ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠺᠤᠮᠢᠰ ᠬᠦᠬᠡᠬᠤᠲᠠ ᠶᠢᠨ ᠰᠢᠨ᠎ᠡ ᠨᠢᠰᠬᠦ ᠤᠩᠭᠤᠴᠠᠨ ᠤ ᠪᠠᠭᠤᠳᠠᠯ ᠤᠨ ᠪᠤᠯᠤᠮᠵᠢ ᠶᠢᠨ ᠴᠢᠨᠠᠷᠲᠠᠢ ᠰᠤᠳᠤᠯᠭᠠᠨ ᠤ ᠲᠠᠶᠢᠯᠤᠨ ᠳᠤ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2019-01-11
      ᠰᠤᠷᠪᠤᠯᠵᠢᠯᠠᠬᠴᠢ 1 ᠰᠠᠷ᠎ᠠ ᠶᠢᠨ 8 ᠤ ᠡᠳᠦᠷ ᠬᠦᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠠᠴᠠ ᠤᠶᠢᠯᠠᠭᠠᠬᠰᠠᠨ ᠢᠶᠠᠷ᠂ 1 ᠰᠠᠷ᠎ᠠ ᠶᠢᠨ 2 ᠤᠨ ᠡᠳᠦᠷ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠺᠤᠮᠢᠰ ᠬᠦᠬᠡᠬᠤᠲᠠ ᠶᠢᠨ ᠰᠢᠨ᠎ᠡ ᠨᠢᠰᠬᠦ ᠤᠩᠭᠤᠴᠠᠨ ᠤ ᠪᠠᠭᠤᠳᠠᠯ ᠤᠨ ᠪᠤᠯᠤᠮᠵᠢ ᠶᠢᠨ ᠴᠢᠨᠠᠷᠲᠠᠢ ᠰᠤᠳᠤᠯᠭᠠᠨ ᠤ ᠲᠠᠶᠢᠯᠤᠨ ᠳᠤ ᠵᠢᠩᠬᠢᠨᠢ ᠪᠠᠷ ᠴᠤᠬᠤᠯᠠᠪᠤᠷᠢ ᠦᠭᠴᠡᠢ᠃      ᠤᠶᠢᠯᠠᠭᠠᠬᠰᠠᠨ ᠢᠶᠠᠷ᠂ ᠬᠦᠬᠡᠬᠤᠲᠠ ᠶᠢᠨ ᠰᠢᠨ᠎ᠡ ᠨᠢᠰᠬᠦ ᠤᠩᠭᠤᠴᠠᠨ ᠤ ᠪᠠᠭᠤᠳᠠᠯ ᠤᠨ ᠲᠤᠰ ᠡᠭᠡᠯᠵᠢ ᠶᠢᠨ ᠪᠠᠷᠢᠯᠭ᠎ᠠ ᠶᠢᠨ ᠠᠵᠢᠯ ᠳᠤ ᠨᠢᠰᠬᠦ ᠣᠩᠭᠤᠴᠠᠨ ᠤ ᠭᠦᠶᠦᠯᠲᠡ ᠶᠢᠨ ᠱᠤᠭᠤᠮ ᠤᠨ ᠬᠡᠰᠡᠭ ᠤᠨ ᠵᠠᠯᠠᠭᠤᠷ ᠤᠨ ᠴᠠᠷᠬᠢᠯᠠᠬᠤ ᠰᠢᠰᠲ᠋ᠧᠮ᠂ ᠲᠧᠷᠮᠢᠨᠠᠯ ᠤᠨ ᠭᠤᠣᠯ ᠪᠠᠷᠢᠯᠭ᠎ᠠ ᠨᠢ 2030 ᠣᠨ ᠳᠤ ᠳᠠᠪᠬᠤᠷᠳᠠᠭᠰᠠᠨ ᠲᠤᠭ᠎ᠠ ᠪᠠᠷ 28000 ᠲᠦᠮᠡᠨ ᠵᠣᠷᠴᠢᠭᠴᠢ ᠬᠦᠯᠢᠶᠡᠨ ᠠᠪᠬᠤ᠂ ᠠᠴᠢᠶ᠎ᠠ ᠲᠡᠭᠡᠭᠡᠪᠦᠷᠢ ᠶᠢ 32 ᠲᠦᠮᠡᠨ ᠲᠣᠨ ᠳᠤ ᠬᠦᠷᠭᠡᠬᠦ ᠬᠦᠴᠦᠨ ᠴᠢᠳᠠᠯ ᠲᠠᠢ ᠪᠣᠯᠭᠠᠬᠤ ᠱᠠᠭᠠᠷᠳᠠᠯᠭ᠎ᠠ ᠶᠢ ᠬᠠᠩᠭᠠᠬᠤᠶᠢᠴᠠ ᠵᠢᠷᠤᠭ ᠲᠥᠰᠥᠯ ᠬᠢᠵᠦ᠂ ᠲᠧᠷᠮᠢᠨᠠᠯ ᠤᠨ ᠬᠤᠩᠭᠢᠯ᠂ ᠠᠴᠢᠶ᠎ᠠ ᠲᠡᠭᠡᠭᠡᠪᠦᠷᠢᠯᠡᠯᠲᠡ᠂ ᠬᠤᠭᠤᠯᠠ ᠬᠦᠨᠡᠰᠦ ᠵᠡᠷᠭᠡ ᠶᠢ 2025 ᠣᠨ ᠳᠤ ᠳᠠᠪᠬᠤᠷᠳᠠᠭᠰᠠᠨ ᠲᠤᠭ᠎ᠠ ᠪᠠᠷ 2200 ᠲᠦᠮᠡᠨ ᠵᠣᠷᠴᠢᠭᠴᠢ ᠬᠦᠯᠢᠶᠡᠨ ᠠᠪᠴᠤ᠂ ᠠᠴᠢᠶ᠎ᠠ ᠲᠡᠭᠡᠭᠡᠪᠦᠷᠢᠯᠡᠯᠲᠡ 20 ᠲᠦᠮᠡᠨ ᠲᠣᠨ ᠢ ᠪᠠᠲᠤᠯᠠᠬᠤ ᠪᠠᠷ ᠵᠢᠷᠤᠵᠤ ᠲᠥᠯᠥᠪᠯᠡᠭᠰᠡᠨ ᠪᠠᠶᠢᠨ᠎ᠠ᠃ ᠬᠤᠭᠤᠷᠣᠨᠳᠣ ᠪᠠᠨ 2000 ᠮᠧᠲᠷ ᠵᠠᠶᠢᠲᠠᠢ ᠨᠢᠰᠬᠦ ᠣᠩᠭᠤᠴᠠᠨ ᠤ ᠭᠦᠶᠦᠯᠲᠡ ᠶᠢᠨ ᠱᠤᠭᠤᠮ ᠪᠣᠯᠤᠨ ᠵᠠᠯᠠᠭᠤᠷ ᠤᠨ ᠴᠠᠷᠭᠢᠯᠠᠬᠤ ᠵᠡᠷᠭᠡᠴᠡᠭᠡ 2 ᠰᠢᠰᠲ᠋ᠧᠮ ᠢ ᠰᠢᠨ᠎ᠡ ᠪᠠᠷ ᠪᠠᠶᠢᠭᠤᠯᠵᠤ᠂ 26 ᠲᠦᠮᠡᠨ ᠺᠦᠸᠠᠳ᠋ ᠮᠤᠲᠷ ᠲᠠᠯᠠᠪᠠᠢ ᠪᠦᠬᠦᠢ ᠲᠧᠷᠮᠢᠨᠠᠯ᠂ 125 ᠨᠢᠰᠬᠦ ᠣᠩᠭᠤᠴᠠᠨ ᠤ ᠵᠣᠭᠰᠣᠭᠠᠯ᠂ 5 ᠲᠦᠮᠡᠨ ᠺᠦᠸᠠᠳ᠋ ᠮᠤᠲᠷ ᠵᠠᠮ ᠤᠨ ᠰᠡᠯᠭᠦᠭᠡᠨ ᠤ ᠲᠥᠪ᠂ 9.5 ᠲᠦᠮᠡᠨ ᠺᠦᠸᠠᠳ᠋ ᠮᠤᠲᠷ ᠲᠠᠯᠠᠪᠠᠢ ᠲᠠᠢ ᠮᠠᠰᠢᠨ ᠤ ᠵᠣᠭᠰᠣᠭᠠᠯ ᠪᠠ ᠵᠠᠰᠠᠪᠤᠷᠢ᠂ ᠭᠠᠯ ᠰᠥᠨᠥᠭᠡᠬᠦ ᠵᠡᠷᠭᠡ ᠪᠠᠶᠢᠭᠤᠯᠤᠮᠵᠢ ᠪᠣᠯᠤᠨ ᠴᠠᠬᠢᠯᠭᠠᠨ ᠬᠠᠩᠭᠠᠬᠤ᠂ ᠤᠰᠤ ᠵᠠᠶᠢᠯᠠᠭᠤᠯᠬᠤ᠂ ᠬᠠᠯᠠᠭᠠᠯᠲᠠ᠂ ᠬᠥᠷᠥᠭᠡᠯᠲᠡ ᠵᠡᠷᠭᠡ ᠪᠠᠶᠢᠭᠤᠯᠤᠮᠵᠢ ᠲᠠᠢ᠃
 
ᠢᠷᠡᠯᠲᠡ᠄ ᠦᠪᠦᠷ ᠮᠤᠩᠭᠤᠯ ᠤᠨ ᠰᠤᠨᠢᠨ ᠮᠡᠳᠡᠭᠡᠨ ᠤ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号