ᠬᠦᠭᠡᠬᠤᠳᠠ ᠶᠢᠨ ᠨᠡᠶᠢᠭᠡᠮ ᠤᠨ ᠥᠩᠭᠡᠨ ᠭᠡᠷᠡᠭᠯᠡᠭᠡᠠ ᠳᠤ ᠮᠤᠩᠭᠤᠯ ᠬᠢᠳᠡᠦᠠ ᠬᠤᠶᠡᠷ ᠵᠦᠢᠯ ᠤᠨ ᠤᠢᠰᠦᠭ ᠪᠢᠴᠢᠭ ᠢ ᠵᠡᠷᠭᠡ ᠪᠠᠷ ᠭᠡᠷᠡᠭᠯᠡᠬᠦ ᠬᠠᠮᠢᠶᠡᠷᠦᠯᠳᠠ ᠶᠢᠨ ᠠᠷᠭ᠎ᠠ
ᠨᠡᠶᠢᠲᠡᠯᠡᠭᠰᠡᠨ ᠴᠠᠭ᠄
2018-09-05
  ︵2001ᠤᠠ ᠤ 6 ᠰᠡᠷ᠎ᠠ ᠶᠢᠨ 29 ᠤ ᠡᠳᠦᠷ ᠬᠦᠭᠡᠬᠤᠳᠠ ᠶᠢᠨ ᠠᠷᠪᠡᠠ ᠨᠢᠭᠡᠳᠦᠭᠡᠷ ᠬᠤᠭᠤᠴᠡᠭᠠᠠ ᠤ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠠ ᠤ ᠠᠷᠪᠡ ᠶᠢᠰᠦᠳᠦᠭᠡᠷ ᠬᠤᠷᠡᠯᠳᠦᠭᠠᠠ ᠢᠶᠠᠷ ᠪᠡᠳᠦᠯᠡᠵᠦ᠂ 2001 ᠤᠠ ᠤ 9 ᠰᠡᠷ᠎ᠠ ᠶᠢᠨ 22 ᠤᠨ ᠡᠳᠦᠷ ᠤᠢᠪᠦᠷ ᠮᠤᠩᠭᠤᠯ ᠤᠨ ᠤᠢᠪᠡᠷᠳᠡᠭᠡᠠ ᠵᠡᠰᠡᠬᠤ ᠤᠷᠦᠠ ᠤ ᠶᠢᠰᠦᠳᠦᠭᠡᠷ ᠬᠤᠭᠤᠴᠡᠭᠠᠠ ᠤ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠠ ᠤ ᠬᠤᠷᠢᠠ ᠲᠡᠪᠦᠳᠦᠭᠠᠷ ᠬᠤᠷᠡᠯᠳᠦᠭᠠᠠ ᠢᠶᠠᠷ ᠵᠦᠪᠰᠢᠶᠡᠷᠡᠪᠡ᠂ 2010 ᠤᠠ ᠤ 12 ᠰᠡᠷ᠎ᠠ ᠶᠢᠨ 2 ᠤᠨ ᠡᠳᠦᠷ ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠡᠭᠠᠠ ᠤ ᠠᠷᠡᠦᠠ ᠤᠨ ᠲᠦᠯᠦᠭᠡᠯᠡᠭᠴᠢᠦᠠ ᠤᠨ ᠶᠡᠭᠡ  ᠬᠤᠷᠡᠯ ᠤᠨ ᠪᠠᠶᠢᠩᠭᠤ ᠶᠢᠨ ᠬᠤᠷᠢᠶᠡᠠ ᠤ ᠠᠷᠪᠡ ᠶᠢᠰᠦᠳᠦᠭᠡᠷ ᠬᠤᠷᠡᠯᠳᠦᠭᠠᠠ ᠤ  ︽ᠭᠡᠰᠡᠭ ᠤᠷᠤᠨ ᠨᠤᠳᠤᠭ ᠤᠨ ᠴᠢᠨᠠᠷᠲᠠᠢ ᠬᠠᠤᠯᠢ ᠲᠤᠭᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠬᠥᠭᠡᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠳᠠᠭᠠᠯ ︵ᠨᠢᠭᠡ︶︾  ᠢ ᠵᠦᠪᠰᠢᠶᠡᠷᠡᠭᠦ ᠲᠤᠬᠠᠢ ᠰᠢᠢᠳᠪᠤᠷᠢ ᠶᠢ ᠦᠨᠳᠦᠰᠦᠯᠡᠨ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠪᠠ᠂ 