ᠦᠴᠦᠸᠠᠨ ᠰᠢᠶᠠᠨ ᠤ  ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠩᠬᠢ ᠣᠯᠠᠨ ᠠᠷᠭ᠎ᠠ ᠠᠪᠴᠠᠯ ᠢᠶᠠᠷ《 ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ》ᠥᠭᠡᠷᠡᠴᠢᠯᠡᠯᠲᠡ ᠶᠢ ᠲᠥᠯᠬᠢᠨ ᠠᠬᠢᠭᠤᠯᠪᠠ
ᠨᠡᠶᠢᠲᠡᠯᠡᠭᠰᠡᠨ ᠴᠠᠭ᠄
2018-09-04
     ᠳᠣᠲᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ《ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ〈ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ〉ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠳᠥᠭᠦᠮᠴᠢᠯᠡᠬᠦ ᠶᠢ ᠳᠡᠭᠡᠭᠰᠢᠯᠡᠭᠦᠯᠬᠦ ᠠᠷᠭ᠎ᠠ ᠠᠪᠴᠠᠯ》 ᠵᠢᠴᠢ ᠥᠪᠡᠷᠲᠡᠭᠡᠨ ᠵᠠᠰᠠᠬᠤ ᠣᠷᠤᠨ ᠤ ᠳᠣᠲᠤᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠢ ᠠᠵᠢᠯ ᠤᠨ ᠪᠠᠶᠢᠷᠢᠯᠠᠭᠤᠯᠤᠯᠲᠠ ᠶᠣᠰᠤᠭᠠᠷ᠂ ᠦᠴᠦᠸᠠᠨ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠩᠬᠢ《 20 ᠵᠣᠷᠪᠤᠰ ᠦᠭᠡᠷᠡᠴᠢᠯᠡᠨ ᠳᠥᠭᠦᠮᠴᠢᠯᠡᠬᠦ ᠠᠷᠭ᠎ᠠ ᠠᠪᠴᠠᠯ》 ᠢ ᠢᠳᠡᠪᠬᠢᠲᠠᠢ ᠠᠬᠢᠭᠤᠯᠵᠤ ᠠᠵᠢᠯ ᠢᠶᠠᠨ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠵᠤ᠂《ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ》ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃      《ᠢᠨᠲ᠋ᠧᠷ ᠰᠦᠯᠵᠢᠶ᠎ᠡ + ᠵᠠᠮ ᠬᠠᠷᠢᠯᠴᠠᠭᠠᠨ ᠤ ᠬᠠᠮᠢᠶᠠᠷᠤᠯᠲᠠ》 ᠶᠢ ᠪᠥᠬᠦ ᠲᠠᠯ᠎ᠠ ᠪᠠᠷ ᠠᠬᠢᠭᠤᠯᠪᠠ᠃ ᠦᠴᠦᠸᠠᠨ ᠰᠢᠶᠠᠨ ᠤ ᠵᠠᠮ ᠬᠠᠷᠢᠯᠴᠠᠭᠠᠨ ᠤ ᠠᠩᠬᠢ ᠶᠢᠨ ᠲᠡᠷᠭᠡ ᠬᠠᠮᠢᠶᠠᠷᠬᠤ ᠭᠠᠵᠠᠷ《 ᠢᠨᠲ᠋ᠧᠷ ᠰᠦᠯᠵᠢᠶ᠎ᠡ ᠶᠢᠨ ᠦᠢᠯᠡᠴᠢᠯᠡᠭᠡ ᠶᠢᠨ ᠲᠠᠪᠴᠠᠩ》ᠪᠠᠶᠢᠭᠤᠯᠵᠤ᠂《ᠰᠦᠯᠵᠢᠶᠡᠨ ᠳᠡᠭᠡᠷᠡᠬᠢ ᠲᠡᠷᠭᠡ ᠬᠠᠮᠢᠶᠠᠷᠬᠤ ᠭᠠᠵᠠᠷ》 ᠢ ᠲᠦᠭᠡᠮᠡᠯᠵᠢᠭᠦᠯᠵᠤ᠂ ᠣᠯᠠᠨ ᠲᠦᠮᠡᠨ ᠤ ᠪᠣᠯᠪᠠᠰᠤᠷᠠᠩᠭᠤᠢ ᠬᠡᠷᠡᠭᠯᠡᠬᠦ ᠪᠠ ᠰᠦᠯᠵᠢᠶᠡᠨ ᠳᠡᠭᠡᠷ᠎ᠡ ᠬᠤᠯᠪᠤᠭᠳᠠᠯ ᠪᠦᠬᠦᠢ ᠠᠵᠢᠯ  ᠭᠦᠢᠴᠡᠳᠬᠡᠬᠦ ᠳᠤ ᠳᠥᠭᠦᠮ ᠦᠵᠡᠭᠦᠯᠪᠡ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠩᠬᠢ ᠶᠢᠨ ᠸᠡᠶᠢᠴᠠᠲ ᠲᠠᠪᠴᠠᠩ  ᠬᠡᠷᠡᠭᠯᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠤᠬᠤ᠂ ᠠᠰᠠᠭᠤᠨ ᠯᠠᠪᠯᠠᠬᠤ᠂ ᠵᠠᠮ ᠬᠠᠷᠢᠯᠴᠠᠭᠠᠨ ᠤ ᠬᠠᠤᠯᠢ ᠵᠦᠷᠢᠴᠡᠭᠰᠡᠨ ᠬᠡᠷᠡᠭ ᠢ ᠰᠢᠢᠳᠪᠦᠷᠢᠯᠡᠬᠦ᠂ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠬᠦ ᠵᠡᠷᠭᠡ ᠲᠤᠬᠠᠶᠢᠯᠠᠭᠰᠠᠨ ᠠᠵᠢᠯ ᠢ ᠡᠷᠬᠢᠯᠡᠵᠤ᠂ ᠬᠤᠭᠤᠴᠠᠭ᠎ᠠ ᠶᠣᠰᠤᠭᠠᠷ ᠠᠵᠢᠯᠯᠠᠬᠤ ᠶᠢ ᠳᠡᠭᠡᠭᠰᠢᠯᠡᠭᠦᠯᠪᠡ᠂ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠣᠣᠯ ᠤᠨ ᠬᠡᠳᠤᠨ ᠠᠵᠢᠯᠯᠠᠬᠤ ᠡᠳᠤᠷ ᠵᠠᠷᠤᠴᠠᠭᠤᠯᠵᠤ ᠪᠠᠶᠢᠭᠰᠠᠨ ᠠᠴᠠ ᠪᠠᠨ ᠨᠢᠭᠡ ᠯᠡ ᠠᠵᠢᠯ ᠤᠨ ᠡᠳᠤᠷ ᠲᠤ ᠬᠢᠵᠤ ᠳᠠᠭᠤᠰᠬᠠᠬᠤ ᠪᠤᠯᠭᠠᠨ᠎ᠠ᠃ ᠴᠣ ᠰᠢᠨ᠎ᠡ ᠦᠢᠯᠡᠴᠢᠯᠡᠭᠡᠨ ᠤ ᠤᠬᠠᠭᠳᠠᠬᠤᠨ ᠢ ᠪᠤᠢ ᠪᠤᠯᠭᠠᠵᠤ᠂ ᠠᠷᠠᠳ ᠲᠤ ᠳᠥᠭᠦᠮ ᠦᠵᠡᠭᠦᠯᠵᠤ ᠠᠰᠢᠭ ᠬᠦᠷᠲᠡᠭᠡᠬᠦ ᠦᠢᠯᠡᠴᠢᠯᠡᠭᠡᠨ ᠤ ᠵᠠᠮ ᠢ ᠦᠷᠭᠡᠳᠬᠡᠪᠡ᠃ ᠳᠠᠭᠠᠳᠬᠠᠯ᠂ ᠡᠮᠴᠢᠯᠡᠭᠡᠨ ᠤ ᠪᠠᠶᠢᠭᠤᠯᠤᠮᠵᠢ ᠶᠢᠨ ᠲᠡᠷᠭᠡ ᠬᠠᠮᠢᠶᠠᠷᠬᠤ ᠭᠠᠵᠠᠷ ᠲᠤ ᠣᠷᠤᠵᠤ ᠰᠠᠭᠤᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠠᠵᠢᠯ ᠭᠦᠢᠴᠡᠳᠭᠡᠬᠦ ᠣᠯᠠᠨ ᠲᠥᠮᠡᠨ ᠳᠤ ᠲᠡᠷᠭᠡᠨ ᠬᠦᠰᠭᠡ ᠶᠢᠨ ᠳᠠᠭᠠᠳᠬᠠᠯ᠂ ᠪᠡᠶ᠎ᠡ ᠪᠠᠶᠢᠴᠠᠭᠠᠬᠤ ᠦᠢᠯᠡᠴᠢᠯᠡᠭᠡ ᠬᠠᠩᠭᠠᠵᠤ᠂ ᠣᠯᠠᠨ ᠲᠥᠮᠡᠨ ᠤ ᠠᠳᠠᠯᠢ ᠪᠤᠰᠤ ᠱᠠᠭᠠᠷᠳᠠᠯᠭ᠎ᠠ ᠶᠢ ᠬᠠᠩᠭᠠᠪᠠ︔ ᠵᠠᠮ ᠬᠠᠷᠢᠯᠴᠠᠭᠠᠨ ᠤ ᠬᠠᠤᠯᠢ ᠶᠢ ᠵᠦᠷᠢᠴᠡᠭᠰᠡᠨ ᠬᠡᠷᠡᠭ ᠢ ᠰᠢᠢᠳᠪᠦᠷᠢᠯᠡᠬᠦ ᠴᠣᠩᠬᠤ ᠳᠤ ᠥᠪᠡᠷᠲᠡᠭᠡᠨ ᠰᠦᠢᠳᠬᠡᠯ ᠲᠤᠰᠢᠶᠠᠬᠤ ᠲᠥᠬᠦᠭᠡᠷᠦᠮᠵᠢ ᠪᠠᠶᠢᠭᠤᠯᠵᠤ᠂ ᠣᠯᠠᠨ ᠲᠥᠮᠡᠨ ᠤ ᠲᠣᠷᠭᠠᠭᠤᠯᠢ ᠶᠢᠨ ᠮᠥᠩᠭᠦ ᠲᠤᠰᠢᠶᠠᠬᠤ ᠳᠤ ᠳᠥᠭᠦᠮ ᠦᠵᠡᠭᠦᠯᠪᠡ︔ ᠨᠢᠭᠡ ᠴᠣᠩᠬᠤ ᠨᠢᠭᠡ ᠯᠡ ᠦᠷᠲᠡᠭᠡᠨ ᠤ ᠮᠠᠶ᠋ᠢᠭ ᠢᠶᠠᠷ ᠠᠵᠢᠯ ᠡᠷᠬᠢᠯᠡᠬᠦ ᠶᠢ ᠠᠬᠢᠭᠤᠯᠵᠤ᠂ ᠬᠠᠮᠤᠭ ᠶᠡᠭᠡ ᠬᠡᠮᠵᠢᠶᠡᠨ᠎ᠡ ᠠᠷᠠᠳ ᠲᠤ ᠲᠥᠭᠦᠮ ᠦᠵᠡᠭᠦᠯᠪᠡ᠃ ︵ᠴᠢᠮᠡᠭᠡᠯᠡᠭᠴᠢ   ᠶᠦᠨ ᠹᠧᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号