ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠣᠳᠤᠯᠠᠨ ᠪᠠᠶᠢᠴᠠᠭᠠᠬᠤ ᠠᠵᠢᠯ ᠤᠨ ᠨᠢᠭᠡᠳᠦᠭᠡᠷ ᠤᠳᠠᠭᠠᠨ ᠤ  ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-11
     2019 ᠣᠨ ᠤ 1 ᠳ᠋ᠦ᠋ᠭᠡᠷ ᠰᠠᠷ᠎ᠠ ᠶᠢᠨ 8 ᠤ ᠡᠳᠤᠷ᠂ ᠰᠢᠶᠠᠨ ᠤ ᠲᠤᠭ᠎ᠠ ᠪᠦᠷᠢᠳᠬᠡᠯ  ᠤᠨ ᠲᠣᠪᠴᠢᠶ᠎ᠠ ᠳᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠣᠳᠤᠯᠠᠨ ᠪᠠᠶᠢᠴᠠᠭᠠᠬᠤ ᠠᠵᠢᠯ ᠤᠨ ᠨᠢᠭᠡᠳᠦᠭᠡᠷ ᠤᠳᠠᠭᠠᠨ ᠤ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠡᠯ᠎ᠡ ᠰᠢᠶᠠᠩ ᠪᠠᠯᠭᠠᠰᠤ᠂ ᠨᠡᠭᠡᠭᠡᠯᠲᠡ ᠶᠢᠨ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯᠲᠠᠨ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠡᠶᠢᠲᠡ 27 ᠬᠥᠮᠦᠨ ᠬᠤᠷᠠᠯ ᠳᠤ ᠣᠷᠤᠯᠴᠠᠪᠠ᠃      ᠬᠤᠷᠠᠯ ᠠᠴᠠ ᠡᠩ ᠲᠡᠷᠢᠭᠦᠨ ᠳᠤ᠂ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠣᠳᠤᠯᠠᠨ ᠪᠠᠶᠢᠴᠠᠭᠠᠬᠤ ᠠᠵᠢᠯ ᠤᠨ ᠵᠣᠬᠢᠴᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠮᠠᠨ ᠤ ᠰᠢᠶᠠᠨ ᠳᠤ ᠢᠷᠡᠵᠤ ᠰᠢᠮᠳᠠᠭᠤᠯᠤᠨ ᠪᠠᠶᠢᠴᠠᠭᠠᠭᠰᠠᠨ ᠤ ᠳᠠᠷᠠᠭᠠᠬᠢ ᠬᠠᠷᠢᠭᠤ ᠳᠤᠰᠬᠠᠭᠰᠠᠨ ᠠᠰᠠᠭᠤᠳᠠᠯ ᠢ ᠮᠡᠳᠡᠭᠳᠡᠵᠦ᠂ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ ᠤᠨ ᠲᠣᠳᠤᠯᠠᠨ ᠪᠠᠶᠢᠴᠠᠭᠠᠬᠤ ᠠᠵᠢᠯ ᠤᠨ ᠥᠷᠨᠢᠯᠲᠡ ᠶᠢᠨ ᠠᠬᠢᠴᠠ ᠶᠢᠨ ᠪᠠᠶᠢᠳᠠᠯ ᠵᠢᠴᠢ ᠲᠣᠳᠤᠯᠠᠨ ᠪᠠᠶᠢᠴᠠᠭᠠᠯᠲᠠ ᠳᠣᠮᠳᠠ ᠣᠷᠤᠰᠢᠵᠤ ᠪᠠᠶᠢᠭ᠎ᠠ ᠠᠰᠠᠭᠤᠳᠠᠯ ᠢ ᠵᠠᠳᠠᠯᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ ᠬᠠᠮᠤᠭ ᠰᠡᠭᠦᠯ ᠳᠤ᠂ ᠰᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠡᠷᠬᠢᠯᠡᠭᠴᠢ ᠶᠠᠨ ᠮᠸᠢ ᠶᠢᠩ ᠴᠢᠩᠭᠠᠳᠬᠠᠭᠰᠠᠨ ᠨᠢ᠂ ᠳᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠣᠳᠤᠯᠠᠨ ᠪᠠᠶᠢᠴᠠᠭᠠᠬᠤ ᠠᠵᠢᠯ ᠨᠢ ᠢᠷᠡᠬᠦ ᠵᠢᠯ ᠤᠨ ᠵᠢᠩᠬᠢᠨᠢ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠦᠵᠡᠭᠦᠯᠬᠦ ᠨᠥᠯᠦᠭᠡ ᠶᠡᠭᠡ ᠪᠥᠭᠡᠳ ᠳᠠᠷᠠᠭᠠᠴᠢ ᠶᠢᠨ ᠲᠠᠪᠤᠨ ᠵᠢᠯ ᠤᠨGDP ᠢ ᠪᠣᠳᠤᠬᠤ ᠰᠠᠭᠤᠷᠢ ᠮᠦᠨ︔《 ᠬᠡᠪᠢᠰ ᠮᠠᠶ᠋ᠢᠭ ᠤᠨ》ᠲᠣᠳᠤᠯᠠᠨ ᠪᠠᠶᠢᠴᠠᠭᠠᠬᠤ ᠵᠠᠷᠴᠢᠮ ᠪᠠ ᠠᠷᠭ᠎ᠠ ᠠᠪᠴᠠᠯ ᠢ ᠬᠡᠷᠡᠭᠯᠡᠵᠦ᠂ ᠲᠤᠰ ᠭᠠᠵᠠᠷ ᠣᠷᠤᠨ ᠤ ᠬᠠᠷᠢᠶᠠᠨ ᠳᠠᠬᠢ ᠠᠵᠤ ᠠᠬᠤᠶᠢᠯᠠᠯ᠂ ᠠᠵᠤ ᠦᠢᠯᠡᠰ ᠤᠨ ᠠᠵᠢᠯᠯᠠᠭ᠎ᠠ ᠥᠷᠨᠢᠭᠦᠯᠬᠦ ᠨᠢᠭᠡᠴᠡ ᠪᠠ ᠬᠤᠪᠢ ᠡᠷᠦᠬᠡ ᠶᠢᠨ ᠪᠠᠶᠢᠳᠠᠯ ᠢ ᠣᠶᠢᠯᠭᠠᠵᠤ᠂ ᠳᠠᠪᠬᠤᠷᠳᠠᠭᠤᠯᠤᠨ ᠭᠡᠭᠡᠭᠳᠡᠭᠦᠯᠬᠦ ᠦᠭᠡᠢ ᠪᠠᠶᠢᠬᠤ ᠬᠡᠷᠡᠭᠲᠡᠢ︔ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ ᠤᠨ ᠬᠢᠨ ᠲᠤᠰ ᠤᠳᠠᠭᠠᠨ ᠤ ᠲᠣᠳᠤᠯᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠵᠤ᠂  ᠪᠥᠬᠦ ᠬᠦᠴᠦᠨ ᠢᠶᠠᠷ ᠢᠶᠠᠨ ᠠᠵᠢᠯᠲᠠᠳ ᠢ ᠵᠣᠬᠢᠶᠠᠨ ᠪᠠᠶᠢᠭᠤᠯᠵᠤ ᠡᠷᠦᠬᠡ ᠳᠤ ᠬᠦᠷᠴᠤ ᠪᠠᠶᠢᠳᠠᠯ ᠢ ᠣᠶᠢᠯᠭᠠᠨ᠂ ᠲᠤᠰ ᠨᠢᠭᠡᠴᠡ ᠶᠢᠨ ᠢᠶᠠᠨ ᠲᠣᠳᠤᠯᠠᠨ ᠪᠠᠶᠢᠴᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ  ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号