ᠲᠥᠪ ᠤᠨ ᠡᠳ᠋ ᠤᠨ ᠵᠠᠰᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠤᠨ ᠦᠢᠯᠡᠴᠢᠯᠡᠭᠡᠨ ᠳᠤ ᠣᠷᠤᠯᠴᠠᠬᠤ ᠶᠢ ᠳᠡᠮᠵᠢᠬᠦ ᠲᠥᠷᠦᠯ ᠵᠦᠢᠯ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠡᠬᠢᠯᠡᠪᠡ
ᠨᠡᠶᠢᠲᠡᠯᠡᠭᠰᠡᠨ ᠴᠠᠭ᠄
2018-09-30
     ᠣᠶᠢᠷ᠎ᠠ ᠶᠢᠨ ᠡᠳᠤᠷ᠂ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠠᠴᠠ ᠡᠭᠦᠰᠭᠡᠭᠰᠡᠨ᠂ ᠬᠦᠬᠡᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠬᠦᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠠᠮᠵᠢᠨ ᠡᠷᠬᠢᠯᠡᠭᠰᠡᠨ᠂ ᠬᠦᠬᠡᠬᠤᠲᠠ ᠶᠢᠨ ᠳ᠋ᠧ ᠽᠧ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠦᠢᠯᠡᠴᠢᠯᠡᠭᠡᠨ ᠤ ᠲᠥᠪ ᠤᠨ ᠳᠠᠭᠠᠭᠠᠴᠢᠯᠠᠨ ᠬᠢᠭᠰᠡᠨ ᠲᠥᠪ ᠤᠨ ᠡᠳ᠋ ᠤᠨ ᠵᠠᠰᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠤᠨ ᠦᠢᠯᠡᠴᠢᠯᠡᠭᠡᠨ ᠳᠤ ᠣᠷᠤᠯᠴᠠᠬᠤ ᠶᠢ ᠳᠡᠮᠵᠢᠬᠦ ᠲᠥᠷᠦᠯ ᠵᠦᠢᠯ ᠭᠤᠷᠪᠠᠳᠤᠭᠠᠷ ᠪᠠᠭ᠎ᠠ ᠰᠤᠷᠭᠠᠭᠤᠯᠢ ᠳᠤ ᠡᠬᠢᠯᠡᠪᠡ᠂ ᠲᠤᠰ ᠲᠥᠷᠦᠯ ᠵᠦᠢᠯ ᠪᠣᠯ ᠤᠨᠴᠠᠭᠠᠢ ᠬᠦᠴᠢᠷᠳᠡᠯᠲᠠᠢ ᠬᠡᠤᠬᠡᠳ ᠵᠢᠴᠢ ᠭᠡᠷ ᠪᠦᠯᠢ ᠶᠢᠨ ᠨᠡᠶᠢᠭᠡᠮ ᠤᠨ ᠦᠢᠯᠡᠴᠢᠯᠡᠭᠡᠨ ᠤ ᠲᠤᠷᠰᠢᠯᠲᠠ ᠶᠢᠨ ᠴᠢᠭ᠋ ᠤᠨ ᠲᠥᠷᠦᠯ ᠵᠦᠢᠯ ᠪᠣᠯᠤᠨ᠎ᠠ᠃      ᠲᠤᠰ ᠡᠳᠤᠷ᠂ ᠬᠦᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠬᠤᠯᠪᠤᠭᠳᠠᠯ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠬᠦᠬᠡᠬᠤᠲᠠ ᠶᠢᠨ ᠳ᠋ᠧ ᠽᠧ ᠨᠡᠶᠢᠲᠡ ᠶᠢᠨ ᠠᠰᠠᠷᠠᠮᠵᠢ᠂ ᠥᠪᠦᠷ ᠮᠣᠩᠭᠤᠯ ᠤᠨ ᠮᠠᠰᠢᠨ ᠲᠡᠷᠭᠡᠨ ᠤ ᠬᠤᠶᠢᠲᠤ ᠵᠠᠬ᠎ᠠ ᠳᠡᠯᠭᠡᠭᠦᠷ ᠤᠨ ᠠᠵᠢᠯ ᠲᠥᠷᠦᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ᠂ ᠥᠪᠦᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠶᠢᠷ᠎ᠠ ᠬᠠᠯᠠᠮᠵᠢ ᠬᠦᠷᠭᠡᠬᠦ ᠲᠥᠯᠦᠭᠡᠯᠡᠭᠴᠢ ᠵᠡᠷᠭᠡ ᠬᠥᠮᠦᠰ ᠤᠷᠢᠳ ᠬᠤᠵᠢᠳ ᠶᠠᠷᠢᠶ᠎ᠠ ᠲᠠᠯᠪᠢᠭᠰᠠᠨ ᠪᠥᠭᠡᠳ ᠲᠠᠪᠤᠨ ᠲᠦᠮᠡ ᠢᠯᠡᠭᠦᠤ ᠲᠥᠭᠦᠷᠢᠭ ᠤᠨ ᠦᠷᠲᠡᠭ ᠪᠥᠬᠦᠢ ᠪᠢᠴᠢᠭ ᠤᠨ ᠬᠡᠷᠡᠭᠰᠡᠯ ᠬᠦᠷᠭᠡᠪᠡ᠃ ᠳᠠᠷᠠᠭ᠎ᠠ ᠨᠢ᠂ ᠬᠤᠲᠠ ᠶᠢᠨ ᠳ᠋ᠧ ᠽᠧ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠦᠢᠯᠡᠴᠢᠯᠡᠭᠡᠨ ᠤ ᠲᠥᠪ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠭᠡᠷ ᠳᠣᠲᠤᠷ᠎ᠠ ᠡᠮᠡᠭᠲᠡᠢ ᠬᠡᠣᠬᠡᠳ ᠢ ᠬᠠᠮᠠᠭᠠᠯᠠᠬᠤ᠂ ᠰᠡᠳᠬᠢᠴᠡ ᠶᠢᠨ ᠡᠷᠡᠭᠦᠯ ᠮᠡᠨᠳᠤ ᠶᠢᠨ ᠬᠥᠮᠦᠵᠢᠯ ᠪᠠ ᠭᠡᠷ ᠤᠨ ᠭᠠᠳᠠᠨ᠎ᠠ ᠰᠦᠷᠭᠡᠤ ᠬᠦᠴᠦ ᠶᠢ ᠡᠰᠡᠷᠭᠦᠴᠡᠬᠦ ᠰᠤᠷᠭᠠᠨ ᠬᠥᠮᠦᠵᠢᠯ᠂ ᠬᠡᠤᠬᠡᠳ ᠤᠨ ᠳᠤᠭᠤᠶᠢᠯᠠᠩ ᠤᠨ ᠨᠡᠶᠢᠭᠡᠮ ᠤᠨ ᠠᠵᠢᠯ ᠵᠡᠷᠭᠡ ᠬᠦᠳᠡᠯᠭᠡᠭᠡᠨ ᠥᠷᠨᠢᠭᠦᠯᠪᠡ᠃      