ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨ ᠬᠤᠲᠠ ᠪᠠᠯᠭᠠᠰᠣᠨ ᠤ ᠬᠠᠭᠤᠴᠢᠷᠠᠭᠰᠠᠨ ᠬᠤᠭᠤᠯᠠᠶ ᠲᠣᠤᠷ ᠢ ᠥᠭᠡᠷᠡᠴᠢᠯᠡᠬᠦ ᠲᠣᠬᠠᠢ ᠵᠥᠪᠳᠡᠯᠴᠡᠨ ᠶᠠᠷᠢᠯᠴᠠᠬᠤ ᠰᠠᠭᠤᠳᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-09-04
     8 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨ  ᠬᠤᠲᠠ ᠪᠠᠯᠭᠠᠰᠣᠨ ᠤ ᠬᠠᠭᠤᠴᠢᠷᠠᠭᠰᠠᠨ ᠬᠤᠭᠤᠯᠠᠶ ᠲᠣᠤᠷ ᠢ ᠥᠭᠡᠷᠡᠴᠢᠯᠡᠬᠦ ᠲᠣᠬᠠᠢ ᠵᠥᠪᠳᠡᠯᠴᠡᠨ ᠶᠠᠷᠢᠯᠴᠠᠬᠤ ᠰᠠᠭᠤᠳᠠᠯ ᠤᠨ ᠬᠤᠷᠠᠯ ᠬᠤᠷᠠᠯᠳᠣᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠠᠨ ᠴᠠᠩ ᠭᠧᠨ ᠬᠤᠷᠠᠯ ᠡᠷᠬᠢᠯᠡᠵᠦ᠂ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠴᠧᠩ ᠹᠠ ᠺᠣᠮᠫᠠᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠦᠭᠡᠭᠡᠯ ᠤᠰᠤᠨ ᠤ ᠺᠣᠮᠫᠠᠨᠢ ᠪᠠ ᠳ᠋ᠠ ᠵᠦᠩ ᠢᠯᠴᠢ ᠶᠢᠨ ᠬᠦᠴᠦᠨ ᠤ ᠺᠣᠮᠫᠠᠨᠢ ᠶᠢᠨ ᠬᠠᠮᠢᠶ᠎ᠠ ᠪᠦᠬᠦᠢ  ᠬᠠᠷᠢᠭᠤᠴᠠᠯᠭᠠᠲᠠᠳ ᠤᠨ ᠬᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰ ᠲᠤᠰ ᠰᠣᠨᠣᠰᠪᠠ︔ ᠲᠡᠷᠠᠭ᠎ᠠ ᠨᠢ᠂ ᠭᠡᠰᠢᠭᠦᠳ ᠪᠣᠯᠤᠨ ᠳᠥᠷᠪᠡᠨ ᠨᠢᠭᠡᠴᠡ ᠶᠢᠨ ᠬᠠᠷᠢᠭᠤᠴᠠᠯᠭᠠᠲᠠᠨ ᠵᠥᠪᠯᠡᠬᠦ ᠰᠡᠳᠦᠪ ᠤᠨ ᠲᠣᠭᠤᠷᠢᠨ ᠳᠤ ᠥᠪᠡᠷ ᠥᠪᠡᠷ ᠤᠨ ᠰᠠᠨᠠᠯ ᠢᠶᠠᠨ ᠶᠠᠷᠢᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ᠂ ᠰᠠᠶᠢᠨ ᠠᠷᠭ᠎ᠠ ᠠᠪᠴᠠᠯ ᠳᠤᠷᠠᠳᠤᠭᠰᠠᠨ ᠪᠠᠶᠢᠨ᠎ᠠ᠃      ᠯᠠᠨ ᠴᠠᠩ ᠭᠧᠨ ᠵᠢᠭᠠᠵᠣ ᠭᠠᠷᠭᠠᠭᠰᠠᠨ ᠨᠢ᠂ ᠬᠤᠲᠠ ᠪᠠᠯᠭᠠᠰᠤ ᠶᠢᠨ ᠤᠰᠤ ᠬᠠᠩᠭᠠᠬᠤ᠂ ᠢᠯᠴᠢ ᠬᠦᠷᠭᠡᠬᠦ᠂ ᠤᠰᠤ ᠲᠠᠲᠠᠷᠠᠭᠤᠯᠬᠤ ᠵᠡᠷᠭᠡ ᠬᠤᠭᠤᠯᠠᠶ ᠲᠣᠣᠷ ᠤᠨ ᠠᠴᠢ ᠲᠤᠰᠠ ᠭᠠᠷᠬᠤ ᠡᠰᠡᠬᠦ ᠨᠢ ᠠᠷᠠᠳ ᠢᠷᠭᠡᠳ ᠨᠢᠭᠡᠪᠦᠷᠢ ᠶᠢᠨ ᠠᠮᠢ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠡᠶ᠎ᠡ ᠵᠣᠬᠢᠴᠠᠯ ᠲᠠᠢ ᠨᠡᠶᠢᠭᠡᠮ ᠢ ᠰᠠᠶᠢᠲᠣᠷ ᠪᠦᠲᠦᠭᠡᠨ ᠪᠠᠶᠢᠭᠤᠯᠬᠤ ᠪᠠ ᠠᠷᠠᠳ ᠤᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠮᠥᠨ ᠭᠡᠵᠡᠢ᠃ ᠭᠡᠰᠢᠭᠦᠳ ᠢᠳᠡᠪᠬᠢᠲᠡᠢ ᠪᠠᠷ ᠠᠷᠭ᠎ᠠ ᠪᠣᠳᠣᠯᠭ᠎ᠠ ᠭᠠᠷᠭᠠᠵᠤ᠂ ᠮᠠᠰᠢ ᠤᠯᠠᠨ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠬᠤᠷᠠᠯ ᠤᠨ ᠳᠠᠷᠠᠭ᠎ᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠩᠭᠤᠶᠢᠯᠠᠵᠤ᠂ ᠮᠠᠲ᠋ᠧᠷᠢᠶᠠᠯ ᠤᠨ ᠬᠡᠯᠪᠡᠷᠢ ᠪᠠᠷ ᠳᠡᠭᠡᠭᠰᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠵᠤ ᠦᠨᠳᠦᠰᠦ ᠪᠠᠷᠢᠮᠲᠠ ᠬᠠᠩᠭᠠᠬᠤ ᠳᠤ ᠪᠡᠯᠡᠬᠡᠨ ᠪᠣᠯᠭᠠᠪᠠ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号