ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠠᠯᠤᠰ ᠠᠴᠠ ᠡᠮᠴᠢᠯᠡᠬᠦ ᠲᠥᠪ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2019-01-10
      ᠦᠨᠳᠦᠰᠦᠨ ᠱᠠᠲᠤᠨ ᠤ ᠡᠮ ᠡᠮᠨᠡᠯᠭᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠡᠮᠨᠡᠯᠭᠡ ᠶᠢᠨ ᠨᠡᠶᠢᠯᠡᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠨᠥᠬᠦᠴᠡᠯ ᠢ ᠰᠠᠶᠢᠵᠢᠷᠠᠭᠤᠯᠬᠤ ᠶᠢᠨ ᠲᠤᠰᠠᠳᠠ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠠᠯᠤᠰ ᠠᠴᠠ ᠡᠮᠴᠢᠯᠡᠬᠦ ᠲᠥᠪ ᠥᠴᠥᠭᠡᠳᠦᠷ ᠠᠰᠢᠭᠯᠠᠯᠲᠠ ᠳᠤ ᠣᠷᠣᠪᠠ᠃      ᠠᠯᠤᠰ ᠡᠮᠴᠢᠯᠡᠭᠡ ᠶᠢ ᠬᠡᠷᠡᠭᠵᠢᠭᠦᠯᠬᠦ ᠨᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠵᠥᠪᠯᠡᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠠᠯᠤᠰ ᠡᠮᠴᠢᠯᠡᠭᠡ ᠪᠠᠷ ᠳᠠᠮᠵᠢᠭᠤᠯᠵᠤ᠂ ᠤᠯᠤᠰ ᠤᠨ ᠳᠣᠲᠣᠨ᠎ᠠ ᠭᠠᠳᠠᠨᠠᠬᠢ ᠬᠥᠭᠵᠢᠭᠰᠡᠨ ᠣᠷᠣᠨ ᠤ ᠲᠡᠷᠢᠭᠦᠨ ᠤ ᠡᠮ ᠡᠮᠨᠡᠯᠭᠡ ᠶᠢᠨ ᠡᠬᠢ ᠪᠠᠶᠠᠯᠢᠭ ᠪᠣᠯᠣᠨ ᠬᠠᠮᠢᠶᠠᠷᠤᠯᠲᠠ ᠶᠢᠨ ᠲᠤᠷᠰᠢᠯᠭ᠎ᠠ ᠶᠢ ᠲᠠᠲᠠᠨ ᠣᠷᠣᠭᠤᠯᠵᠤ᠂ ᠡᠪᠡᠳᠴᠢᠲᠡᠨ ᠳᠤ ᠨᠡᠩ ᠰᠠᠶᠢᠨ ᠡᠮᠴᠢᠯᠡᠭᠡ ᠶᠢᠨ ᠦᠢᠯᠡᠴᠢᠯᠡᠭᠡ ᠶᠢ ᠬᠦᠷᠲᠡᠭᠡᠵᠦ᠂ ᠨᠠᠰᠢ ᠴᠠᠭᠠᠰᠢ ᠭᠦᠶᠦᠬᠦ ᠬᠠᠯᠠ ᠵᠣᠪᠠᠯᠠᠩ ᠢ ᠪᠠᠭᠠᠰᠬᠠᠵᠤ᠂ ᠡᠮ ᠡᠮᠨᠡᠯᠭᠡ ᠶᠢᠨ ᠪᠠ ᠬᠤᠯᠪᠣᠭᠳᠠᠯ ᠪᠦᠬᠦᠢ ᠵᠠᠷᠤᠳᠠᠯ ᠢ ᠭᠠᠮᠨᠠᠬᠤ ᠪᠣᠯᠣᠨ᠎ᠠ᠃ ᠨᠢᠭᠡ ᠲᠠᠯ᠎ᠠ ᠪᠠᠷ᠂ ᠡᠮᠨᠡᠯᠭᠡ ᠶᠢᠨ ᠨᠡᠶᠢᠯᠡᠯ ᠴᠣᠭᠴᠠ ᠤᠨ ᠪᠦᠷᠢᠯᠳᠦᠭᠦᠨ ᠨᠢᠭᠡᠴᠡ ᠲᠠᠢ ᠬᠦᠴᠢᠷ ᠲᠦᠪᠡᠭ ᠲᠠᠢ ᠡᠮᠭᠡᠭ ᠭᠡᠮ ᠤᠨ ᠵᠢᠱᠢᠶ᠎ᠡ ᠶᠢᠨ ᠮᠡᠳᠡᠭᠡ ᠵᠠᠩᠭᠢ ᠪᠣᠯᠣᠨ ᠮᠠᠲ᠋ᠧᠷᠢᠶᠠᠯ ᠢ ᠴᠠᠭ ᠲᠤᠬᠠᠢ ᠳᠤ ᠨᠢ ᠬᠤᠪᠢᠶᠠᠯᠴᠠᠵᠤ᠂ ᠡᠮᠨᠡᠯᠭᠡ ᠶᠢᠨ ᠬᠤᠷᠢᠶ᠎ᠠ ᠶᠢᠨ ᠳᠠᠪᠠᠭᠤᠯᠢᠭ ᠰᠤᠳᠤᠯᠭᠠᠨ ᠤ ᠨᠥᠯᠥᠭᠡᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠲᠤᠰ ᠡᠮᠨᠡᠯᠭᠡ ᠶᠢᠨ ᠬᠤᠷᠢᠶ᠎ᠠ ᠠᠴᠠ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠳᠤ ᠮᠡᠷᠭᠡᠵᠢᠯ ᠤᠨ ᠳᠡᠮᠵᠢᠯᠭᠡ ᠪᠣᠯᠣᠨ ᠪᠣᠯᠪᠠᠰᠤᠷᠠᠭᠤᠯᠤᠯ ᠬᠦᠷᠲᠡᠭᠡᠬᠦ ᠳᠤ ᠨᠡᠩ ᠳᠥᠭᠦᠮ ᠦᠵᠡᠭᠦᠯᠵᠦ᠂ ᠬᠤᠲᠠ ᠪᠠᠯᠭᠠᠰᠤ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠡᠩᠴᠡᠭᠦᠷᠢ ᠲᠠᠢ ᠪᠠᠶᠢᠬᠤ ᠶᠢ ᠲᠦᠯᠬᠢᠨ ᠠᠬᠢᠭᠤᠯᠬᠤ ᠳᠤ ᠠᠴᠢ ᠲᠤᠰᠠ ᠲᠠᠢ ᠶᠤᠮ᠃ ᠲᠤᠰ ᠡᠮᠨᠡᠯᠭᠡ ᠶᠢᠨ ᠬᠤᠷᠢᠶ᠎ᠠ ᠨᠢ ᠠᠯᠤᠰ ᠠᠴᠠ ᠡᠮᠴᠢᠯᠡᠬᠦ ᠲᠥᠪ ᠤᠨ ᠠᠰᠢᠭᠯᠠᠯᠲᠠ ᠳᠤ ᠣᠷᠣᠭᠰᠠᠨ ᠢᠶᠠᠷ ᠲᠣᠬᠢᠶᠠᠯ ᠪᠣᠯᠭᠠᠵᠤ᠂ ᠡᠮ ᠡᠮᠨᠡᠯᠭᠡ ᠶᠢᠨ ᠡᠬᠢ ᠪᠠᠶᠠᠯᠢᠭ ᠢ ᠳᠣᠭᠤᠭᠰᠢ ᠪᠠᠭᠤᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠦᠢᠯᠡᠴᠢᠯᠡᠬᠦ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠳᠡᠭᠡᠳᠦ ᠲᠡᠰ ᠤᠨ᠂ ᠣᠯᠠᠨ ᠡᠰᠢᠲᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠥᠷᠭᠡᠨ ᠣᠯᠠᠨ ᠠᠷᠠᠳ ᠲᠦᠮᠡᠨ ᠳᠤ ᠨᠡᠩ ᠰᠠᠶᠢᠨ ᠴᠢᠨᠠᠷ ᠤᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号