ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠭᠤᠷᠪᠠᠳᠣᠭᠠᠷ ᠤᠯᠠᠷᠢᠯ ᠤᠨ ᠠᠶᠣᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠣᠲᠠᠰᠣᠲᠣ ᠬᠤᠷᠠᠯ ᠢ ᠬᠦᠯᠢᠶᠡᠨ ᠠᠪᠴᠣ ᠰᠣᠨᠣᠰᠪᠠ
ᠨᠡᠶᠢᠲᠡᠯᠡᠭᠰᠡᠨ ᠴᠠᠭ᠄
2018-09-04
     8 ᠳ᠋ᠤᠭᠠᠷ ᠰᠠᠷ᠎ᠠ ᠶᠢᠨ 30 ᠤ ᠡᠳᠦᠷ᠂ ᠬᠤᠷᠢᠨᠭᠡᠷ ᠰᠢᠶᠠᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ ᠵᠢᠷᠭᠤᠳᠣᠭᠠᠷ ᠳᠠᠪᠬᠤᠷᠭ᠎ᠠ ᠶᠢᠨ ᠬᠤᠷᠠᠯ ᠤᠨ ᠭᠡᠷ ᠤᠨ ᠬᠤᠪᠢᠶᠠᠷᠢ ᠬᠤᠷᠠᠯ ᠤᠨ ᠲᠠᠯᠠᠪᠣᠷ ᠲᠤ ᠦᠪᠡᠷᠳᠡᠭᠡᠨ ᠵᠠᠰᠠᠬᠤ ᠤᠷᠤᠨ ᠤ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠣᠲᠠᠰᠣᠲᠣ ᠬᠤᠷᠠᠯ ᠢ ᠬᠦᠯᠢᠶᠡᠨ ᠠᠪᠴᠣ ᠰᠣᠨᠣᠰᠪᠠ᠃ ᠬᠤᠷᠠᠯ ᠤᠨ ᠭᠤᠣᠯ ᠠᠭᠤᠯᠭ᠎ᠠ ᠨᠢ ᠶᠡᠷᠦᠩᠬᠡᠢ ᠱᠦᠵᠢ ᠰᠢ ᠶᠢᠨ ᠫᠢᠡᠭ᠂ ᠶᠠᠷᠦᠩᠬᠡᠢ ᠰᠠᠶᠢᠳ ᠯᠢ ᠺᠧ ᠴᠢᠶᠠᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠣᠯᠣᠨ ᠪᠦᠬᠦ ᠣᠯᠣᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠣᠲᠠᠰᠣᠲᠣ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠵᠣ᠂1 —7 ᠳ᠋ᠤᠭᠠᠷ ᠰᠠᠷ᠎ᠠ ᠶᠢᠨ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠤᠳᠤᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠬᠦᠨᠵᠡᠬᠡᠢ ᠵᠠᠳᠠᠯᠵᠤ᠂ ᠳᠠᠷᠠᠭᠠᠴᠢ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠣᠯᠲᠠ ᠬᠢᠬᠦ ᠪᠣᠯᠣᠨ᠎ᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠦᠸᠠᠢ ᠵᠢᠶᠦ᠋ᠨ ᠬᠤᠷᠠᠯ ᠳᠤ ᠤᠷᠤᠯᠴᠠᠵᠤ᠂ ᠪᠦ᠋ ᠰᠢᠶᠤᠤ ᠯᠢᠨ ᠲᠡᠷᠢᠬᠦᠯᠡᠭᠴᠢ ᠶᠢᠨ ᠴᠢᠬᠤᠯᠠ ᠴᠤᠬᠤᠯᠠᠪᠤᠷᠢ ᠶᠢ ᠤᠯᠠᠮᠵᠢᠯᠠᠭᠰᠠᠨ ᠪᠦᠬᠡᠳ ᠶᠠᠷᠢᠶ᠎ᠠ ᠳᠠᠯᠪᠢᠪᠠ᠃      ᠪᠦ᠋ ᠰᠢᠶᠤᠤ ᠯᠢᠨ ᠴᠤᠬᠤᠯᠠᠪᠤᠷᠢ ᠳᠤ ᠪᠠᠨ ᠵᠢᠭᠠᠵᠣ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠵᠤᠯ ᠵᠢᠷᠭᠠᠯ ᠲᠠᠢ ᠬᠤᠯᠪᠤᠭᠳᠠᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠳᠠᠯ᠎ᠠ ᠲᠠᠢ ᠬᠤᠯᠪᠤᠭᠳᠠᠵᠤ ᠪᠠᠶᠢᠳᠠᠭ ᠠᠴᠠ ᠦᠴᠦᠭᠡᠨ ᠲᠡᠳᠤᠢ ᠴᠤ ᠰᠤᠯᠠᠷᠠᠭᠤᠯᠵᠤ ᠪᠤᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠶᠡᠷᠦᠩᠬᠡᠢ ᠱᠦᠵᠢ ᠰᠢ ᠶᠢᠨ ᠫᠢᠡᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠣᠣᠱᠯᠠᠭᠤᠯᠵᠣ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠮᠦᠷ ᠲᠦᠪᠰᠢᠨ ᠬᠦᠭᠵᠢᠯᠳᠡ ᠶᠢᠨ ᠤᠨᠤᠯᠵᠢᠬᠤᠨ ᠢ ᠪᠠᠳᠤ ᠪᠤᠢ ᠪᠤᠯᠭᠠᠵᠤ᠂ ᠤᠷᠤᠨ ᠨᠤᠳᠤᠬ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ ᠬᠦᠷᠢᠶ᠎ᠠ ᠴᠠᠷᠠᠭ᠎ᠠ ᠶᠢᠨ ᠳᠤᠰᠬᠠᠢ ᠲᠦᠷᠦᠯ ᠤᠨ ᠴᠡᠭᠴᠡᠯᠡᠨ ᠵᠠᠰᠠᠯᠳᠠ ᠶᠢ ᠳᠤᠪᠤᠶᠢᠯᠭᠠᠨ ᠰᠠᠶᠢᠲᠤᠷ ᠠᠳᠬᠤᠵᠤ᠂ ᠬᠢᠨᠠᠨ ᠬᠠᠮᠢᠶᠠᠷᠴᠦ ᠬᠠᠤᠯᠢ ᠬᠡᠷᠡᠭᠵᠢᠬᠦᠯᠬᠦ᠂ ᠠᠮᠦᠷ ᠲᠦᠪᠰᠢᠨ ᠤ ᠠᠶᠤᠯ ᠲᠦᠭᠰᠢᠬᠦᠷᠢ ᠶᠢ ᠬᠠᠮᠢᠶᠠᠷᠴᠦ ᠡᠵᠡᠮᠳᠡᠬᠦ ᠪᠠ ᠬᠡᠮ ᠰᠤᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠦᠨᠳᠤ ᠨᠤᠴᠢᠳᠠᠢ ᠤᠨᠴᠠ ᠶᠡᠭᠡ ᠠᠳᠡᠯ ᠡᠬᠦᠰᠬᠦ ᠶᠢ ᠴᠢᠩᠭ᠎ᠠ ᠰᠡᠷᠭᠡᠶᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠠᠬᠢᠭᠤᠯᠬᠤ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠠᠢ ᠭᠡᠵᠡᠢ᠃      ᠬᠤᠷᠠᠯ ᠠᠴᠠ ᠵᠢᠭᠠᠵᠣ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠠᠷᠠᠳ ᠤᠯᠠᠨ ᠤ ᠠᠮᠦᠷ ᠲᠦᠪᠰᠢᠨ ᠲᠠᠢ ᠬᠤᠯᠪᠤᠭᠳᠠᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠳᠠᠯ᠎ᠠ ᠲᠠᠢ ᠬᠤᠯᠪᠤᠭᠳᠠᠨ᠎ᠠ᠃ ᠡᠨᠡ ᠵᠢᠯ ᠠᠴᠠ ᠨᠠᠰᠢ᠂ ᠪᠦᠬᠦ ᠣᠷᠣᠨ ᠤ ᠠᠶᠣᠯᠭᠦᠢ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠲᠣᠭᠲᠠᠭᠤᠨ ᠪᠠᠶᠢᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠭᠰᠤᠴᠠ ᠪᠠᠨ ᠦᠨᠡᠨᠬᠦ ᠳᠡᠭᠡᠭᠰᠢᠯᠡᠬᠦᠯᠵᠤ᠂ ᠬᠠᠷᠢᠭᠤᠴᠠᠯᠭ᠎ᠠ ᠪᠠᠨ ᠴᠢᠩᠭᠠᠳᠬᠠᠨ ᠬᠤᠷᠢᠭ᠎ᠠ ᠱᠤᠭᠤᠮ ᠢ ᠪᠠᠳᠤ ᠰᠠᠬᠢᠵᠤ ᠲᠦᠷᠢᠮ ᠢ ᠳᠡᠬᠦᠯᠳᠡᠷᠵᠢᠬᠦᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠴᠦᠭᠡᠨ ᠴᠤ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠯᠭᠠᠮ᠎ᠠ ᠪᠠᠶᠢᠳᠠᠯ ᠢ ᠰᠡᠷᠭᠡᠭ ᠢᠶᠠᠷ ᠳᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠭᠤᠤᠯᠳᠠᠯᠭ᠎ᠠ ᠲᠠᠢ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠬᠦᠯᠵᠢᠯᠡᠨ ᠰᠠᠶᠢᠲᠤᠷ ᠬᠢᠵᠤ᠂ ᠠᠮᠦᠷ ᠲᠦᠪᠰᠢᠨ ᠤ ᠬᠡᠮ ᠰᠤᠭᠤᠭ ᠤᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠳᠠᠢ ᠪᠠᠷ ᠦᠷᠨᠢᠬᠦᠯᠵᠤ᠂ ᠠᠮᠦᠷ ᠲᠦᠪᠰᠢᠨ ᠤ ᠴᠡᠭᠴᠡᠯᠡᠨ ᠵᠠᠰᠠᠯᠳᠠ ᠶᠢᠨ ᠠᠵᠢᠯ ᠢ ᠪᠠᠶᠢᠩᠭᠤ ᠶᠢᠨ ᠴᠢᠨᠠᠷᠳᠠᠢ ᠪᠠᠷ ᠠᠬᠢᠭᠤᠯᠵᠤ᠂ ᠠᠶᠣᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠬᠦᠯᠦᠯᠳᠡ ᠶᠢ ᠪᠠᠶᠢᠩᠭᠤ ᠶᠢᠨ ᠴᠢᠨᠠᠷᠳᠠᠢ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠳᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠳᠠᠢ ᠪᠠᠷ ᠴᠢᠩᠭᠠᠳᠬᠠᠵᠤ᠂ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯ ᠢ ᠪᠠᠶᠢᠩᠭᠤ ᠶᠢᠨ ᠴᠢᠨᠠᠷᠳᠠᠢ ᠪᠠᠷ ᠰᠠᠶᠢᠲᠤᠷ ᠬᠢᠵᠤ᠂ ᠪᠦᠬᠦ ᠵᠢᠯ ‍ᠤᠨ‌ᠠᠶᠣᠯᠭᠦᠢ ᠦᠢᠯᠡᠳᠪᠦᠷᠢᠯᠡᠯ ᠤᠨ ᠪᠠᠶᠢᠳᠠᠯ ᠤᠨ ᠳᠤᠭᠳᠠᠭᠤᠨ ᠪᠠᠶᠢᠬᠤ ᠶᠢ ᠪᠠᠳᠤᠯᠠᠬᠤ ᠬᠡᠷᠡᠭᠳᠠᠢ ᠭᠡᠵᠡᠢ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ᠂ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠴᠧᠨ ᠯᠢ ᠶᠢᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᠯᠢᠨ ᠯᠢᠨ᠂ ᠰᠢᠶᠠᠨ ᠤ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠭᠦᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号