ᠬᠤᠲᠠ ᠶᠢᠨ ᠠᠷᠠᠳ ᠤᠨ ᠶᠠᠪᠣᠳᠠᠯ ᠤᠨ ᠲᠣᠪᠴᠢᠶ᠎ᠠ ᠬᠤᠷᠢᠨᠭᠡᠷ ᠰᠢᠶᠠᠨ ᠳᠤ ᠬᠦᠷᠴᠦ ᠨᠠᠰᠣᠵᠢᠯ ᠤᠨ ᠠᠰᠠᠷᠠᠮᠵᠢ ᠶᠢᠨ ᠪᠠᠶᠢᠭᠤᠯᠣᠮᠵᠢ ᠪᠣᠯᠣᠨ ᠨᠡᠶᠢᠭᠡᠮ ᠲᠣᠭᠤᠷᠢᠭ ᠲᠤ ᠠᠶᠣᠯᠭᠦᠢ ᠦᠢᠯᠡᠳᠪᠦᠷᠢᠯᠡᠯ ᠤᠨ ᠲᠣᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-01-10
     2019 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠶᠠᠪᠣᠳᠠᠯ ᠤᠨ ᠲᠣᠪᠴᠢᠶ᠎ᠠ ᠶᠢᠨ ᠲᠣᠮᠢᠯᠠᠭᠰᠠᠨ ᠰᠠᠬᠢᠯᠭ᠎ᠠ ᠪᠠᠲᠣ ᠪᠠᠶᠢᠴᠠᠭᠠᠬᠤ ᠱᠦᠵᠢ ᠫᠧᠩ ᠵᠢᠶᠦ᠋ᠨ ᠨᠡᠶᠢᠭᠡᠮ ᠲᠣᠭᠤᠷᠢᠭ ᠤᠨ ᠠᠯᠪᠠᠨ ᠭᠡᠷ᠂ ᠨᠡᠶᠢᠭᠡᠮ ᠤᠨ ᠳᠡᠳᠬᠦᠮᠵᠢ ᠶᠢᠨ ᠠᠯᠪᠠᠨ ᠭᠡᠷ᠂ ᠠᠰᠠᠷᠠᠮᠵᠢ ᠶᠢᠨ ᠰᠠᠯᠠᠭᠠᠨ ᠤ ᠬᠤᠯᠪᠣᠭᠳᠠᠯ ᠪᠦᠬᠦᠢ ᠠᠵᠢᠯᠲᠠᠨ ᠢ ᠳᠠᠭᠠᠭᠤᠯᠣᠨ ᠬᠤᠷᠢᠨᠭᠡᠷ ᠰᠢᠶᠠᠨ ᠤ ᠱᠧᠩ ᠯᠧ ᠪᠠᠯᠭᠠᠰᠣ᠂ ᠴᠧᠩ ᠭᠤᠸᠠᠨ ᠪᠠᠯᠭᠠᠰᠤ᠂ ᠱᠠᠪᠠᠭ᠋ᠠᠢ ᠰᠢᠶᠠᠩ ᠳᠤ ᠬᠦᠷᠴᠦ ᠬᠦᠳᠡᠭᠡ ᠲᠣᠰᠬᠤᠨ ᠤ ᠨᠠᠰᠣᠵᠢᠯ ᠤᠨ ᠠᠰᠠᠷᠠᠮᠵᠢ ᠶᠢᠨ ᠬᠦᠷᠢᠶᠡᠯᠡᠩ᠂ ᠬᠠᠷᠢᠯᠴᠠᠨ ᠬᠠᠪᠰᠣᠷᠣᠯᠴᠠᠬᠤ ᠵᠣᠯ ᠵᠢᠷᠭᠠᠯᠲᠣ ᠬᠦᠷᠢᠶᠡᠯᠡᠩ᠂ ᠨᠡᠶᠢᠭᠡᠮ ᠲᠣᠭᠤᠷᠢᠭ ᠲᠤ ᠠᠶᠣᠯᠭᠦᠢ ᠦᠢᠯᠡᠳᠪᠦᠷᠢᠯᠡᠯ ᠤᠨ ᠲᠣᠰᠬᠠᠢ ᠪᠠᠶᠢᠴᠠᠭᠠᠯᠲᠠ ᠥᠷᠨᠢᠭᠦᠯᠪᠡ᠃ ᠰᠢᠶᠠᠨ ᠤ ᠳᠡᠳ᠋ ᠳᠠᠷᠤᠭ᠎ᠠ ᠲᠣᠶᠠᠭ᠎ᠠ᠂ ᠰᠢᠶᠠᠨ ᠤ ᠠᠷᠠᠳ ᠤᠨ ᠶᠠᠪᠣᠳᠠᠯ ᠦᠨᠳᠦᠰᠦᠲᠡᠨ ᠱᠠᠰᠢᠨ ᠰᠣᠷᠲᠠᠬᠤᠨ ᠤ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠠᠵᠢᠯᠲᠠᠨ ᠪᠠᠷ᠎ᠠ ᠪᠣᠯᠣᠨ ᠪᠠᠶᠢᠴᠠᠭᠠᠯᠲᠠ ᠳᠤ ᠣᠷᠣᠯᠴᠠᠪᠠ᠃      ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠨᠢᠭᠡ ᠭᠠᠵᠠᠷ ᠲᠤ ᠣᠴᠢᠬᠤ ᠪᠣᠯᠭᠠᠨ ᠲᠣᠬᠠᠢ ᠶᠢᠨ ᠭᠠᠵᠠᠷ ᠤᠨ ᠪᠡᠯᠡᠳᠬᠡᠮᠵᠢ᠂ ᠭᠠᠯ ᠰᠡᠷᠭᠡᠶᠢᠯᠡᠯᠲᠡ ᠶᠢᠨ ᠠᠮᠣᠷ ᠲᠦᠪᠰᠢᠨ ᠤ ᠲᠦᠬᠦᠭᠡᠷᠦᠮᠵᠢ᠂ ᠲᠣᠭᠤᠭᠠᠨ ᠭᠡᠷ᠂ ᠢᠳᠡᠭᠡᠨ ᠵᠢᠴᠢ ᠭᠠᠯ ᠰᠡᠷᠭᠡᠶᠢᠯᠡᠯᠲᠡ ᠶᠢᠨ ᠠᠮᠣᠷ ᠲᠦᠪᠰᠢᠨ ᠤ ᠨᠡᠪᠲᠡᠷᠡᠬᠦ ᠵᠠᠮ᠂ ᠴᠠᠬᠢᠯᠭᠠᠨ ᠤᠲᠠᠰᠣ ᠱᠤᠭᠤᠮ ᠵᠡᠷᠭᠡ ᠠᠮᠠᠷᠬᠠᠨ ᠠᠳᠡᠯ ᠭᠠᠷᠳᠠᠭ ᠵᠦᠢᠯ ᠳᠤ ᠨᠠᠷᠢᠯᠢᠭ ᠪᠠᠶᠢᠴᠠᠭᠠᠯᠲᠠ ᠬᠢᠵᠦ᠂ ᠨᠠᠰᠣᠵᠢᠯ ᠤᠨ ᠠᠰᠠᠷᠠᠮᠵᠢ ᠶᠢᠨ ᠪᠠᠶᠢᠭᠤᠯᠣᠮᠵᠢ ᠶᠢᠨ ᠬᠦᠮᠦᠨ ᠤ ᠲᠤᠭ᠎ᠠ᠂ ᠠᠮᠢᠳᠣᠷᠠᠯ ᠢᠶᠠᠨ ᠥᠪᠡᠷ ᠢᠶᠠᠨ ᠠᠷᠭᠠᠴᠠᠵᠣ ᠴᠢᠳᠠᠬᠤ ᠦᠭᠡᠢ ᠬᠦᠮᠦᠨ ᠤ ᠲᠤᠭ᠎ᠠ ᠵᠢᠴᠢ ᠨᠡᠶᠢᠭᠡᠮ ᠲᠣᠭᠤᠷᠢᠭ ᠤᠨ ᠬᠦᠮᠦᠰ ᠤᠨ ᠪᠡᠯᠡᠳᠬᠡᠮᠵᠢ ᠲᠦᠬᠦᠭᠡᠷᠦᠮᠵᠢ ᠪᠣᠯᠣᠨ ᠪᠠᠶᠢᠭᠤᠯᠣᠮᠵᠢ ᠶᠢᠨ ᠠᠮᠣᠷ ᠲᠦᠪᠰᠢᠨ ᠤ ᠬᠠᠮᠢᠶᠠᠷᠣᠯᠲᠠ ᠶᠢᠨ ᠳᠦᠷᠢᠮ ᠢ ᠪᠠᠶᠢᠭᠤᠯᠣᠭᠰᠠᠨ ᠵᠡᠷᠭᠡ ᠪᠠᠶᠢᠳᠠᠯ ᠢ ᠨᠠᠷᠢᠯᠢᠭ ᠠᠰᠠᠭᠤᠨ ᠯᠠᠪᠯᠠᠪᠠ᠃      ᠪᠠᠶᠢᠴᠠᠭᠠᠯᠲᠠ ᠶᠢᠨ ᠳᠣᠭᠤᠶᠢᠯᠠᠩ ᠱᠠᠭᠠᠷᠳᠠᠭᠰᠠᠨ ᠨᠢ᠂ ᠨᠢᠭᠡ ᠳᠤ ᠬᠠᠷᠢᠶᠠᠨ ᠭᠠᠵᠠᠷ ᠤᠨ ᠠᠷᠠᠳ ᠤᠨ ᠶᠠᠪᠣᠳᠠᠯ ᠤᠨ ᠦᠢᠯᠡᠴᠢᠯᠡᠭᠡᠨ ᠤ ᠪᠠᠶᠢᠭᠤᠯᠣᠮᠵᠢ ᠵᠠᠪᠠᠯ ᠬᠢᠨᠠᠯᠲᠠ ᠡᠵᠡᠮᠳᠡᠯᠲᠡ ᠪᠠᠨ ᠴᠢᠩᠭᠠᠳᠬᠠᠵᠣ᠂ ᠪᠠᠶᠢᠭᠤᠯᠣᠮᠵᠢ ᠶᠢᠨ ᠳᠣᠲᠣᠷᠠᠬᠢ ᠭᠠᠯ ᠰᠡᠷᠭᠡᠶᠢᠯᠡᠯᠲᠡ᠂ ᠰᠢᠲᠠᠮᠠᠬᠠᠢ ᠬᠡᠢ᠂ ᠢᠳᠡᠭᠡᠨ᠂ ᠴᠠᠬᠢᠯᠭᠠᠨ ᠤᠲᠠᠰᠣ ᠱᠤᠭᠤᠮ ᠵᠡᠷᠭᠡ ᠶᠢ ᠲᠠᠰᠣᠷᠠᠯᠲᠠ ᠦᠭᠡᠢ ᠪᠠᠶᠢᠴᠠᠭᠠᠬᠤ ᠬᠡᠷᠡᠭᠲᠡᠢ︔ ᠬᠤᠶᠠᠷ ᠲᠤ ᠡᠯ᠎ᠡ ᠪᠠᠶᠢᠭᠤᠯᠭ᠎ᠠ ᠨᠢᠭᠡᠴᠡ ᠵᠠᠪᠠᠯ ᠠᠶᠣᠯᠭᠦᠢ ᠦᠢᠯᠡᠳᠪᠦᠷᠢᠯᠡᠯ ᠢ ᠣᠳᠣᠬᠠᠨ ᠤ ᠠᠵᠢᠯ ᠤᠨ ᠭᠤᠣᠯᠳᠠᠯᠭ᠎ᠠ ᠪᠣᠯᠭᠠᠵᠣ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ24 ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠡᠭᠡᠯᠵᠢ ᠶᠢ ᠴᠢᠩᠭᠠᠳᠬᠠᠬᠤ ᠬᠡᠷᠡᠭᠲᠡᠢ︔ ᠭᠤᠷᠪᠠ ᠳᠤ ᠠᠷᠠᠳ ᠤᠨ ᠶᠠᠪᠣᠳᠠᠯ ᠤᠨ ᠰᠢᠰᠲ᠋ᠧᠮᠵᠢ ᠶᠢᠨ ᠪᠦᠬᠦ ᠠᠵᠢᠯᠲᠠᠳ ᠣᠯᠣᠰ ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠯᠠᠭᠠᠨ ᠱᠤᠭᠤᠮ ᠤᠨ ᠤᠬᠠᠮᠰᠠᠷ ᠢ ᠪᠠᠲᠣ ᠪᠠᠬᠢ ᠪᠣᠢ ᠪᠣᠯᠭᠠᠵᠣ᠂ ᠠᠷᠠᠳ ᠤᠨ ᠶᠠᠪᠣᠳᠠᠯ ᠤᠨ ᠦᠢᠯᠡᠴᠢᠯᠡᠭᠡᠨ ᠤ ᠪᠠᠶᠢᠭᠤᠯᠣᠮᠵᠢ ᠪᠣᠯᠣᠨ ᠠᠰᠠᠷᠠᠮᠵᠢ ᠶᠢᠨ ᠭᠠᠵᠠᠷ ᠤᠨ ᠨᠠᠰᠣᠲᠠᠶᠢᠴᠣᠣᠯ ᠠᠮᠣᠷ ᠲᠦᠪᠰᠢᠨ ᠤ ᠠᠳᠡᠯ ᠭᠠᠷᠬᠤ ᠦᠭᠡᠢ ᠶᠢ ᠪᠠᠲᠣᠯᠠᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号