| | | 1 ᠳ᠋ᠦ᠋ᠭᠡᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ | ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠵᠣ᠂ ᠲᠠᠨᠢᠯᠲᠠ ᠪᠠᠨ ᠳᠡᠭᠡᠭᠰᠢᠯᠡᠭᠦᠯᠦᠨ᠂ ᠠᠷᠭ᠎ᠠ | ᠠᠪᠴᠠᠯ ᠢᠶᠠᠨ ᠴᠢᠩᠭᠠᠳᠬᠠᠵᠣ᠂ ᠬᠦᠴᠦ ᠪᠠᠨ ᠬᠠᠮᠲᠣᠳᠬᠠᠨ᠂ ᠠᠯᠢᠪᠠ ᠬᠦᠴᠢᠷ ᠪᠡᠷᠬᠡ ᠶᠢ ᠢᠯᠠᠨ ᠳᠠᠪᠠᠵᠣ᠂ | ᠡᠭᠦᠷᠭᠡ ᠪᠠᠨ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠬᠤᠷᠠᠯ ᠳᠡᠭᠡᠷ᠎ᠡ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠣ᠂ ᠬᠤᠷᠠᠯ ᠳᠤ ᠣᠷᠣᠯᠴᠠᠭᠰᠠᠳ ᠡᠭᠦᠨ ᠤ ᠲᠤᠬᠠᠢ ᠶᠠᠷᠢᠯᠴᠠᠭ᠎ᠠ ᠥᠷᠨᠢᠭᠦᠯᠪᠡ᠃ | ᠴᠧᠨ ᠯᠢ ᠶᠢᠨ ᠵᠢᠭᠠᠵᠣ ᠭᠠᠷᠭᠠᠭᠰᠠᠨ ᠨᠢ᠂ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠦᠷᠥᠯ | ᠵᠦᠢᠯ ᠤᠨ ᠰᠣᠳᠣᠯᠭᠠᠨ ᠤ ᠮᠡᠳᠡᠭᠦᠯᠦᠯᠲᠡ ᠨᠢ ᠨᠢᠭᠡᠨᠲᠡ ᠣᠯᠣᠰ ᠤᠨ ᠬᠦᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠢᠶᠠᠷ ᠵᠢᠩᠬᠢᠨᠢ ᠪᠠᠷ ᠴᠣᠬᠤᠯᠠᠪᠣᠷᠢᠯᠠᠭᠤᠯᠵᠣ᠂ ᠡᠨᠡ ᠨᠢ ᠲᠣᠰ ᠲᠦᠷᠥᠯ ᠵᠦᠢᠯ ᠨᠢᠭᠡᠨᠲᠡ | ᠬᠡᠷᠡᠭᠵᠢᠭᠦᠯᠦᠯᠲᠡ ᠶᠢᠨ ᠱᠠᠲᠣᠨ ᠳᠤ ᠣᠷᠣᠭᠰᠠᠨ ᠢ ᠬᠠᠷᠠᠭᠤᠯᠵᠣ ᠪᠠᠶᠢᠭ᠎ᠠ ᠶᠤᠮ᠃ ᠬᠦᠬᠡᠬᠤᠲᠠ ᠶᠢᠨ ᠰᠢᠨ᠎ᠡ | ᠨᠢᠰᠬᠡᠯ ᠤᠨ ᠪᠠᠭᠤᠳᠠᠯ ᠢ ᠪᠦᠲᠦᠭᠡᠨ ᠪᠠᠶᠢᠭᠤᠯᠬᠤ ᠨᠢ ᠥᠪᠥᠷ ᠮᠣᠩᠭᠤᠯ᠂ ᠣᠨᠴᠠᠭᠠᠶᠢᠯᠠᠨ ᠬᠦᠬᠡᠬᠤᠲᠠ ᠶᠢᠨ | ᠢᠷᠡᠭᠡᠳᠦᠢ ᠶᠢᠨ ᠠᠵᠣ ᠠᠬᠤᠢ ᠨᠡᠶᠢᠭᠡᠮ ᠤᠨ ᠦᠨᠳᠦᠷ ᠴᠢᠨᠰᠠᠭᠠᠲᠣ ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦ᠂ | ᠪᠠᠰᠠᠴᠣ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠲᠦᠷᠥᠯ ᠵᠦᠢᠯ ᠪᠣᠯᠣᠨ | ᠠᠷᠠᠳ ᠲᠤ ᠠᠰᠢᠭᠲᠠᠢ ᠠᠷᠠᠳ ᠤᠨ ᠠᠮᠢᠳᠣᠷᠠᠯ ᠤᠨ ᠢᠨᠵᠧᠨᠧᠷᠢᠩ ᠪᠣᠯᠣᠨ᠎ᠠ᠃ | ᠴᠧᠨ ᠯᠢ ᠶᠢᠨ ᠴᠢᠩᠭᠠᠳᠬᠠᠭᠰᠠᠨ ᠨᠢ᠂ ᠨᠢᠭᠡ ᠳᠤ ᠣᠯᠣᠰ ᠲᠦᠷᠥ ᠶᠢᠨ ᠵᠣᠭᠰᠣᠴᠠ ᠪᠣᠯᠣᠨ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠡᠯ᠎ᠡ | ᠡᠭᠦᠷᠭᠡ ᠴᠢᠳᠠᠮᠵᠢᠲᠣ ᠰᠠᠯᠠᠭ᠎ᠠ ᠮᠦᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠶᠡᠷᠦᠩᠬᠡᠢ ᠲᠦᠯᠦᠪᠵᠢᠭᠦᠯᠭᠡ | ᠂ ᠠᠩᠬ᠎ᠠ ᠠᠯᠬᠤᠮ ᠤᠨ ᠲᠦᠰᠦᠪᠯᠡᠯ ᠵᠡᠷᠭᠡ ᠬᠢᠨᠠᠨ ᠵᠥᠪᠰᠢᠶᠡᠷᠡᠬᠦ ᠠᠵᠢᠯ ᠢ ᠲᠦᠷᠭᠡᠳᠬᠡᠬᠦ ᠬᠡᠷᠡᠭᠲᠡᠢ︔ ᠬᠤᠶᠠᠷ ᠲᠤ | ᠴᠠᠭ ᠤᠨ ᠬᠦᠰᠦᠨᠦᠭᠲᠦ ᠶᠢ ᠲᠣᠳᠣᠷᠬᠠᠢ ᠪᠠᠶᠢᠯᠭᠠᠵᠣ᠂ ᠡᠭᠦᠷᠭᠡ ᠬᠠᠷᠢᠭᠤᠴᠠᠯᠭ᠎ᠠ ᠶᠢᠨ ᠪᠢᠴᠢᠭ ᠢ ᠲᠣᠭᠲᠠᠭᠠᠨ᠂ | ᠱᠠᠲᠣ ᠱᠠᠲᠣ ᠪᠠᠷ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠂ ᠠᠰᠠᠭᠤᠳᠠᠯ ᠤᠨ ᠵᠢᠯᠣᠭᠤᠳᠣᠮᠵᠢ ᠴᠢᠭᠯᠡᠭᠦᠯᠦᠯᠲᠡ ᠶᠢ | ᠳᠣᠪᠣᠶᠢᠯᠭᠠᠵᠣ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ | ᠨᠠᠶᠢᠳᠠᠪᠣᠷᠢᠵᠢᠭᠤᠯᠣᠯᠲᠠ ᠶᠢ ᠠᠳᠬᠤᠬᠤ ᠬᠡᠷᠡᠭᠲᠡᠢ︔ ᠭᠤᠷᠪᠠ ᠳᠤ ᠲᠦᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠲᠠᠯ᠎ᠠ ᠪᠠᠷ ᠠᠶᠢᠯ ᠪᠣᠯᠭᠠᠨ ᠳᠤ ᠮᠡᠳᠡᠭᠦᠯᠬᠦ ᠪᠠᠷ ᠴᠢᠷᠮᠠᠶᠢᠵᠤ᠂ ᠭᠠᠵᠠᠷ ᠣᠷᠣᠨ ᠤ ᠵᠠᠭᠠᠭ ᠵᠢᠴᠢ ᠭᠠᠵᠠᠷ | ᠬᠡᠷᠡᠭᠯᠡᠯᠲᠡ ᠶᠢᠨ ᠵᠢᠭᠤᠷᠠᠯᠳᠣᠭᠠᠨ ᠵᠡᠷᠭᠡ ᠠᠰᠠᠭᠤᠳᠠᠯ ᠢ ᠵᠥᠪ ᠢᠶᠠᠷ ᠰᠢᠢᠳᠪᠦᠷᠢᠯᠡᠵᠦ᠂ ᠬᠠᠷ᠎ᠠ ᠶᠢ ᠠᠷᠢᠯᠭᠠᠵᠣ | ᠬᠠᠷᠬᠢᠰ ᠢ ᠤᠰᠠᠳᠬᠠᠬᠤ ᠲᠣᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠵᠣᠬᠢᠴᠠᠭᠤᠯᠣᠯᠲᠠ ᠪᠠᠲᠣᠯᠠᠭ᠎ᠠ ᠪᠣᠯᠣᠨ | ᠠᠮᠣᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠦᠨᠡᠨᠬᠦ ᠰᠠᠶᠢᠲᠣᠷ ᠬᠢᠵᠦ᠂ ᠰᠢᠨ᠎ᠡ ᠨᠢᠰᠬᠡᠯ ᠤᠨ | ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠣᠷᠣᠭᠰᠢᠲᠠᠢ ᠶᠠᠪᠣᠭᠳᠠᠬᠤ ᠶᠢ ᠪᠠᠲᠣᠯᠠᠬᠤ ᠬᠡᠷᠡᠭᠲᠡᠢ︔ ᠳᠥᠷᠪᠡ ᠳᠤ | ᠬᠢᠵᠠᠭᠠᠷᠲᠠᠢ ᠴᠠᠭ ᠢ ᠭᠦᠢᠴᠡᠳ ᠠᠰᠢᠭᠯᠠᠵᠣ᠂ ᠬᠠᠮᠲᠣ ᠶᠢᠨ ᠬᠦᠴᠦ ᠶᠢ ᠪᠦᠷᠢᠯᠳᠦᠭᠦᠯᠵᠦ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠢᠯ ᠤᠨ ᠵᠣᠬᠢᠴᠠᠭᠤᠯᠭ᠎ᠠ ᠪᠠᠨ ᠴᠢᠩᠭᠠᠳᠬᠠᠨ᠂ ᠠᠯᠢᠪᠠ ᠬᠦᠴᠢᠷ ᠢ | ᠢᠯᠠᠨ ᠳᠠᠪᠠᠵᠤ᠂ ᠠᠷᠭ᠎ᠠ ᠪᠦᠬᠦᠨ ᠢ ᠰᠦᠪᠡᠭᠴᠢᠯᠡᠨ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠣᠯᠲᠠ ᠶᠢᠨ ᠡᠭᠦᠷᠭᠡ ᠶᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠰᠡᠨ ᠪᠠᠶᠢᠨ᠎ᠠ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ | ᠯᠢᠨ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠠᠵᠢᠯ ᠳᠤ | ᠪᠠᠶᠢᠷᠢᠰᠢᠭᠤᠯᠣᠯᠲᠠ ᠬᠢᠪᠡ᠃ ᠲᠡᠷᠡ ᠴᠢᠩᠭᠠᠳᠬᠠᠭᠰᠠᠨ ᠨᠢ᠂ ᠰᠢᠨ᠎ᠡ ᠨᠢᠰᠬᠡᠯ ᠤᠨ ᠪᠠᠭᠤᠳᠠᠯ ᠤᠨ ᠲᠠᠲᠠᠪᠣᠷᠢᠯᠠᠵᠣ | ᠨᠣᠷᠠᠭᠠᠬᠤ ᠠᠵᠢᠯ ᠤᠨ ᠳᠣᠮᠳᠠ ᠣᠷᠣᠰᠢᠵᠣ ᠪᠠᠶᠢᠭ᠎ᠠ ᠠᠰᠠᠭᠤᠳᠠᠯ ᠢ ᠨᠠᠷᠢᠯᠢᠭ ᠡᠮᠬᠢᠯᠡᠨ᠂ ᠬᠠᠷᠠᠯᠲᠠ ᠲᠣᠳᠣᠷᠬᠠᠢ | ᠭᠤᠣᠯᠳᠠᠯᠭ᠎ᠠ ᠳᠣᠪᠣᠶᠢᠮ᠎ᠠ ᠪᠠᠶᠢᠬᠤ ᠶᠢ ᠪᠠᠲᠣᠯᠠᠬᠤ ᠬᠡᠷᠡᠭᠲᠡᠢ᠃ ᠠᠰᠠᠭᠤᠳᠠᠯ ᠤᠨ ᠵᠢᠯᠣᠭᠤᠳᠣᠮᠵᠢ ᠴᠢᠭᠯᠡᠭᠦᠯᠦᠯᠲᠡ ᠶᠢ | ᠦᠨᠳᠦᠰᠦᠯᠡᠵᠦ᠂ ᠲᠦᠰᠦᠯ ᠲᠣᠭᠲᠠᠭᠠᠨ᠂ ᠠᠷᠭ᠎ᠠ ᠬᠡᠮᠵᠢᠶ᠎ᠡ ᠠᠪᠴᠣ᠂ ᠨᠢᠭᠡᠳ ᠨᠢᠭᠡ ᠪᠠᠷ ᠰᠢᠢᠳᠪᠦᠷᠢᠯᠡᠨ᠂ ᠰᠢᠨ᠎ᠡ | ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠠᠵᠢᠯ ᠡᠮᠬᠢ ᠵᠢᠷᠣᠮ ᠲᠠᠢ ᠥᠷᠨᠢᠬᠦ ᠶᠢ ᠠᠬᠢᠭᠤᠯᠬᠤ | ᠬᠡᠷᠡᠭᠲᠡᠢ᠃ ᠲᠣᠷᠰᠢᠯᠲᠠ ᠶᠢᠨ ᠲᠣᠰᠬᠤᠨ ᠤ ︽ᠨᠢᠭᠡ ᠮᠦ ᠭᠠᠵᠠᠷ ᠦᠯᠡᠳᠡᠭᠡᠬᠦ ᠪᠦᠲᠦᠭᠡᠨ ᠪᠠᠶᠢᠭᠤᠯᠣᠯᠲᠠ︾ ᠶᠢᠨ | ᠠᠵᠢᠯ ᠢ ᠪᠦᠬᠦ ᠬᠦᠴᠦᠨ ᠢᠶᠠᠷ ᠰᠠᠶᠢᠲᠣᠷ ᠠᠳᠬᠤᠵᠣ᠂ ᠪᠤᠴᠠᠨ ᠨᠡᠭᠦᠬᠦ ᠬᠤᠷᠢᠶᠠᠯᠠᠯ ᠤᠨ ᠰᠠᠭᠤᠷᠢ ᠪᠡᠯᠡᠳᠬᠡᠮᠵᠢ ᠶᠢᠨ | ᠪᠠᠶᠢᠭᠤᠯᠣᠯᠲᠠ ᠶᠢ ᠠᠯᠢ ᠲᠦᠷᠭᠡᠨ ᠢᠶᠠᠷ ᠲᠡᠭᠦᠯᠳᠡᠷᠵᠢᠭᠦᠯᠵᠦ᠂ ᠰᠢᠨ᠎ᠡ ᠵᠢᠯ ᠠᠴᠠ ᠡᠮᠦᠨᠡᠬᠢ ᠲᠣᠭᠲᠠᠭᠤᠨ ᠢ | ᠬᠠᠮᠠᠭᠠᠯᠠᠬᠤ ᠠᠵᠢᠯ ᠢ ᠰᠠᠶᠢᠲᠣᠷ ᠥᠷᠨᠢᠭᠦᠯᠵᠦ᠂ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠠᠵᠢᠯ | ᠳᠤ ᠴᠢᠩᠭ᠎ᠠ ᠬᠦᠴᠦᠲᠡᠢ ᠪᠠᠲᠣᠯᠠᠭ᠎ᠠ ᠬᠠᠩᠭᠠᠬᠤ ᠬᠡᠷᠡᠭᠲᠡᠢ ᠭᠡᠰᠡᠨ ᠪᠠᠶᠢᠨ᠎ᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ | ᠦᠷᠲᠡᠭᠡᠨ ᠤ ᠠᠰᠠᠷ ᠤᠨ ᠪᠠᠶᠢᠷᠢ ᠰᠣᠩᠭᠤᠯᠲᠠ ᠶᠢᠨ ᠭᠠᠵᠠᠷ ᠤᠨ ᠠᠬᠤᠢ ᠲᠠᠯᠠᠪᠠᠢ ᠳᠤ ᠬᠦᠷᠴᠦ ᠪᠠᠶᠢᠴᠠᠭᠠᠨ | ᠰᠣᠳᠣᠯᠣᠯᠲᠠ ᠬᠢᠪᠡ᠃ | ᠴᠣᠷᠵᠢ ᠶᠢᠨ ᠪᠠᠶᠢᠰᠢᠩ ᠪᠠᠯᠭᠠᠰᠣ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ | ᠬᠤᠷᠠᠯ ᠳᠤ ᠣᠷᠣᠯᠴᠠᠪᠠ᠃ |