ᠤᠯᠤᠰ ᠲᠥᠷᠦ ᠶᠢᠨ ᠵᠦᠪᠯᠡᠯᠭᠡᠨ ᠤ ᠦᠴᠦᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠵᠦᠪᠯᠡᠯ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-10
     12 ᠳ᠋ᠤᠭᠠᠷ ᠰᠠᠷ᠎ᠠ ᠶᠢᠨ 25 ᠤ ᠡᠳᠤᠷ᠂ ᠤᠯᠤᠰ ᠲᠥᠷᠦ ᠶᠢᠨ ᠵᠦᠪᠯᠡᠯᠭᠡᠨ ᠤ ᠦᠴᠦᠸᠠᠨ ᠰᠢᠶᠠᠨ ᠤ ᠵᠦᠪᠯᠡᠯ ᠤᠨ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯ ᠳᠠᠯᠠᠨ ᠬᠠᠷ᠎ᠠ ᠲᠣᠭᠯᠠᠯᠲᠠ ᠶᠢᠨ ᠲᠠᠯᠠᠪᠠᠢ ᠳᠤ ᠡᠬᠢᠯᠡᠪᠡ᠃      ᠮᠥᠩᠭᠦᠨ ᠡᠪᠦᠯ ᠢᠶᠠᠷ᠂ ᠦᠴᠦᠸᠠᠨ ᠰᠢᠶᠠᠨ ᠤ ᠠᠭᠠᠷ ᠨᠢ ᠴᠡᠯᠮᠡᠭ᠂ ᠠᠷᠠᠳ ᠨᠢ ᠪᠠᠶᠠᠰᠤᠯ ᠢᠶᠠᠷ ᠲᠦᠭᠦᠷᠡᠩ ᠪᠠᠶᠢᠯ᠎ᠠ᠃ ᠳᠠᠯᠠᠨ ᠬᠠᠷ᠎ᠠ ᠳᠣᠭᠯᠠᠯᠲᠠ ᠶᠢᠨ ᠲᠠᠯᠠᠪᠠᠢ ᠶᠢᠨ ᠲᠡᠷᠢᠭᠦᠯᠡᠭᠴᠢ ᠶᠢᠨ ᠲᠠᠶᠢᠰᠠᠨ ᠤ ᠠᠰ ᠳᠤᠮᠳᠠ ᠳᠤᠮᠳᠠᠳᠤ ᠤᠯᠤᠰ ᠤᠨ ᠠᠷᠠᠳ ᠤᠨ ᠤᠯᠤᠰ ᠲᠥᠷᠦ ᠶᠢᠨ ᠵᠦᠪᠯᠡᠯᠭᠡᠨ ᠤ ᠬᠤᠷᠠᠯ ᠤᠨ ᠰᠦᠯᠳᠡ ᠶᠢ ᠡᠯᠭᠦᠵᠤ᠂ ᠬᠤᠶᠠᠷ ᠲᠠᠯ᠎ᠠ ᠪᠠᠷ ᠨᠢ ᠠᠷᠪᠠᠨ ᠤᠯᠠᠭᠠᠨ ᠲᠤᠭ ᠪᠠᠶᠢᠷᠢᠯᠠᠭᠤᠯᠵᠤ᠂ ᠬᠤᠷᠠᠯ ᠤᠨ ᠲᠠᠯᠠᠪᠠᠢ ᠰᠦᠷ ᠳᠠᠯᠠᠶᠢᠴᠠᠲᠠᠢ ᠪᠠᠶᠢᠪᠠ᠃ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ ᠨᠡᠶᠢᠭᠡᠮ ᠤᠨ ᠡᠯ᠎ᠡ ᠡᠲᠡᠬᠡᠳ ᠤᠨ ᠬᠦᠨᠳᠦ ᠨᠠᠶᠢᠳᠠᠯᠭ᠎ᠠ ᠶᠢ ᠬᠦᠯᠢᠶᠡᠵᠤ᠂ ᠣᠷᠭᠢᠯᠤᠮ᠎ᠠ ᠬᠠᠯᠠᠭᠤᠨ ᠰᠡᠳᠭᠢᠯᠭᠡ᠂ ᠢᠲᠡᠬᠡᠯ ᠲᠡᠭᠦᠯᠳᠡᠷ ᠠᠯᠬᠤᠭ᠎ᠠ ᠪᠠᠷ ᠳᠠᠯᠠᠨ ᠬᠠᠷ᠎ᠠ ᠲᠣᠭᠯᠠᠯᠲᠠ ᠶᠢᠨ ᠲᠠᠯᠠᠪᠠᠢ ᠳᠤ ᠣᠷᠤᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠤ ᠸᠧᠨ ᠪᠢᠶᠣᠣ᠂ ᠰᠢᠶᠠᠨ ᠤ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠢᠴᠢ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠤᠯᠴᠠᠪᠠ᠃      ᠵᠠᠩ ᠯᠢ ᠰᠢᠶᠠ ᠤᠯᠤᠰ ᠲᠥᠷᠦ ᠶᠢᠨ ᠵᠦᠪᠯᠡᠯᠭᠡᠨ ᠤ ᠦᠴᠦᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢ ᠲᠥᠯᠦᠭᠡᠯᠡᠵᠤ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠵᠠᠩ ᠯᠢ ᠰᠢᠶᠠ ᠬᠠᠷᠢᠭᠤ ᠮᠡᠳᠡᠭᠦᠯᠦᠯᠲᠡ ᠳᠤ ᠪᠠᠨ ᠵᠢᠭᠠᠵᠤ ᠭᠠᠷᠭᠠᠭᠰᠠᠨ ᠨᠢ᠂ 2018 ᠣᠨ ᠪᠣᠯ ᠰᠢᠨ᠎ᠡ ᠨᠢᠭᠡ ᠬᠤᠭᠤᠴᠠᠭᠠᠨ ᠤ ᠤᠯᠤᠰ ᠲᠥᠷᠦ ᠶᠢᠨ ᠵᠦᠪᠯᠡᠯᠭᠡᠨ ᠤ ᠰᠢᠨ᠎ᠡ ᠡᠭᠦᠷᠭᠡ ᠶᠢ ᠡᠭᠦᠷᠭᠡᠯᠡᠵᠤ᠂ ᠠᠵᠢᠯ ᠢᠶᠠᠨ ᠰᠢᠨ᠎ᠡ ᠪᠠᠷ ᠡᠬᠢᠯᠡᠭᠦᠯᠦᠭᠰᠡᠨ ᠡᠬᠢᠯᠡᠯᠲᠡ ᠶᠢᠨ ᠵᠢᠯ ᠮᠦᠨ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠵᠠᠰᠠᠭ ᠤᠨ ᠣᠷᠳᠤᠨ ᠪᠠ ᠨᠡᠶᠢᠭᠡᠮ ᠤᠨ ᠡᠯ᠎ᠡ ᠡᠲᠡᠬᠡᠳ ᠤᠨ ᠬᠦᠴᠦᠲᠠᠢ ᠳᠡᠮᠵᠢᠯᠭᠡ ᠳᠣᠣᠷ᠎ᠠ᠂ ᠶᠢᠰᠦᠳᠦᠭᠡᠷ ᠬᠤᠭᠤᠴᠠᠭᠠᠨ ᠤ ᠤᠯᠤᠰ ᠲᠥᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠤᠯᠤᠰ ᠲᠥᠷᠦ ᠶᠢᠨ ᠵᠦᠪᠯᠡᠯᠭᠡᠨ ᠤ ᠪᠥᠬᠦ ᠭᠡᠰᠢᠭᠦᠳ ᠲᠤ ᠴᠢᠩᠭ᠎ᠠ ᠲᠦᠰᠢᠭᠯᠡᠭᠰᠡᠨ ᠪᠠ ᠪᠥᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠪᠥᠯᠬᠦᠮᠳᠡᠯ ᠠᠷᠠᠳᠴᠢᠯᠠᠯ ᠬᠤᠶᠠᠷ ᠭᠤᠣᠯ ᠰᠡᠳᠦᠪ ᠢ ᠴᠢᠩᠭ᠎ᠠ ᠠᠳᠬᠤᠵᠤ ᠤᠯᠤᠰ ᠲᠥᠷᠦ ᠶᠢᠨ ᠵᠦᠪᠯᠡᠯᠴᠡᠭᠡᠷ᠂ ᠠᠷᠠᠳᠴᠢᠯᠠᠯᠲᠤ ᠬᠢᠨᠠᠯᠲᠠ ᠬᠠᠮᠢᠶᠠᠷᠤᠯᠲᠠ᠂ ᠵᠠᠰᠠᠭ ᠲᠤ ᠣᠷᠤᠯᠴᠠᠬᠤ ᠵᠠᠰᠠᠭ ᠢ ᠵᠦᠪᠯᠡᠬᠦ ᠴᠢᠳᠠᠮᠵᠢ ᠶᠢ ᠢᠳᠡᠪᠬᠢᠲᠠᠢ ᠭᠦᠢᠴᠡᠳᠬᠡᠵᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠭᠤᠣᠯ ᠡᠭᠦᠷᠭᠡ ᠳᠤ ᠭᠤᠣᠯᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠲᠠᠯ᠎ᠠ ᠳᠤ ᠨᠢᠭᠲᠠ ᠤᠶᠠᠯᠳᠤᠨ ᠬᠦᠴᠦᠨ ᠭᠠᠷᠭᠠᠵᠤ᠂ ᠦᠨᠡᠨ ᠠᠴᠠ ᠵᠥᠪ ᠢ ᠡᠷᠢᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠢᠳᠡᠪᠬᠢᠲᠠᠢ ᠪᠠᠷ ᠠᠵᠢᠯᠯᠠᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠤᠪᠢ ᠨᠡᠮᠡᠷᠢ ᠦᠵᠡᠭᠦᠯᠪᠡ᠃ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠤ ᠪᠣᠢ᠄ ᠨᠢᠭᠡ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠮᠲᠤ ᠶᠢᠨ ᠦᠵᠡᠯ ᠰᠠᠨᠠᠭᠠᠨ ᠤ ᠤᠯᠤᠰ ᠲᠥᠷᠦ ᠶᠢᠨ ᠰᠠᠭᠤᠷᠢ ᠶᠢ ᠪᠠᠲᠤ ᠲᠠᠯᠪᠢᠪᠠ︔  ᠬᠤᠶᠠᠷ ᠲᠤ᠂ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠤᠯᠤᠰ ᠲᠥᠷᠦ ᠶᠢᠨ ᠵᠦᠪᠯᠡᠯᠭᠡᠨ ᠤ ᠵᠥᠪᠯᠡᠯᠴᠡᠭᠡᠷ ᠤᠨ ᠠᠷᠠᠳᠴᠢᠯᠠᠯᠲᠤ ᠪᠥᠲᠦᠭᠡᠨ ᠪᠠᠶᠢᠭᠤᠯᠤᠯᠲᠠ ᠶᠢ ᠠᠬᠢᠭᠤᠯᠪᠠ︔ ᠭᠤᠷᠪᠠ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠷ ᠭᠤᠣᠯᠯᠠᠵᠤ᠂ ᠪᠠᠶᠢᠴᠠᠭᠠᠨ ᠰᠣᠳᠤᠯᠤᠯᠲᠠ ᠪᠠ ᠪᠠᠶᠢᠴᠠᠭᠠᠨ ᠦᠵᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠪᠡ︔ ᠳᠥᠷᠪᠡ ᠳᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠰᠢᠢᠳᠪᠦᠷᠢᠲᠦ ᠪᠣᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠢᠳᠡᠪᠬᠢᠲᠠᠢ ᠪᠠᠷ ᠠᠷᠠᠳᠴᠢᠯᠠᠯᠲᠤ ᠬᠢᠨᠠᠨ ᠬᠠᠮᠢᠶᠠᠷᠤᠯᠲᠠ ᠶᠢ ᠥᠷᠨᠢᠭᠦᠯᠪᠡ︔ ᠲᠠᠪᠤ ᠳᠤ᠂ ᠰᠠᠨᠠᠯ ᠳᠤᠷᠠᠳᠤᠯᠭ᠎ᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠤᠨ ᠬᠡᠷᠡᠭᠵᠢᠭᠦᠯᠦᠯᠲᠡ ᠶᠢ ᠳᠡᠭᠡᠭᠰᠢᠯᠡᠭᠦᠯᠪᠡ︔ ᠵᠢᠷᠭᠤᠭ᠎ᠠ ᠳᠤ᠂ ᠲᠡᠤᠬᠡ ᠶᠢᠨ ᠪᠢᠴᠢᠭ ᠮᠠᠲ᠋ᠧᠷᠢᠶᠠᠯ ᠢ ᠭᠦᠨᠵᠡᠭᠡᠢ ᠠᠭᠤᠳᠠᠯᠯᠠᠵᠤ᠂ ᠰᠣᠶᠣᠯ ᠲᠡᠤᠬᠡ ᠶᠢᠨ ᠠᠵᠢᠯ ᠢ ᠴᠢᠷᠮᠠᠶᠢᠨ ᠠᠬᠢᠭᠤᠯᠪᠠ︔ ᠳᠣᠯᠤᠭ᠎ᠠ ᠳᠤ᠂ ᠬᠦᠴᠦᠨ ᠬᠠᠮᠲᠤᠳᠬᠠᠵᠤ᠂ ᠶᠠᠳᠠᠭᠤ ᠠᠴᠠ ᠠᠩᠭᠢᠵᠢᠷᠠᠬᠤ ᠰᠢᠪᠲᠤᠯᠤᠯᠲᠠ ᠶᠢ ᠳᠡᠮᠵᠢᠨ ᠠᠬᠢᠭᠤᠯᠪᠠ︔ ᠨᠠᠢᠮᠠ ᠳᠤ᠂ ᠥᠪᠡᠷ ᠪᠡᠶ᠎ᠡ ᠶᠢᠨ ᠪᠥᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠪᠠᠲᠤ ᠪᠠᠬᠢ ᠠᠵᠢᠯ ᠤᠨ ᠰᠠᠭᠤᠷᠢ ᠶᠢ ᠲᠠᠯᠪᠢᠵᠠᠢ ᠭᠡᠪᠡ᠃      2019 ᠣᠨ ᠤ ᠤᠯᠤᠰ ᠲᠥᠷᠦ ᠶᠢᠨ ᠵᠦᠪᠯᠡᠯᠭᠡᠨ ᠤ ᠠᠵᠢᠯ ᠤᠨ ᠲᠤᠬᠠᠢ ᠵᠠᠩ ᠯᠢ ᠰᠢᠶᠠ ᠱᠠᠭᠠᠷᠳᠠᠭᠰᠠᠨ  ᠨᠢ᠄ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ︔ ᠤᠯᠤᠰ ᠲᠥᠷᠦ ᠶᠢᠨ ᠵᠦᠪᠯᠡᠯᠭᠡᠨ ᠤ ᠵᠠᠰᠠᠭ ᠢ ᠵᠦᠪᠯᠡᠬᠦ ᠶᠢᠨ ᠪᠣᠳᠠᠲᠤ ᠥᠷ᠎ᠡ ᠪᠥᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠷᠠᠳᠴᠢᠯᠠᠯᠲᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠦᠴᠦᠯᠡᠨ ᠴᠢᠩᠭᠠᠳᠬᠠᠬᠤ ᠪᠠ ᠰᠠᠶᠢᠵᠢᠷᠠᠭᠤᠯᠬᠤ ᠬᠡᠷᠡᠭᠲᠡᠢ︔ ᠵᠠᠰᠠᠭ ᠲᠤ ᠣᠷᠤᠯᠴᠠᠬᠤ ᠵᠠᠰᠠᠭ ᠢ ᠵᠦᠪᠯᠡᠬᠦ ᠶᠢ ᠢᠳᠡᠪᠬᠢᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ︔ ᠰᠠᠨᠠᠯ ᠳᠤᠷᠠᠳᠤᠯᠭ᠎ᠠ ᠶᠢᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ︔ ᠰᠣᠶᠣᠯ ᠲᠡᠤᠬᠡ ᠶᠢᠨ ᠪᠢᠴᠢᠭ ᠮᠠᠲ᠋ᠧᠷᠢᠶᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠪᠥᠯᠬᠦᠮᠳᠡᠯ ᠠᠷᠠᠳᠴᠢᠯᠠᠯ ᠬᠤᠶᠠᠷ ᠭᠤᠣᠯ ᠰᠡᠳᠦᠪ ᠢ ᠪᠠᠷᠢᠮᠲᠠᠯᠠᠨ᠂ ᠬᠠᠮᠲᠤ ᠶᠢᠨ ᠲᠠᠨᠢᠯᠲᠠ ᠶᠢ ᠪᠣᠢ ᠪᠤᠯᠭᠠᠬᠤ ᠬᠡᠷᠡᠭᠲᠡᠢ︔ ᠴᠠᠭ ᠥᠶ᠎ᠡ ᠶᠢᠨ ᠱᠠᠭᠠᠷᠳᠠᠯᠭ᠎ᠠ ᠶᠢ ᠠᠳᠬᠤᠵᠤ᠂ ᠲᠤᠰᠢᠶᠠᠯ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠪᠡ᠃ ᠬᠠᠮᠤᠭ ᠰᠡᠭᠦᠯ ᠳᠤ᠂ ᠲᠡᠷᠡ ᠪᠥᠬᠦ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ ᠤᠨ ᠶᠡᠷᠦᠩᠬᠡᠢ ᠱᠦᠵᠢ ᠰᠢ ᠶᠢᠨ ᠫᠢᠩ ᠢᠶᠠᠷ ᠲᠥᠪ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠ ᠪᠥᠯᠬᠦᠮᠳᠡᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠦᠨᠡᠨᠴᠢ ᠰᠢᠳᠤᠷᠭᠤ ᠪᠠᠷ ᠲᠤᠰᠢᠶᠠᠯ ᠢᠶᠠᠨ ᠭᠦᠢᠴᠡᠳᠬᠡᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠬᠢᠯ ᠰᠢᠭᠤᠳᠠᠨ ᠴᠢᠷᠮᠠᠶᠢᠵᠤ᠂ ᠤᠯᠤᠰ ᠲᠥᠷᠦ ᠶᠢᠨ ᠵᠦᠪᠯᠡᠯᠭᠡᠨ ᠤ ᠦᠢᠯᠡᠰ ᠤᠨ ᠰᠢᠨ᠎ᠡ ᠬᠥᠭᠵᠢᠯᠲᠡ ᠶᠢ ᠠᠬᠢᠭᠤᠯᠤᠨ᠂《 ᠵᠣᠯ ᠵᠢᠷᠭᠠᠯᠲᠤ ᠦᠴᠦᠸᠠᠨ᠂ ᠠᠮᠢ ᠠᠬᠤᠢ ᠶᠢᠨ ᠦᠴᠦᠸᠠᠨ᠂ ᠦᠵᠡᠰᠬᠦᠯᠡᠩᠲᠤ ᠰᠠᠶᠢᠬᠠᠨ ᠦᠴᠦᠸᠠᠨ》 ᠢ ᠪᠥᠲᠦᠭᠡᠨ ᠪᠠᠶᠢᠭᠤᠯᠬᠤ ᠶᠢᠨ ᠲᠥᠯᠦᠭᠡ ᠴᠢᠷᠮᠠᠶᠢᠨ ᠲᠡᠮᠡᠴᠡᠬᠦ ᠬᠡᠷᠡᠭᠲᠡᠢ ᠭᠡᠪᠡ︕     ᠤᠯᠤᠰ ᠲᠥᠷᠦ ᠶᠢᠨ ᠵᠦᠪᠯᠡᠯᠭᠡᠨ ᠤ ᠦᠴᠦᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠰᠢᠶᠠᠨ ᠤ ᠤᠯᠤᠰ ᠲᠥᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧᠩ ᠬᠤᠩ ᠶᠡᠭᠡ ᠬᠤᠷᠠᠯ ᠳᠡᠭᠡᠷ᠎ᠡ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃      ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠳ᠂ ᠠᠵᠤ ᠦᠢᠯᠡᠳᠪᠦᠷᠢ ᠠᠵᠤ ᠠᠬᠤᠶᠢᠯᠠᠯ ᠤᠨ ᠬᠠᠷᠢᠭᠤᠴᠠᠯᠭᠠᠲᠠᠳ᠂ ᠰᠢᠶᠠᠩ ᠪᠠᠯᠭᠠᠰᠤ ᠶᠢᠨ ᠤᠯᠤᠰ ᠲᠥᠷᠦ ᠶᠢᠨ ᠵᠦᠪᠯᠡᠯᠭᠡᠨ ᠤ ᠠᠵᠢᠯ ᠶᠢᠨ  ᠬᠠᠷᠢᠭᠤᠴᠠᠯᠭᠠᠲᠠᠳ᠂ ᠠᠵᠢᠯ ᠠᠴᠠ ᠪᠠᠨ ᠪᠠᠭᠤᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠲᠥᠯᠦᠭᠡᠯᠡᠭᠴᠢ᠂ ᠦᠴᠦᠸᠠᠨ ᠰᠢᠶᠠᠨ ᠳᠤ ᠰᠠᠭᠤᠭ᠎ᠠ ᠬᠤᠲᠠ ᠶᠢᠨ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠤᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号