8 ᠰᠠᠷ᠎ᠠ ᠶᠢᠨ 30 ᠤ ᠡᠳᠦᠷ ᠪᠦᠬᠦ ᠤᠯᠤᠰ ᠤᠨᠮᠠᠨᠵᠤ ᠦᠨᠳᠦᠰᠦᠲᠡᠨ ᠤ ᠨᠥᠬᠦᠷᠯᠡᠯ ᠤᠨ | ᠬᠤᠷᠠᠯ ᠤᠨᠬᠠᠷᠢᠯᠴᠠᠬᠤ ᠳᠤᠭᠤᠶᠢᠯᠠᠩ ᠤᠨ ᠵᠢᠷᠭᠤᠭᠠᠨ ᠬᠥᠮᠦᠨ ᠶᠢᠨ ᠢᠣᠢ ᠳᠤᠭᠤᠶᠢᠯᠠᠩ ᠤᠨᠲ᠋ᠠᠷᠤᠭ᠎ᠠ ᠶᠢᠨ | ᠳᠠᠭᠠᠭᠤᠯᠭ᠎ᠠ ᠪᠠᠷ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠰᠣᠶᠣᠯ ᠢ | ᠬᠠᠮᠠᠭᠠᠯᠠᠵᠤ ᠦᠪᠯᠡᠬᠦ᠂ ᠬᠦᠭᠵᠢᠯᠲᠡ ᠶᠢᠨ ᠪᠠᠶᠢᠳᠠᠯ ᠳᠤ 2 ᠡᠳᠦᠷ ᠤᠨ ᠬᠤᠭᠤᠴᠠᠭ᠎ᠠ ᠲᠠᠢ ᠪᠠᠶᠢᠴᠠᠭᠠᠯᠲᠠ ᠬᠢᠵᠤ᠂ | ᠬᠥᠬᠡᠬᠤᠲᠠ ᠶᠢᠨ ᠮᠠᠨᠵᠤ ᠦᠨᠳᠦᠰᠦᠲᠡᠨ ᠤ ᠰᠣᠶᠣᠯ ᠢ ᠠᠬᠢᠭᠤᠯᠬᠤ ᠬᠤᠷᠠᠯ ᠪᠠᠶᠢᠴᠠᠭᠠᠬᠤ ᠪᠦᠯᠬᠦᠮ ᠤᠨ ᠬᠢᠨ ᠢ | ᠬᠦᠯᠢᠶᠡᠨ ᠠᠪᠤᠪᠠ᠃ | | | | | ᠪᠦᠬᠦ ᠤᠯᠤᠰ ᠤᠨ ᠮᠠᠨᠵᠤ ᠦᠨᠳᠦᠰᠦᠲᠡᠨ ᠤ ᠨᠥᠬᠦᠷᠯᠡᠯ ᠤᠨ ᠬᠤᠷᠠᠯ ᠤᠨ ᠬᠤᠯᠪᠣᠭ᠎ᠠ ᠠᠪᠬᠤ | ᠳᠤᠭᠤᠶᠢᠯᠠᠩ ᠪᠣᠯ ᠪᠦᠬᠦ ᠤᠯᠤᠰ ᠤᠨ ᠮᠠᠨᠵᠤ ᠦᠨᠳᠦᠰᠦᠲᠡᠨ ᠤ ᠨᠥᠬᠦᠷᠯᠡᠯ ᠤᠨ ᠬᠤᠷᠠᠯ ᠤᠨ ᠶᠠᠷᠢᠶᠠᠨ ᠤ | ᠲᠠᠪᠴᠠᠩ ᠤᠨ ᠵᠣᠬᠢᠶᠠᠨ ᠪᠠᠶᠢᠭᠤᠯᠤᠭᠰᠠᠨ ᠬᠤᠯᠪᠣᠭ᠎ᠠ ᠠᠪᠬᠤ ᠪᠠᠶᠢᠭᠤᠯᠤᠮᠵᠢ ᠮᠥᠨ᠃ ᠲᠣᠰ ᠶᠠᠷᠢᠶᠠᠨ ᠤ | ᠲᠠᠪᠴᠠᠩ ᠵᠢᠯ ᠪᠦᠷᠢ ᠨᠢᠭᠡ ᠤᠳᠠᠭ᠎ᠠ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠡᠯ᠎ᠡ ᠮᠤᠵᠢ ᠬᠤᠳᠠ᠂ | ᠣᠷᠣᠨ ᠤ ᠮᠠᠨᠵᠤ ᠦᠨᠳᠦᠰᠦᠲᠡᠨ ᠤ ᠨᠡᠶᠢᠭᠡᠮ ᠪᠦᠯᠬᠦᠮ ᠤᠨ ᠵᠣᠬᠢᠶᠠᠨ ᠪᠠᠶᠢᠭᠤᠯᠤᠯᠲᠠ ᠡᠭᠡᠯᠵᠢᠯᠡᠨ ᠬᠤᠷᠠᠯ ᠡᠷᠬᠢᠯᠡᠵᠦ | ᠪᠠᠶᠢᠨ᠎ᠠ᠃ ᠪᠦᠬᠦ ᠤᠯᠤᠰ ᠤᠨ ᠮᠠᠨᠵᠤ ᠦᠨᠳᠦᠰᠦᠲᠡᠨ ᠤ ᠨᠥᠬᠦᠷᠯᠡᠯ ᠤᠨ ᠬᠤᠷᠠᠯ ᠤᠨ ᠶᠠᠷᠢᠶᠠᠨ ᠤ ᠲᠠᠪᠴᠠᠩ ᠤᠨ | ᠬᠤᠯᠪᠣᠭ᠎ᠠ ᠠᠪᠬᠤ ᠳᠤᠭᠤᠶᠢᠯᠠᠩ ᠤᠨ ᠭᠤᠣᠯ ᠡᠭᠦᠷᠭᠡ ᠲᠤᠰᠢᠶᠠᠯ ᠪᠣᠯ ᠦᠢᠯᠡᠴᠢᠯᠡᠬᠦ᠂ ᠬᠤᠯᠪᠣᠭ᠎ᠠ ᠠᠪᠬᠤ᠂ ᠪᠦᠬᠦ | ᠤᠯᠤᠰ ᠤᠨ ᠡᠯ᠎ᠡ ᠭᠠᠵᠠᠷ ᠤᠨ ᠮᠠᠨᠵᠤ ᠦᠨᠳᠦᠰᠦᠲᠡᠨ ᠤ ᠨᠡᠶᠢᠭᠡᠮ ᠪᠦᠯᠬᠦᠮ ᠤᠨ ᠵᠣᠬᠢᠶᠠᠨ ᠪᠠᠶᠢᠭᠤᠯᠤᠯᠲᠠ ᠶᠢ | ᠤᠬᠠᠭᠤᠯᠵᠤ᠂ ︽ᠪᠥᠬᠦ ᠤᠯᠤᠰ ᠤᠨ ᠮᠠᠨᠵᠤ ᠦᠨᠳᠦᠰᠦᠲᠡᠨ ᠤ ᠨᠥᠬᠦᠷᠯᠡᠯ ᠤᠨ ᠬᠤᠷᠠᠯ ᠤᠨ ᠶᠠᠷᠢᠶᠠᠨ ᠤ | ᠲᠠᠪᠴᠠᠩ ᠤᠨ ᠲᠣᠪᠴᠢ ᠮᠡᠳᠡᠭᠡ︾ ᠰᠡᠳᠬᠦᠯ ᠢ ᠨᠠᠶᠢᠷᠠᠭᠤᠯᠤᠨ ᠬᠡᠪᠯᠡᠭᠦᠯᠵᠦ᠂ ᠡᠯ᠎ᠡ ᠭᠠᠵᠠᠷ ᠣᠷᠣᠨ ᠮᠠᠨᠵᠤ | ᠦᠨᠳᠦᠰᠦᠲᠡᠨ ᠠᠵᠤ ᠠᠬᠤᠶ ᠰᠣᠶᠣᠯ ᠤᠨ ᠬᠥᠭᠵᠢᠯᠲᠡ ᠶᠢ ᠠᠬᠢᠭᠤᠯᠬᠤ ᠳᠤ ᠬᠥᠭᠦᠷᠭᠡ ᠪᠠ ᠬᠤᠯᠪᠣᠭᠠᠰᠤ ᠶᠢᠨ | ᠦᠢᠯᠡᠳᠦᠯ ᠢ ᠪᠠᠳᠠᠷᠠᠭᠤᠯᠵᠤ ᠪᠠᠶᠢᠨ᠎ᠠ᠃ | | | | | ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ᠂ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶᠠᠨ ᠤ ᠤᠳᠤᠷᠢᠳᠤᠯᠭ᠎ᠠ ᠪᠠ ᠬᠥᠬᠡᠬᠤᠲᠠ ᠶᠢᠨ ᠮᠠᠨᠵᠤ ᠦᠨᠳᠦᠰᠦᠲᠡᠨ ᠤ ᠰᠣᠶᠣᠯ ᠢ | ᠠᠬᠢᠭᠤᠯᠬᠤ ᠬᠤᠷᠠᠯ ᠤᠨ ᠤᠳᠤᠷᠢᠳᠤᠯᠭ᠎ᠠ ᠨᠠᠷ ᠰᠢᠨ᠎ᠡ ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠪᠠᠭ᠎ᠠ | ᠰᠤᠷᠭᠠᠭᠤᠯᠢ ᠶᠢᠨ ᠶᠠᠷᠢᠶᠠᠨ ᠤ ᠲᠠᠪᠴᠠᠩ ᠤᠨ ᠬᠤᠯᠪᠣᠭ᠎ᠠ ᠠᠪᠬᠤ ᠳᠤᠭᠤᠶᠢᠯᠠᠩ ᠤᠨ ᠬᠢᠨ ᠳᠤ ᠪᠠᠷ᠎ᠠ ᠪᠣᠯᠵᠤ ᠰᠢᠨ᠎ᠡ | ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠪᠠᠭ᠎ᠠ ᠰᠤᠷᠭᠠᠭᠤᠯᠢ ᠂ ᠮᠠᠨᠵᠤ ᠦᠨᠳᠦᠰᠦᠲᠡᠨ ᠤ ᠬᠡᠦᠬᠡᠳ ᠤᠨ | ᠴᠡᠴᠡᠷᠯᠢᠭ ᠲᠤ ᠬᠦᠷᠴᠦ ᠬᠤᠶᠠᠷ ᠰᠤᠷᠭᠠᠭᠤᠯᠢ ᠶᠢᠨ ᠳᠦᠷᠰᠦ ᠪᠠᠶᠢᠳᠠᠯ ᠢ ᠲᠣᠭᠤᠷᠢᠨ ᠦᠵᠡᠵᠦ᠂ ᠰᠤᠷᠭᠠᠭᠤᠯᠢ ᠶᠢᠨ | ᠤᠳᠤᠷᠢᠳᠤᠯᠭ᠎ᠠ᠂ ᠪᠠᠭᠰᠢ ᠲᠠᠢ ᠶᠠᠷᠢᠯᠴᠠᠨ ᠰᠤᠷᠭᠠᠭᠤᠯᠢ ᠡᠷᠭᠢᠯᠡᠬᠦ ᠣᠨᠴᠠᠯᠢᠭ ᠂ ᠰᠤᠷᠭᠠᠨ ᠬᠥᠮᠦᠵᠢᠯ᠂ ᠵᠢᠭᠠᠨ | ᠰᠤᠷᠭᠠᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠵᠤ᠂ ᠬᠤᠶᠠᠷ | ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠬᠢᠴᠢᠶᠡᠯ ᠤᠨ ᠪᠠᠶᠢᠷᠢᠯᠠᠭᠤᠯᠤᠯᠲᠠ ᠪᠠ ᠮᠠᠨᠵᠤ | ᠬᠡᠯᠡᠨ ᠤ ᠠᠩᠭᠢ ᠨᠡᠭᠡᠭᠡᠬᠦ ᠠᠷᠭ᠎ᠠ ᠬᠢᠳᠡᠯ ᠢ ᠥᠨᠳᠥᠷ ᠦᠨᠡᠯᠡᠭᠰᠡᠨ ᠪᠠᠶᠢᠨ᠎ᠠ᠃ |