ᠦᠴᠦᠸᠠᠨ ᠰᠢᠶᠠᠨ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-09-07
     8 ᠳ᠋ᠤᠭᠠᠷ ᠰᠠᠷ᠎ᠠ ᠶᠢᠨ 29 ᠤ ᠡᠳᠤᠷ᠂ ᠦᠴᠦᠸᠠᠨ ᠰᠢᠶᠠᠨ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠳ᠋ᠦᠩ ᠱᠧᠩ ᠬᠤᠷᠠᠯ ᠳᠤ ᠣᠷᠤᠯᠴᠠᠪᠠ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠨᠠᠮ ᠤᠨ ᠠᠵᠢᠯᠯᠠᠬᠤ ᠬᠤᠷᠢᠶ᠎ᠠ ᠶᠢᠨ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠳ ᠬᠤᠷᠠᠯ ᠳᠤ ᠣᠷᠤᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ  ᠪᠠ ᠲᠥᠷᠦ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠪᠠ ᠲᠥᠷᠦ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠤᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ᠂ ᠬᠥᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠬᠤ ᠬᠡᠯᠲᠡᠰ ᠤᠨ ᠡᠯ᠎ᠡ ᠬᠠᠷᠢᠭᠤᠴᠠᠯᠭᠠᠲᠠᠳ ᠠᠴᠠ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠠᠪᠴᠠᠯ ᠢ ᠰᠣᠯᠢᠯᠴᠠᠵᠤ ᠶᠠᠷᠢᠶ᠎ᠠ ᠲᠠᠯᠪᠢᠪᠠ᠃      ᠯᠢᠦ ᠳ᠋ᠦᠩ ᠱᠧᠩ ᠵᠢᠭᠠᠵᠤ ᠭᠠᠷᠭᠠᠭᠰᠠᠨ ᠨᠢ᠂ ᠣᠯᠠᠨ ᠢᠶᠠᠷ ᠢᠶᠠᠨ ᠪᠤᠲᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠢᠭᠤᠯᠭ᠎ᠠ ᠶᠢᠨ ᠨᠠᠮ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠲᠠᠨᠢᠯᠴᠠᠭᠤᠯᠤᠯ᠎ᠠ᠂ ᠲᠠᠨᠢᠯᠲᠠ ᠥᠨᠳᠦᠷ᠂ ᠰᠡᠳᠬᠢᠮᠵᠢ ᠴᠢᠩᠭ᠎ᠠ᠂ ᠠᠷᠭ᠎ᠠ ᠠᠪᠴᠠᠯ ᠦᠷ᠎ᠡ ᠪᠥᠲᠦᠮᠵᠢ ᠪᠦᠷ ᠰᠠᠶᠢᠨ ᠪᠠᠶᠢᠨ᠎ᠠ᠂ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ《ᠨᠢᠭᠡ ᠳᠠᠭᠠᠭᠤᠯᠤᠭᠴᠢ᠂ ᠭᠤᠷᠪᠠᠨ ᠳᠠᠭᠤᠷᠢᠶᠠᠯ᠂ ᠵᠢᠱᠢᠶᠡᠴᠢ ᠪᠠᠶᠢᠭᠤᠯᠭ᠎ᠠ ᠶᠢ ᠪᠥᠲᠦᠭᠡᠨ ᠪᠠᠶᠢᠭᠤᠯᠬᠤ》ᠴᠢᠬᠤᠯᠠ ᠱᠠᠭᠠᠷᠳᠠᠯᠭ᠎ᠠ ᠶᠢ ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ  ᠤᠨ ᠬᠤᠷᠢᠶ᠎ᠠ ᠶᠢᠨ ᠬᠠᠮᠢᠶ᠎ᠠ ᠪᠥᠬᠦᠢ ᠪᠠᠶᠢᠷᠢᠯᠠᠭᠤᠯᠤᠯᠲᠠ ᠶᠣᠰᠤᠭᠠᠷ᠂ ᠦᠴᠦᠸᠠᠨ ᠰᠢᠶᠠᠨ ᠤ ᠪᠠᠶᠢᠭᠤᠯᠭ᠎ᠠ ᠶᠢᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠠᠢ ᠰᠣᠳᠤᠯᠬᠤ ᠪᠠ ᠠᠬᠢᠭᠤᠯᠵᠤ᠂ ᠪᠠᠶᠢᠭᠤᠯᠭ᠎ᠠ ᠶᠢᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠦᠨᠡᠨᠬᠦ ᠰᠠᠶᠢᠨ ᠬᠢᠵᠤ᠂ ᠪᠣᠳᠠᠲᠤ ᠦᠷ᠎ᠡ ᠪᠥᠲᠦᠮᠵᠢ ᠭᠠᠷᠭᠠᠬᠤ ᠬᠡᠷᠡᠭᠲᠠᠢ ᠭᠡᠪᠡ᠃      ᠯᠢᠦ ᠳ᠋ᠦᠩ ᠱᠧᠩ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠪᠠ ᠲᠥᠷᠦ ᠶᠢᠨ ᠠᠵᠤ ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠤᠯᠭ᠎ᠠ ᠶᠢᠨ ᠦᠨᠳᠦᠷᠴᠡ ᠠᠴᠠ ᠲᠤᠭ ᠲᠡᠮᠳᠡᠭ ᠲᠣᠳᠤᠷᠬᠠᠢ ᠪᠠᠷ ᠤᠯᠤᠰ ᠲᠥᠷᠦ ᠶᠢ ᠡᠷᠬᠢᠮᠯᠡᠵᠤ᠂ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠬᠤ ᠲᠤᠬᠠᠢ ᠨᠢᠭᠡ ᠰᠢᠷᠢᠰ ᠴᠢᠬᠤᠯᠠ ᠦᠭᠦᠯᠡᠯᠲᠡ ᠬᠢᠵᠤ᠂ ᠪᠥᠲᠦᠭᠡᠯᠴᠢ ᠴᠢᠨᠠᠷᠲᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠣᠲᠠᠯᠠᠯᠲᠠ ᠲᠤᠷᠠᠳᠴᠣ᠂ ᠰᠢᠨ᠎ᠡ ᠴᠠᠭ ᠦᠶ᠎ᠡ ᠳᠤ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠨᠤᠯ ᠤᠨ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠨᠢ ᠮᠠᠰᠢ ᠴᠢᠬᠤᠯᠠ ᠤᠯᠤᠰ ᠲᠥᠷᠦ᠂ ᠣᠨᠤᠯ᠂ ᠦᠢᠯᠡᠳᠦᠯᠭᠡ  ᠪᠠ ᠲᠡᠤᠬᠡ ᠶᠢᠨ ᠠᠴᠢ ᠬᠤᠯᠪᠤᠭᠳᠠᠯ ᠲᠠᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠦᠭᠦᠯᠡᠯᠲᠡ ᠠᠯᠤᠰ  ᠬᠡᠳᠤ ᠶᠢᠨ ᠰᠠᠨᠠᠭ᠎ᠠ ᠠᠬᠤᠢ᠂ ᠪᠠᠶᠠᠯᠢᠭ ᠠᠭᠤᠯᠭ᠎ᠠ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠪᠥᠭᠦᠳᠡᠭᠡᠷ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠤᠬᠠᠵᠤ᠂ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ ᠭᠡᠪᠡ᠃      ᠯᠢᠦ ᠳ᠋ᠦᠩ ᠱᠧᠩ ᠱᠠᠭᠠᠷᠳᠠᠭᠰᠠᠨ ᠨᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠨᠠᠮ ᠤᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠤᠯᠲᠠ ᠳᠤ ᠦᠢᠯᠡᠴᠢᠯᠡᠬᠦ ᠪᠠ ᠠᠬᠢᠭᠤᠯᠬᠤ ᠤᠯᠤᠰ ᠲᠥᠷᠦ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠤᠯᠤᠰ ᠲᠥᠷᠦ ᠶᠢᠨ ᠵᠣᠭᠰᠤᠯᠲᠠ ᠪᠠᠨ ᠦᠨᠡᠨᠬᠦ ᠦᠨᠳᠦᠷᠵᠢᠭᠦᠯᠦᠨ᠂《ᠳᠦᠷᠪᠡᠨ ᠤᠬᠠᠮᠰᠠᠷ》 ᠢ ᠪᠠᠲᠤ ᠪᠠᠬᠢ ᠪᠣᠢ ᠪᠤᠯᠭᠠᠵᠤ᠂《ᠳᠦᠷᠪᠡᠨ ᠢᠳᠡᠬᠡᠯ》 ᠢ ᠪᠠᠲᠤᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠤ ᠤᠯᠤᠰ ᠤᠨ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠠᠮᠴᠢ ᠪᠤᠯᠭᠠᠵᠤ᠂《ᠬᠤᠶᠠᠷ ᠡᠷᠡᠰ ᠬᠠᠮᠠᠭᠠᠯᠠᠬᠤ》 ᠶᠢ ᠬᠠᠮᠤᠭ ᠳᠡᠭᠡᠳᠤ ᠤᠯᠤᠰ ᠲᠥᠷᠦ ᠶᠢᠨ ᠵᠠᠷᠴᠢᠮ ᠪᠤᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠴᠢᠩᠭ᠎ᠠ ᠪᠤᠳᠠᠲᠠᠢ ᠬᠡᠷᠡᠭᠵᠢᠭᠦᠯᠵᠦ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠵᠥᠪ ᠰᠤᠷᠲᠠᠯ ᠢ ᠭᠦᠢᠴᠡᠳ ᠬᠠᠳᠠᠭᠠᠯᠠᠭᠰᠠᠨ ᠤᠯᠤᠰ ᠲᠥᠷᠦ ᠶᠢᠨ ᠣᠷᠴᠢᠨ ᠠᠬᠤᠢ ᠶᠢ ᠪᠣᠢ ᠪᠤᠯᠭᠠᠵᠤ᠂ ᠨᠠᠮ ᠤᠨ ᠤᠯᠤᠰ ᠲᠥᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠮᠵᠢ ᠶᠢᠨ ᠦᠢᠯᠡᠳᠦᠯ᠂ ᠲᠡᠷᠢᠭᠦᠨ ᠴᠢᠬᠤᠯᠠ ᠪᠠᠶᠢᠷᠢ ᠪᠠ ᠡᠯ᠎ᠡ ᠵᠦᠢᠯ ᠤᠨ ᠱᠠᠭᠠᠷᠳᠠᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号