᠦᠷᠬᠦᠯᠵᠢᠯᠡᠨ ᠣᠨᠤᠪᠴᠢᠲᠠᠢ ᠪᠠᠷ ᠲᠥᠷᠦ ᠶᠢᠨ ᠪᠣᠳᠤᠯᠭ᠎ᠠ ᠶᠢ ᠬᠡᠷᠡᠭᠵᠢᠭᠦᠯᠵᠦ᠂ ᠨᠠᠷᠢᠯᠢᠭ᠂ ᠣᠨᠤᠪᠴᠢᠲᠠᠢ᠂ ᠪᠤᠳᠠᠲᠠᠢ᠂ ᠰᠠᠶᠢᠨ ᠭᠡᠬᠦ ᠳᠦᠷᠪᠡᠨ ᠦᠰᠦᠭ ᠤᠨ ᠪᠠᠷᠢᠮᠵᠢᠶ᠎ᠠ ᠪᠠᠷ ᠲᠥᠷᠦ ᠶᠢᠨ ᠪᠣᠳᠤᠯᠭ᠎ᠠ ᠪᠤᠯᠠᠭᠠᠨ ᠢ ᠰᠣᠳᠤᠯᠵᠤ᠂ ᠡᠷᠡᠭᠦᠯ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢ ᠪᠠᠲᠤᠯᠠᠬᠤ᠂ ᠠᠮᠤᠷ ᠲᠥᠪᠰᠢᠨ ᠣᠷᠤᠨ ᠰᠠᠭᠤᠴᠠ ᠶᠢ ᠪᠠᠲᠤᠯᠠᠬᠤ᠂ ᠠᠵᠢᠯ ᠣᠯᠭᠤᠵᠤ ᠠᠵᠢᠯ ᠤᠨ ᠪᠠᠶᠢᠷᠢ ᠬᠠᠩᠭᠠᠬᠤ ᠵᠡᠷᠭᠡ ᠲᠥᠷᠦ ᠶᠢᠨ ᠪᠣᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠦᠬᠡ ᠪᠦᠷᠢ ᠬᠥᠮᠦᠨ ᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠹᠧᠩ ᠢᠣᠢ ᠵᠧᠨ ᠴᠢᠩᠭᠠᠳᠬᠠᠭᠰᠠᠨ ᠨᠢ᠂ ᠢᠳᠡᠬᠡᠯ ᠪᠢᠰᠢᠷᠡᠯ ᠢᠶᠠᠨ ᠴᠢᠩᠭᠠᠳᠬᠠᠵᠤ᠂ ᠪᠥᠬᠦ ᠰᠢᠶᠠᠨ ᠤ ᠬᠦᠴᠦᠨ ᠢ ᠨᠢᠭᠡᠳᠬᠡᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠲᠡᠮᠡᠴᠡᠨ ᠣᠯᠬᠤ ᠬᠡᠷᠡᠭᠲᠡᠢ︔ ᠶᠠᠳᠠᠭᠤ ᠬᠦᠴᠢᠷᠳᠡᠯᠲᠠᠢ ᠰᠢᠶᠠᠨ ᠠᠴᠠ ᠤᠬᠤᠷᠢᠨ ᠭᠠᠷᠬᠤ ᠪᠠᠷᠢᠮᠵᠢᠶ᠎ᠠ ᠪᠠ ᠶᠠᠳᠠᠭᠤ ᠬᠦᠴᠢᠷᠳᠡᠯᠲᠠᠢ ᠣᠯᠠᠨ ᠲᠦᠮᠡᠨ ᠢ ᠪᠠᠶᠠᠵᠢᠭᠤᠯᠬᠤ ᠱᠠᠭᠠᠷᠳᠠᠯᠭ᠎ᠠ ᠶᠣᠰᠤᠭᠠᠷ᠂ ᠬᠠᠷᠢᠴᠠᠭᠤᠯᠤᠨ ᠬᠠᠷᠭᠤᠭᠤᠯᠵᠤ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠶᠢᠨ ᠮᠠᠯᠠᠭᠠᠢ ᠪᠠᠨ ᠲᠠᠶᠠᠭᠳᠠᠬᠤ ᠶᠢ ᠰᠠᠶᠢᠨ ᠠᠳᠬᠤᠬᠤ ᠬᠡᠷᠡᠭᠲᠡᠢ︔ ᠤᠬᠠᠭᠤᠯᠭ᠎ᠠ ᠶᠢᠨ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠢᠳᠡᠪᠬᠢᠵᠢᠯ ᠢ ᠳᠠᠶᠢᠴᠢᠯᠠᠵᠤ᠂ ᠶᠠᠳᠠᠭᠤ ᠬᠦᠴᠢᠷᠳᠡᠯᠲᠠᠢ ᠣᠯᠠᠨ ᠲᠦᠮᠡᠨ ᠤ ᠳᠣᠲᠤᠭᠠᠳᠤ ᠬᠦᠳᠡᠯᠭᠡᠬᠦ ᠬᠦᠴᠦᠨ ᠢ ᠴᠨᠠᠭᠰᠢᠲᠠ ᠨᠡᠮᠡᠭᠳᠡᠭᠦᠯᠵᠦ᠂ ᠰᠡᠳᠬᠢᠯ ᠨᠢᠭᠡᠳᠦᠨ ᠬᠦᠴᠦᠨ ᠬᠠᠮᠳᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号