ᠣᠶᠢᠯᠭᠠᠭᠰᠠᠨ ᠢᠶᠠᠷ᠂ ᠲᠥᠪ ᠤᠨ ᠡᠳ᠋ ᠤᠨ ᠵᠠᠰᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠤᠨ ᠦᠢᠯᠡᠴᠢᠯᠡᠭᠡᠨ ᠳᠤ ᠣᠷᠤᠯᠴᠠᠬᠤ ᠲᠥᠷᠦᠯ ᠵᠦᠢᠯ ᠪᠣᠯ ᠪᠥᠬᠦ ᠤᠯᠤᠰ ᠲᠤ ᠬᠠᠨᠳᠤᠭᠤᠯᠤᠭᠰᠠᠨ ᠶᠠᠳᠠᠭᠤ ᠶᠢ ᠲᠡᠳᠬᠦᠬᠦ ᠲᠥᠷᠦᠯ ᠵᠦᠢᠯ ᠮᠦᠨ᠂ ᠲᠥᠷᠦᠯ ᠵᠦᠢᠯ ᠤᠨ ᠨᠢᠭᠡᠴᠡ ᠶᠢᠨ ᠠᠰᠢᠭ ᠬᠦᠷᠲᠡᠭᠰᠡᠨ ᠬᠡᠤᠬᠡᠳ ᠲᠤ ᠨᠡᠩ ᠣᠯᠠᠨ ᠬᠠᠶᠢᠷ᠎ᠠ ᠬᠠᠯᠠᠮᠵᠢ ᠣᠯᠭᠤᠬᠤ ᠪᠠᠷ ᠵᠣᠷᠢᠯᠭ᠎ᠠ ᠪᠠᠨ ᠪᠤᠯᠭᠠᠭᠰᠠᠨ ᠪᠠᠶᠢᠨ᠎ᠠ᠃ ᠬᠦᠬᠡᠬᠤᠲᠠ ᠶᠢᠨ ᠳ᠋ᠧ ᠽᠧ ᠣᠯᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠪ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠥᠬᠦ ᠲᠠᠯ᠎ᠠ ᠪᠠᠷ ᠡᠬᠢᠯᠡᠭᠦᠯᠬᠦ ᠳᠤ ᠣᠷᠤᠯᠴᠠᠵᠪᠠ᠂ ᠲᠤᠰ ᠲᠥᠪ ᠤᠨ ᠠᠵᠢᠯ  ᠨᠢ ᠨᠡᠶᠢᠭᠡᠮ ᠤᠨ ᠠᠵᠢᠯ᠂ ᠨᠡᠶᠢᠭᠡᠮ ᠤᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠶᠢᠨ ᠲᠤᠰᠠᠯᠠᠮᠵᠢ ᠵᠡᠷᠭᠡ ᠬᠦᠷᠢᠶᠡᠨ ᠳᠤ ᠬᠤᠯᠪᠤᠭᠳᠠᠵᠤ᠂ ᠤᠨᠴᠠᠭᠠᠶᠢᠯᠠᠨ 2018 ᠣᠨ ᠳᠤ ᠤᠯᠤᠰ ᠤᠨ ᠡᠳ᠋ ᠤᠨ ᠵᠠᠰᠠᠭ ᠤᠨ ᠳᠡᠮᠵᠢᠯᠭᠡ ᠶᠢ ᠣᠯᠵᠤ᠂ ᠲᠥᠪ ᠤᠨ ᠡᠳ᠋ ᠤᠨ ᠵᠠᠰᠠᠭ ᠤᠨ ᠳᠡᠮᠵᠢᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠶᠠᠳᠠᠭᠤ ᠬᠦᠴᠢᠷᠳᠡᠯᠲᠠᠢ ᠬᠡᠤᠬᠡᠳ ᠵᠢᠴᠢ ᠭᠡᠷ ᠪᠦᠯᠢ ᠳᠤ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡᠨ ᠤ ᠲᠥᠷᠦᠯ ᠵᠦᠢᠯ ᠪᠣᠯᠪᠠ᠃ ᠬᠡᠷᠡᠭᠵᠢᠭᠦᠯᠬᠦ ᠬᠡᠪᠴᠢᠶ᠎ᠡ ᠨᠢ ᠭᠤᠣᠯᠳᠠᠭᠤ ᠬᠦᠬᠡᠬᠤᠲᠠ ᠵᠢᠴᠢ ᠬᠠᠵᠠᠭᠤ ᠬᠠᠪᠢ ᠶᠢᠨ ᠭᠠᠵᠠᠷ ᠣᠷᠤᠨ ᠪᠠᠶᠢᠵᠤ᠂ ᠠᠰᠢᠭ ᠬᠦᠷᠲᠡᠬᠦ ᠡᠳᠡᠬᠡᠳ ᠲᠤ ᠭᠤᠣᠯᠳᠠᠭᠤ ᠭᠡᠷ ᠲᠡᠭᠡᠨ ᠬᠤᠴᠤᠷᠤᠭᠰᠠᠨ᠂ ᠰᠢᠯᠵᠢᠮᠡᠯ᠂ ᠮᠣᠬᠤᠷᠳᠠᠯ ᠳᠤ ᠤᠴᠠᠷᠠᠭᠰᠠᠨ ᠬᠡᠤᠬᠡᠳ ᠵᠢᠴᠢ ᠭᠠᠳᠠᠨ᠎ᠠ ᠠᠴᠠ ᠢᠷᠡᠵᠤ ᠠᠵᠢᠯ ᠬᠦᠳᠡᠯᠮᠦᠷᠢ ᠬᠢᠵᠤ ᠪᠠᠶᠢᠭ᠎ᠠ ᠨᠠᠰᠤᠨ ᠳᠤ ᠥᠯᠦ ᠬᠦᠷᠦᠭᠰᠡᠳ ᠤᠨ ᠦᠷ᠎ᠡ ᠬᠡᠤᠬᠡᠳ ᠵᠢᠴᠢ ᠭᠡᠷ ᠪᠦᠯᠢ ᠪᠠᠭᠲᠠᠨ᠎ᠠ᠃      ᠣᠶᠢᠯᠭᠠᠭᠰᠠᠨ ᠢᠶᠠᠷ᠂ ᠡᠨᠡᠬᠦ ᠲᠲᠥᠷᠦᠯ ᠵᠦᠢᠯ ᠨᠢ 44 ᠲᠠᠯᠠᠪᠤᠷ ᠠᠵᠢᠯᠯᠠᠭ᠎ᠠ ᠦᠷᠨᠢᠭᠦᠯᠬᠦ ᠪᠣᠯᠤᠨ᠎ᠠ᠂ ᠭᠤᠣᠯᠳᠠᠭᠤ ᠭᠡᠷ ᠪᠦᠯᠢ ᠶᠢᠨ ᠰᠤᠷᠭᠠᠨ ᠬᠥᠮᠦᠵᠢᠯ᠂ ᠥᠪᠡᠷ ᠢ ᠪᠠᠨ ᠬᠠᠮᠠᠭᠠᠯᠠᠬᠤ ᠰᠤᠷᠭᠠᠨ ᠬᠥᠮᠦᠵᠢᠯ᠂ ᠬᠡᠪ ᠴᠢᠨᠠᠷ ᠤᠨ ᠰᠤᠷᠭᠠᠨ ᠬᠥᠮᠦᠵᠢᠯ᠂ ᠬᠡᠤᠬᠡᠳ ᠤᠨ ᠳᠤᠭᠤᠶᠢᠯᠠᠩ ᠤᠨ ᠨᠡᠶᠢᠭᠡᠮ ᠤᠨ ᠠᠵᠢᠯ᠂ ᠰᠦᠷᠭᠡᠤ ᠬᠦᠴᠦᠨ ᠢ ᠡᠰᠡᠷᠭᠦᠴᠡᠬᠦ ᠪᠣᠯᠪᠠᠰᠤᠷᠠᠯ ᠰᠤᠷᠭᠠᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠤ ᠶᠢᠨ ᠵᠢᠯᠤᠭᠤᠳᠤᠯᠭ᠎ᠠ ᠵᠡᠷᠭᠡ ᠠᠵᠢᠯᠯᠠᠭ᠎ᠠ ᠪᠣᠢ᠂ ᠠᠰᠢᠭ ᠬᠦᠷᠲᠡᠭᠰᠡᠳ ᠤᠨ ᠲᠤᠭ᠎ᠠ 2  ᠮᠢᠩᠭ᠎ᠠ ᠭᠠᠷᠤᠢ ᠬᠦᠮᠦᠨ ᠬᠦᠷᠴᠤ᠂ ᠲᠤᠰ ᠡᠳᠤᠷ ᠦᠴᠦᠸᠠᠨ ᠰᠢᠶᠠᠨ ᠳᠤ ᠨᠡᠶᠢᠲᠡ 1400  ᠬᠦᠮᠦᠨ ᠳᠤ ᠦᠢᠯᠡᠴᠢᠯᠡᠭᠡ ᠬᠠᠩᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号