2012 ᠤᠠ ᠤ 3 ᠰᠡᠷ᠎ᠠ ᠶᠢᠨ 31 ᠤ ᠡᠳᠦᠷ ᠤᠢᠪᠦᠷ ᠮᠤᠩᠭᠤᠯ ᠤᠨ ᠤᠢᠪᠡᠷᠳᠡᠭᠡᠠ ᠵᠡᠰᠡᠬᠤ ᠤᠷᠦᠠ ᠤ ᠠᠷᠪᠠᠨ ᠨᠢᠭᠡᠳᠦᠭᠡᠷ ᠬᠤᠭᠤᠴᠡᠭᠠᠠ ᠤ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠠ ᠤ ᠬᠤᠷᠢᠠ ᠨᠠᠢᠮᠠᠳᠤᠭᠠᠷ  ᠬᠤᠷᠡᠯᠳᠦᠭᠠᠠ ᠤ  ︽︿ᠬᠥᠬᠡᠬᠤᠲᠠ ᠶᠢᠨ ᠨᠡᠶᠢᠭᠡᠮ ᠤᠨ ᠥᠩᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠭᠦ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠤᠷᠤᠭᠤᠯᠬᠤ ᠲᠤᠬᠠᠢ ᠬᠥᠭᠡᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠳᠠᠭᠠᠯ︾ ᠢ ᠵᠦᠪᠰᠢᠶᠡᠷᠡᠭᠦ ᠲᠤᠬᠠᠢ ᠰᠢᠢᠳᠪᠤᠷᠢ ᠶᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠤᠷᠢ ᠤᠷᠤᠭᠤᠯᠪᠠ︶       ᠨᠢᠭᠡᠳᠦᠭᠡᠷ ᠵᠦᠢᠯ   ᠲᠤᠰ ᠬᠤᠳᠠ ᠶᠢᠨ ᠨᠡᠶᠢᠭᠡᠮ ᠤᠨ ᠥᠩᠭᠡᠨ ᠭᠡᠷᠡᠭᠯᠡᠭᠡᠠ ᠳᠤ ᠮᠤᠩᠭᠤᠯ ᠬᠢᠳᠡᠦᠠ ᠬᠤᠶᠡᠷ ᠵᠦᠢᠯ ᠤᠨ ᠤᠢᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠤ᠂ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠤᠨ ᠡᠷᠬᠡ ᠲᠡᠭᠰᠢ ᠪᠠᠶᠢᠷᠢ ᠰᠠᠭᠤᠷᠢ ᠶᠢ ᠪᠠᠳᠤᠯᠠᠵᠤ᠂ ᠨᠡᠶᠢᠭᠡᠮ ᠤᠨ ᠦᠡᠭᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠲᠦᠷᠢᠮᠵᠢᠭᠦᠯᠦᠨ ᠂ ᠪᠠᠷᠢᠮᠵᠢᠶᠠᠯᠠᠬᠤ ᠶᠢ ᠠᠬᠢᠭᠤᠯᠬᠤ ᠶᠢᠨ ᠲᠦᠯᠦᠭᠡ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ᠵᠢᠴᠢ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠤᠨ ᠲᠤᠭᠳᠠᠭᠠᠯ ᠢ ᠦᠨᠳᠦᠰᠦᠯᠡᠵᠤ᠂ ᠪᠤᠳᠠᠳᠠᠢ ᠲᠠᠢ ᠤᠶᠠᠯᠳᠤᠭᠤᠯᠤᠨ ᠲᠤᠰ ᠠᠷᠭ᠎ᠠ ᠶᠢ ᠲᠤᠭᠳᠠᠭᠠᠪᠠ᠃      ᠬᠤᠶᠠᠳᠤᠭᠠᠷ ᠵᠦᠢᠯ   ᠲᠤᠰ ᠬᠤᠳᠠ ᠶᠢᠨ ᠵᠠᠰᠠᠭ ᠵᠠᠬᠢᠷᠭᠠᠨ ᠤ ᠤᠷᠤᠨ ᠲᠤᠳᠤᠷᠠᠬᠢ ᠨᠡᠶᠢᠭᠡᠮ ᠤᠨ ᠦᠡᠭᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠳᠤ ᠲᠤᠰ ᠠᠷᠭ᠎ᠠ ᠶᠢ ᠵᠢᠷᠤᠮᠯᠠᠬᠤ ᠬᠡᠷᠡᠭᠳᠠᠢ᠃      ᠭᠤᠷᠪᠠᠳᠤᠭᠠᠷ ᠵᠦᠢᠯ   ᠲᠤᠰ ᠬᠤᠳᠠ ᠶᠢᠨ ᠵᠠᠰᠠᠭ ᠵᠠᠬᠢᠷᠭᠠᠨ ᠤ ᠤᠷᠤᠨ ᠲᠤᠳᠤᠷᠠᠬᠢ ᠲᠤᠤᠷᠠᠬᠢ ᠨᠡᠶᠢᠭᠡᠮ ᠤᠨ ᠦᠡᠭᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠳᠠᠢ᠄      ︵ᠨᠢᠭᠡ︶ ᠲᠤᠮᠤ ᠬᠡᠯᠪᠡᠷᠢ ᠶᠢᠨ ᠬᠤᠷᠠᠯ᠂ ᠴᠢᠬᠤᠯᠠ ᠠᠵᠢᠯᠯᠠᠭᠠᠨ ᠤ ᠬᠤᠷᠠᠯ ᠤᠨ ᠲᠡᠮᠳᠡᠭ᠂ ᠡᠯᠭᠦᠭᠡ ᠪᠢᠴᠢᠭᠡᠰᠦ᠂ ᠬᠦᠨᠳᠡᠯᠡᠨ ᠪᠢᠴᠢᠭᠡᠰᠦ᠂ ᠯᠤᠽᠦ᠋ᠩ︔      ︵ᠬᠤᠶᠠᠷ︶ ᠨᠢᠭᠡᠴᠢ ᠶᠢᠨ ᠨᠡᠷᠡᠶᠢᠳᠦᠯ᠂ ᠠᠯᠪᠠᠨ ᠲᠠᠮᠠᠭ᠎ᠠ᠂ ᠪᠢᠴᠢᠭ ᠮᠠᠲ᠋ᠧᠷᠢᠶᠠᠯ ᠤᠨ ᠲᠡᠷᠢᠭᠦᠨ᠂ ᠫᠠᠶᠢᠰᠠ ᠢᠯᠡᠷᠭᠡᠶᠢᠯᠡᠯ᠂ ᠱᠠᠩᠨᠠᠯ ᠤᠨ ᠪᠢᠴᠢᠭ᠂ ᠬᠡᠮᠡᠷᠯᠢᠭ ᠲᠤᠭ ᠵᠢᠴᠢ ᠨᠠᠮ ᠵᠠᠰᠠᠭ ᠤᠨ ᠪᠠᠶᠢᠭᠤᠯᠭ᠎ᠠ᠂ ᠲᠤᠮᠤ ᠲᠤᠮᠳᠠ ᠬᠡᠯᠪᠡᠷᠢ ᠶᠢᠨ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠢ ᠶᠢᠨ ᠨᠡᠷᠡᠶᠢᠳᠦᠯ ᠢ ᠲᠠᠷᠤᠮᠠᠯᠯᠠᠭᠰᠠᠨ ᠵᠠᠬᠢᠳᠠᠯ ᠤᠨ ᠴᠠᠭᠠᠰᠤ᠂ ᠵᠠᠬᠢᠳᠠᠯ ᠤᠨ ᠲᠤᠭᠳᠤᠢ︔      ︵ᠭᠤᠷᠪᠠ︶ ᠰᠤᠨᠢᠨ ᠰᠡᠳᠭᠦᠯ ᠤᠨ ᠨᠡᠷᠡᠶᠢᠳᠦᠯ᠂ ᠬᠢᠳᠠᠳ ᠦᠰᠦᠭ ᠢᠶᠠᠷ ᠢᠯᠡᠷᠬᠡᠶᠢᠯᠡᠭᠰᠡᠨ ᠲᠧᠯᠧᠢᠰ ᠬᠤᠷᠢᠶᠠᠨ ᠤ ᠨᠡᠷᠡᠶᠢᠳᠦᠯ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠰᠦᠯᠵᠢᠶᠡᠨ ᠤ ᠨᠢᠭᠡᠴᠢ ᠶᠢᠨ ᠨᠡᠷᠡᠶᠢᠳᠦᠯ︔      ︵ᠲᠦᠷᠪᠡ︶ ᠨᠢᠰᠭᠡᠯ ᠤᠨ ᠪᠠᠭᠤᠳᠠᠯ ᠤᠨ ᠨᠡᠷᠡᠶᠢᠳᠦᠯ᠂ ᠲᠡᠷᠭᠡᠨ ᠦᠷᠳᠡᠭᠡᠨ ᠤ ᠦᠷᠳᠡᠭᠡᠨ ᠨᠡᠷ᠎ᠡ᠂ ᠵᠠᠮ ᠬᠠᠷᠢᠯᠴᠠᠭᠠᠨ ᠤ ᠲᠡᠮᠳᠡᠭ᠂ ᠮᠠᠰᠢᠨ ᠲᠡᠷᠭᠡᠨ ᠤ ᠡᠭᠦᠳᠡᠨ ᠲᠡᠭᠡᠷᠡᠬᠢ ᠨᠢᠭᠡᠴᠢ ᠶᠢᠨ ᠨᠡᠷᠡᠶᠢᠳᠦᠯ︔      ︵ᠲᠠᠪᠤ︶ ᠵᠡᠭᠡᠯᠢ ᠭᠤᠳᠤᠮᠵᠢ ᠶᠢᠨ ᠨᠡᠷᠡᠶᠢᠳᠦᠯ᠂ ᠵᠠᠮ ᠤᠨ ᠲᠡᠮᠳᠡᠭ᠂ ᠬᠤᠳᠠᠯᠳᠤᠭ᠎ᠠ ᠶᠢᠨ ᠫᠠᠶᠢᠰᠠ᠂ ᠡᠭᠦᠳᠡᠨ ᠫᠠᠶᠢᠰᠠ᠂ ᠤᠯᠠᠨ ᠨᠡᠶᠢᠳᠡ ᠶᠢᠨ ᠲᠠᠯᠠᠪᠦᠷ ᠤᠨ ᠪᠡᠯᠡᠳᠭᠡᠮᠵᠢ ᠶᠢᠨ ᠨᠡᠷᠡᠶᠢᠳᠦᠯ᠂ ᠬᠢᠯᠢ ᠶᠢᠨ ᠫᠠᠶᠢᠰᠠ︔      ︵ᠵᠢᠷᠭᠤᠭ᠎ᠠ︶ ᠡᠵᠡᠩᠨᠡᠯᠳᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠠᠯᠠᠯᠳᠠ ᠶᠢᠨ ᠦᠨᠡᠮᠯᠡᠯ︔      ︵ᠲᠤᠯᠤᠭ᠎ᠠ︶ ᠤᠯᠠᠨ ᠨᠡᠶᠢᠳᠡ ᠳᠤ ᠮᠡᠳᠡᠭᠳᠡᠬᠦ ᠴᠢᠬᠤᠯᠠᠳᠠᠢ ᠪᠤᠰᠤᠳ ᠨᠡᠶᠢᠭᠡᠮ ᠤᠨ ᠦᠡᠭᠭᠡᠨ ᠬᠡᠷᠡᠭᠯᠡᠭᠡᠨ ᠳᠤ ᠬᠡᠷᠡᠭᠯᠡᠬᠦ ᠦᠰᠦᠭ ᠪᠢᠴᠢᠭ᠃      ᠲᠥᠷᠪᠡᠳᠦᠭᠡᠷ ᠵᠦᠢᠯ   ᠨᠡᠶᠢᠭᠡᠮ ᠤᠨ ᠦᠡᠭᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠳᠤ ᠪᠤᠷᠤᠭᠤ ᠦᠭᠡᠢ᠂ ᠲᠦᠷᠢᠮᠵᠢᠭᠰᠡᠨ ᠪᠠᠶᠢᠬᠤ ᠬᠡᠷᠡᠭᠳᠠᠢ᠂ ᠪᠢᠴᠢᠯᠭᠡ ᠶᠢᠨ ᠪᠦᠷᠢᠨ ᠭᠦᠢᠴᠡᠳ ᠲᠤᠳᠤᠷᠬᠠᠢ ᠪᠠᠶᠢᠬᠤ ᠶᠢ ᠪᠠᠷᠢᠮᠳᠠᠯᠠᠬᠤ ᠶᠢᠨ ᠬᠠᠮᠳᠤ ᠲᠤᠤᠷᠠᠬᠢ ᠲᠤᠭᠳᠠᠭᠠᠯ ᠶᠤᠰᠤᠭᠠᠷ ᠦᠢᠯᠡᠳᠴᠤ ᠡᠯᠭᠦᠬᠦ ᠬᠡᠷᠡᠭᠳᠠᠢ᠄      ︵ᠨᠢᠭᠡ︶ ᠬᠡᠪᠳᠡᠭᠡ ᠪᠠᠷ ᠪᠢᠴᠢᠬᠦ ᠳᠤ ᠮᠤᠩᠭᠤᠯ ᠦᠰᠦᠭ ᠤᠨ ᠲᠡᠭᠡᠷ᠎ᠡ ᠲᠠᠯ᠎ᠠ ᠨᠢ ᠲᠡᠭᠰᠢ ᠪᠠᠶᠢᠬᠤ ᠵᠠᠷᠴᠢᠮ ᠢ ᠪᠠᠷᠢᠮᠳᠠᠯᠠᠵᠤ᠂ ᠮᠤᠩᠭᠤᠯ ᠦᠰᠦᠭ ᠢ ᠲᠡᠭᠡᠷ᠎ᠡ ᠲᠠᠯ᠎ᠠ ᠳᠤ ᠪᠢᠴᠢᠵᠤ᠂ ᠬᠢᠳᠠᠳ ᠦᠰᠦᠭ ᠢ ᠲᠤᠤᠷ᠎ᠠ ᠲᠠᠯ᠎ᠠ ᠳᠤ ᠪᠢᠴᠢᠬᠦ ᠪᠤᠶᠤ ᠮᠤᠩᠭᠤᠯ ᠦᠰᠦᠭ ᠢ ᠡᠮᠤᠨ᠎ᠡ᠂ ᠬᠢᠳᠠᠳ ᠦᠰᠦᠭ ᠢ ᠠᠷᠤ ᠳᠤᠨᠢ ᠪᠢᠴᠢᠬᠦ ᠬᠡᠷᠡᠭᠳᠠᠢ︔ ᠬᠡᠷᠪᠡ ᠭᠠᠳᠠᠭᠠᠳᠤ ᠦᠰᠦᠭ ᠲᠠᠢ ᠪᠤᠯ᠂ ᠮᠤᠩᠭᠤᠯ ᠬᠢᠳᠠᠳ ᠭᠠᠳᠠᠭᠠᠳᠤ ᠦᠰᠦᠭ ᠤᠨ ᠲᠡᠰ ᠲᠠᠷᠠᠭᠠᠯᠠᠯ ᠢᠶᠠᠷ ᠦᠢᠯᠡᠳᠬᠦ ᠬᠡᠷᠡᠭᠳᠠᠢ︔      ︵ᠬᠤᠶᠠᠷ︶ ᠪᠤᠰᠤᠭ᠎ᠠ ᠪᠠᠷ ᠪᠢᠴᠢᠬᠦ ᠳᠤ ᠮᠤᠩᠭᠤᠯ ᠦᠰᠦᠭ ᠢ ᠵᠡᠭᠦᠨ ᠲᠠᠯ᠎ᠠ ᠳᠤ᠂ ᠬᠢᠳᠠᠳ ᠦᠰᠦᠭ ᠢ ᠪᠠᠷᠠᠭᠤᠨ ᠲᠠᠯ᠎ᠠ ᠳᠤ ᠪᠢᠴᠢᠨ᠎ᠡ︔      ︵ᠭᠤᠷᠪᠠ︶ ᠲᠤᠭᠤᠷᠢᠭᠤᠯᠤᠨ ᠪᠢᠴᠢᠬᠦ ᠳᠤ ᠵᠡᠭᠦᠨ ᠠᠴᠠ ᠪᠠᠷᠠᠭᠤᠨᠰᠢ ᠪᠠᠨ ᠮᠤᠩᠭᠤᠯ ᠦᠰᠦᠭ ᠢ ᠭᠠᠳᠠᠷ ᠲᠤᠭᠤᠷᠢᠭ ᠲᠤ ᠪᠢᠴᠢᠵᠤ᠂ ᠬᠢᠳᠠᠳ ᠦᠰᠦᠭ ᠢ ᠲᠤᠳᠤᠷ᠎ᠠ ᠲᠤᠭᠤᠷᠢᠭ ᠲᠤ ᠪᠢᠴᠢᠬᠦ ᠪᠤᠶᠤ ᠮᠤᠩᠭᠤᠯ ᠦᠰᠦᠭ ᠢ ᠵᠡᠭᠦᠨ ᠬᠠᠭᠠᠰ ᠲᠤᠭᠤᠷᠢᠭ ᠲᠤ ᠪᠢᠴᠢᠵᠤ᠂ ᠬᠢᠳᠠᠳ ᠦᠰᠦᠭ ᠢ ᠪᠠᠷᠠᠭᠤᠨ ᠬᠠᠭᠠᠰ ᠲᠤᠭᠤᠷᠢᠭ ᠲᠤ ᠪᠢᠴᠢᠨ᠎ᠠ︔      ︵ᠲᠦᠷᠪᠡ︶ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠲᠤᠰᠪᠦᠷᠢ ᠬᠤᠶᠠᠷ ᠬᠡᠰᠡᠭ ᠫᠠᠶᠢᠰᠠ ᠲᠡᠭᠡᠷ᠎ᠡ ᠪᠢᠴᠢᠬᠦ ᠳᠤ ᠮᠤᠩᠭᠤᠯ ᠦᠰᠦᠭ ᠲᠠᠢ ᠫᠠᠶᠢᠰᠠ ᠶᠢ ᠵᠡᠭᠦᠨ ᠲᠠᠯ᠎ᠠ ᠳᠤ ᠡᠯᠭᠦᠵᠦ᠂ ᠬᠢᠳᠠᠳ ᠦᠰᠦᠭ ᠲᠠᠢ ᠫᠠᠶᠢᠰᠠ ᠶᠢ ᠪᠠᠷᠠᠭᠤᠨ ᠲᠠᠯ᠎ᠠ ᠳᠤ ᠡᠯᠭᠦᠬᠦ ᠪᠤᠶᠤ ᠮᠤᠩᠭᠤᠯ ᠦᠰᠦᠭ ᠲᠠᠢ ᠫᠠᠶᠢᠰᠠ ᠶᠢ ᠲᠡᠭᠡᠷ᠎ᠡ ᠲᠠᠯ᠎ᠠ ᠳᠤ ᠡᠯᠭᠦᠵᠦ ᠬᠢᠳᠠᠳ ᠦᠰᠦᠭ ᠲᠠᠢ ᠫᠠᠶᠢᠰᠠ ᠶᠢ ᠲᠤᠤᠷ᠎ᠠ ᠲᠠᠯ᠎ᠠ ᠳᠤ ᠡᠯᠭᠦᠨ᠎ᠡ︔      ︵ᠲᠠᠪᠤ︶ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠤᠨ ᠦᠰᠦᠭ ᠤᠨ ᠲᠢᠭ ᠨᠢ ᠵᠤᠬᠢᠴᠠᠩᠭᠤᠢ ᠪᠠᠶᠢᠵᠤ᠂ ᠡᠵᠡᠯᠡᠬᠦ ᠲᠠᠯᠠᠪᠠᠢ ᠨᠢ ᠠᠳᠠᠯᠢ ᠪᠠᠶᠢᠵᠤ᠂ ᠬᠡᠷᠡᠭᠯᠡᠬᠦ ᠮᠠᠲ᠋ᠧᠷᠢᠶᠠᠯ ᠨᠢ ᠠᠳᠠᠯᠢ ᠪᠠᠶᠢᠬᠤ ᠬᠡᠷᠡᠭᠳᠠᠢ᠃      ᠲᠠᠪᠤᠳᠤᠭᠠᠷ ᠵᠦᠢᠯ   ᠬᠤᠳᠠ ᠪᠠ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠬᠠᠷᠢᠶᠠᠨ ᠳᠠᠬᠢ ᠨᠡᠶᠢᠭᠡᠮ ᠤᠨ ᠦᠡᠭᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠭᠤᠤᠯᠯᠠᠨ ᠬᠠᠮᠢᠶᠠᠷᠴᠤ᠂ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠢᠨᠠᠨ ᠬᠠᠮᠢᠶᠠᠷᠬᠤ ᠠᠵᠢᠯ ᠢ ᠰᠠᠶᠢᠳᠤᠷ ᠬᠢᠨ᠎ᠡ᠃      ᠲᠤᠳᠤᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠶᠢᠨ ᠰᠠᠯᠠᠭ᠎ᠠ ᠮᠦᠴᠢᠷ ᠨᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶ᠎ᠡ ᠶᠤᠰᠤᠭᠠᠷ ᠦᠨᠳᠦᠰᠦᠳᠡᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠵᠤ ᠨᠡᠶᠢᠭᠡᠮ ᠤᠨ ᠦᠡᠭᠭᠡᠨ ᠬᠡᠷᠡᠭᠯᠡᠭᠡᠨ ᠳᠤ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠠᠢ᠃      ᠵᠢᠷᠭᠤᠳᠤᠭᠠᠷ ᠵᠦᠢᠯ   ᠬᠤᠳᠠ ᠪᠠ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠤᠨ ᠵᠠᠷᠤᠳᠠᠯ ᠢ ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠳᠠᠢ᠃      ᠲᠤᠯᠤᠳᠤᠭᠠᠷ ᠵᠦᠢᠯ   ᠨᠡᠶᠢᠭᠡᠮ ᠤᠨ ᠦᠡᠭᠭᠡᠨ ᠬᠡᠷᠡᠭᠯᠡᠭᠡᠨ ᠳᠤ ᠵᠡᠷᠭᠡ ᠪᠠᠷ ᠬᠡᠷᠡᠭᠯᠡᠬᠦ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠤᠷᠴᠢᠭᠤᠯᠬᠤ᠂ ᠦᠢᠯᠡᠳᠬᠦ ᠶᠢ ᠡᠷᠬᠢᠯᠡᠵᠤ ᠪᠠᠶᠢᠭ᠎ᠠ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠢ ᠪᠤᠶᠤ ᠬᠤᠪᠢ ᠶᠢᠨ ᠡᠵᠡᠩᠨᠡᠯᠳᠡ ᠶᠢᠨ ᠡᠷᠦᠬᠡ ᠨᠢ ᠵᠤᠬᠢᠴᠠᠩᠭᠤᠢ ᠲᠤᠬᠠᠢᠢᠯᠠᠭᠰᠠᠨ ᠠᠵᠢᠯ ᠢ ᠡᠷᠬᠢᠯᠡᠬᠦ ᠬᠢᠷᠢ ᠭᠡᠮ ᠢ ᠤᠯᠤᠭᠰᠠᠨ ᠤ ᠲᠠᠷᠠᠭ᠎ᠠ ᠰᠠᠶ᠋ᠢ ᠬᠢᠵᠤ ᠪᠤᠯᠤᠨ᠎ᠠ᠃      ᠨᠠᠢᠮᠠᠳᠤᠭᠠᠷ ᠵᠦᠢᠯ   ᠦᠨᠳᠦᠰᠦᠳᠡᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠨᠡᠶᠢᠭᠡᠮ ᠤᠨ ᠦᠡᠭᠭᠡᠨ ᠬᠡᠷᠡᠭᠯᠡᠭᠡᠨ ᠳᠤ ᠬᠡᠷᠡᠭᠯᠡᠬᠦ ᠮᠤᠩᠭᠤᠯ ᠦᠰᠦᠭ ᠪᠠ ᠫᠠᠶᠢᠰᠠ ᠲᠡᠭᠡᠷᠡᠬᠢ ᠮᠤᠩᠭᠤᠯ ᠦᠰᠦᠭ ᠤᠨ ᠤᠷᠴᠢᠭᠤᠯᠭ᠎ᠠ ᠶᠢ ᠰᠦᠢᠳᠭᠡᠯ ᠦᠭᠡᠢ ᠪᠠᠷ ᠬᠢᠨᠠᠨ ᠬᠠᠷᠭᠤᠭᠤᠯᠬᠤ ᠦᠢᠯᠡᠴᠢᠯᠡᠭᠡ ᠬᠠᠨᠭ᠍ᠭᠠᠬᠤ ᠬᠡᠷᠡᠭᠳᠠᠢ᠃      ᠶᠢᠰᠦᠳᠦᠭᠡᠷ ᠵᠦᠢᠯ   ᠲᠤᠰ ᠠᠷᠭ᠎ᠠ ᠶᠢᠨ ᠲᠤᠭᠳᠠᠭᠠᠯ ᠠᠴᠠ ᠵᠦᠷᠢᠴᠡᠵᠤ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠦᠨᠳᠦᠰᠦᠳᠡᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠢᠳᠭᠡᠨ ᠲᠤᠷᠭᠠᠨ᠎ᠠ᠂ ᠬᠠᠤᠯᠢ ᠴᠠᠭᠠᠵᠠ ᠳᠤ ᠪᠤᠰᠤᠳ ᠲᠤᠭᠳᠠᠭᠠᠯ ᠲᠠᠢ ᠪᠤᠯ ᠲᠡᠷᠡ ᠲᠤᠭᠳᠠᠭᠠᠯ ᠢ ᠨᠢ ᠲᠠᠭᠠᠨ᠎ᠠ᠄      ︵ᠨᠢᠭᠡ︶ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠭᠰᠡᠨ ᠦᠭᠡᠢ ᠪᠤᠯ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠤᠯ 300 ᠲᠦᠭᠦᠷᠢᠭ ᠠᠴᠠ ᠲᠡᠭᠡᠭᠰᠢ 2000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠬᠤᠶᠠᠷ︶ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠭᠰᠡᠨ ᠨᠢ ᠲᠦᠷᠢᠮᠵᠢᠯ ᠦᠭᠡᠢ᠂ ᠪᠠᠷᠢᠮᠵᠢᠶ᠎ᠠ ᠪᠤᠰᠤ ᠪᠤᠶᠤ ᠦᠰᠦᠭ ᠪᠢᠴᠢᠭ ᠨᠢ ᠪᠦᠷᠢᠨ ᠭᠦᠢᠴᠡᠳ ᠦᠭᠡᠢ᠂ ᠪᠠᠯᠠᠷᠬᠠᠢ ᠪᠤᠯ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠤᠯ 100 ᠲᠦᠭᠦᠷᠢᠭ ᠠᠴᠠ ᠲᠡᠭᠡᠭᠰᠢ 500 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠭᠤᠷᠪᠠ︶ ᠤᠷᠴᠢᠭᠤᠯᠬᠤ᠂ ᠦᠢᠯᠡᠳᠬᠦ ᠨᠢᠭᠡᠴᠢ ᠪᠤᠶᠤ ᠬᠤᠪᠢ ᠬᠦᠮᠦᠨ ᠠᠴᠠ ᠪᠤᠯᠤᠭᠰᠠᠨ ᠵᠡᠷᠭᠡ ᠪᠠᠷ ᠬᠡᠷᠡᠭᠯᠡᠭᠰᠡᠨ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠨᠢ ᠤᠨᠤᠪᠴᠢ ᠦᠭᠡᠢ᠂ ᠲᠦᠷᠢᠮᠵᠢᠯ ᠦᠭᠡᠢ᠂ ᠪᠠᠷᠢᠮᠵᠢᠶ᠎ᠠ ᠪᠤᠰᠤ ᠪᠤᠯ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠤᠯ 1000 ᠲᠦᠭᠦᠷᠢᠭ ᠠᠴᠠ ᠲᠡᠭᠡᠭᠰᠢ 5000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃      ᠠᠷᠪᠠᠳᠤᠭᠠᠷ ᠵᠦᠢᠯ   ᠦᠨᠳᠦᠰᠦᠳᠡᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠠᠯᠪᠠᠨ ᠠᠵᠢᠯ ᠳᠠᠭᠠᠨ ᠠᠯᠮᠠᠶᠢᠷᠠᠵᠤ᠂ ᠲᠤᠰᠢᠶᠠᠯ ᠢᠶᠠᠨ ᠲᠤᠷ᠎ᠠ ᠪᠠᠷ ᠬᠡᠷᠡᠭᠯᠡᠵᠤ᠂ ᠭᠤᠶᠠᠴᠢᠯᠠᠨ ᠬᠤᠪᠢ ᠪᠠᠨ ᠪᠤᠷᠳᠤᠭᠰᠠᠨ ᠪᠤᠯ ᠲᠡᠭᠦᠨ ᠤ ᠪᠠᠶᠢᠭ᠎ᠠ ᠨᠢᠭᠡᠴᠢ ᠨᠢ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠨᠢᠭᠡᠳᠦᠭᠡᠷ ᠵᠦᠢᠯ   ᠲᠤᠰ ᠠᠷᠭ᠎ᠠ ᠶᠢ 2002 ᠤᠨ ᠤ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号