| | ᠬᠡᠷᠡᠭᠯᠡᠭᠡ ᠶᠢᠨ ᠣᠷᠣᠨ ᠨᠤᠲᠤᠭ ᠤᠨ ᠠᠵᠤ ᠠᠬᠤᠢ ᠳᠤ ᠦᠵᠡᠭᠦᠯᠬᠦ ᠳᠠᠭᠠᠭᠤᠯᠬᠤ ᠦᠢᠯᠡᠳᠦᠯ ᠢ ᠤᠯᠠᠮ | ᠨᠢᠭᠡ ᠠᠯᠬᠤᠮ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠲᠠᠶ ᠨᠡᠮᠡᠭᠳᠡᠭᠦᠯᠵᠦ᠂ ᠰᠢᠶᠠᠨ ᠤ | ᠬᠡᠪᠴᠢᠶᠡᠨ ᠤ ᠤᠠᠴᠠᠯᠢᠬᠳᠦ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ | ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠪᠣᠭᠤᠮᠲᠠ ᠰᠢᠪᠲᠤᠯᠬᠤ ᠳᠤ ᠨᠡᠮᠡᠭᠦᠷᠢ ᠦᠵᠡᠭᠦᠯᠬᠦᠶᠡ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠲᠤᠰᠠᠳᠠ᠂ 1 | ᠳ᠋ᠦ᠋ᠭᠡᠷ ᠰᠠᠷ᠎ᠠ ᠶᠢᠨ 7 ᠤ ᠡᠳᠦᠷ᠂ ᠪᠦᠬᠦ ᠰᠢᠶᠠᠨ ᠤ ᠭᠤᠷᠪᠠᠳᠤᠭᠠᠷ ᠬᠤᠭᠤᠴᠠᠭᠠᠨ ᠤ ︽ᠤᠨᠢᠨ ᠳᠡᠭᠡᠷ᠎ᠡ ᠨᠢ | ᠶᠠᠳᠠᠭᠤ ᠶᠢ ᠲᠡᠳᠬᠦᠬᠦ᠂ ᠬᠠᠶᠢᠷ᠎ᠠ ᠲᠠᠢ ᠬᠠᠮᠲᠤ ᠠᠶᠠᠯᠠᠨᠠᠮ︾ ᠴᠠᠭᠠᠨ ᠰᠠᠷ᠎ᠠ ᠶᠢᠨ ᠲᠠᠸᠠᠷ ᠤᠨ ᠪᠠᠶᠠᠷ ᠤᠨ ᠪᠡᠯᠡᠳᠬᠡᠯ | ᠬᠤᠷᠠᠯ ᠢ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠲᠠᠩᠬᠢᠮ ᠳᠤ ᠬᠤᠷᠠᠯᠳᠤᠭᠤᠯᠪᠠ᠃ | ᠵᠠᠩ ᠺᠧ ᠯᠢᠩ᠂ ᠶᠠᠩ ᠳ᠋ᠧ ᠮᠢᠩ᠂ ᠸᠠᠩ ᠱᠠᠨ ᠴᠢᠤᠸᠠᠨ᠂ ᠯᠢ ᠵᠢᠶᠦ᠋ᠨ᠂ ᠱᠢ ᠶᠦᠩ ᠫᠢᠩ ᠵᠡᠷᠭᠡ | ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠶᠢᠯ ᠺᠧ ᠯᠢᠩ ᠠᠴᠠ ᠠᠵᠢᠯᠯᠠᠭ᠎ᠠ ᠶᠢᠨ | ᠲᠦᠢᠮᠣ ᠪᠠᠶᠢᠳᠠᠯ ᠢ ᠲᠠᠨᠢᠯᠴᠠᠭᠤᠯᠵᠤ᠂ ᠡᠯ᠎ᠡ ᠪᠡᠯᠡᠳᠬᠡᠯ ᠠᠵᠢᠯ ᠤᠨ ᠳᠤᠭᠤᠶᠢᠯᠠᠩ ᠤᠨ ᠡᠭᠦᠷᠭᠡ ᠶᠢᠨ ᠬᠤᠪᠢᠶᠠᠷᠢᠯᠠᠯ | ᠵᠢᠴᠢ ᠲᠤᠰᠢᠶᠠᠯ ᠬᠠᠷᠢᠭᠤᠴᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠵᠤ᠂ ᠴᠠᠭ ᠤᠨ ᠵᠠᠩᠭᠢᠶᠠᠰᠤ ᠪᠠ ᠠᠵᠢᠯ ᠤᠨ | ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠩ ᠺᠧ ᠯᠢᠩ ᠵᠢᠭᠠᠵᠤ ᠭᠠᠷᠭᠠᠭᠰᠠᠨ ᠨᠢ᠂ ᠨᠢᠭᠡ ᠳᠤ᠂ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ᠂ ᠠᠵᠢᠯ ᠤᠨ ᠳᠤᠭᠤᠶᠢᠯᠠᠩ ᠨᠢᠭᠡᠪᠦᠷᠢ ᠳᠤ ᠵᠣᠬᠢᠴᠠᠩᠭᠤᠶ ᠲᠥᠰᠦᠯ ᠲᠣᠭᠲᠠᠭᠠᠬᠤ ᠬᠡᠷᠡᠭᠲᠡᠢ᠃ | ᠬᠤᠶᠠᠷ ᠲᠤ᠂ ᠰᠤᠷᠲᠠᠯᠴᠢᠯᠠᠨ ᠤᠬᠠᠭᠤᠯᠬᠤ ᠠᠵᠢᠯ ᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠨᠢᠭᠡᠳᠦᠯᠲᠡᠢ | ᠲᠥᠯᠥᠪᠵᠢᠭᠦᠯᠬᠦ᠂ ᠵᠣᠬᠢᠴᠠᠭᠤᠯᠬᠤ᠂ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠪᠡ ᠳᠤ᠂ | ᠶᠠᠳᠠᠭᠤ ᠶᠢ ᠲᠡᠳᠬᠦᠬᠦ ᠦᠵᠡᠰᠬᠦᠯᠡᠩ ᠢ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠨᠡᠶᠢᠲᠡᠯᠢᠭ ᠵᠢᠱᠢᠶ᠎ᠡ ᠶᠢ | ᠰᠣᠩᠭᠤᠵᠤ᠂ ᠶᠠᠳᠠᠭᠤ ᠶᠢ ᠲᠡᠳᠬᠦᠭᠰᠡᠨ ᠥᠯᠢᠭᠡᠷ ᠢ ᠰᠠᠶᠢᠬᠠᠨ ᠶᠠᠷᠢᠵᠤ᠂ ᠲᠠᠨᠢᠯᠴᠠᠭᠤᠯᠵᠤ᠂ ᠮᠠᠨ ᠤ ᠰᠢᠶᠠᠨ ᠤ | ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠭᠡᠯ ᠢ ᠰᠠᠶᠢᠳᠤᠷ ᠦᠵᠡᠭᠦᠯᠬᠦ ᠬᠡᠷᠡᠭᠲᠡᠢ᠃ ᠲᠠᠪᠤ ᠳᠤ᠂ ᠣᠷᠣᠨ | ᠨᠤᠲᠤᠭ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠯᠠᠵᠤ᠂ ᠵᠢᠭᠤᠯᠴᠢᠯᠠᠯ ᠤᠨ ᠪᠦᠲᠦᠭᠡᠭᠳᠡᠬᠦᠨ ᠤ | ᠦᠵᠡᠰᠬᠦᠯᠡᠩ ᠳᠤ ᠣᠷᠣᠯᠴᠠᠨ ᠲᠠᠨᠢᠯᠴᠠᠭᠤᠯᠬᠤ ᠰᠠᠶᠢᠲᠤᠷ ᠬᠢᠬᠦ ᠬᠡᠷᠡᠭᠲᠡᠢ᠃ ᠵᠢᠷᠭᠤᠭ᠎ᠠ ᠳᠤ ᠦᠵᠡᠭᠦᠯᠦᠯᠭᠡ ᠳᠤ | ᠣᠷᠣᠯᠴᠠᠬᠤ ᠲᠠᠸᠠᠷ ᠤᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠢᠳᠡᠭᠡᠨ ᠤ ᠠᠮᠤᠷ ᠲᠦᠪᠰᠢᠨ ᠤ ᠠᠵᠢᠯ ᠢ | ᠰᠠᠶᠢᠲᠤᠷ ᠬᠢᠬᠦ ᠬᠡᠷᠡᠭᠲᠡᠢ᠃ ᠳᠤᠯᠤᠭ᠎ᠠ ᠳᠤ᠂ ᠡᠯ᠎ᠡ ᠰᠢᠶᠠᠩ ᠪᠠᠯᠭᠠᠰᠤ ᠠᠴᠠ ᠬᠠᠮᠵᠢᠯᠴᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠵᠠᠩ ᠺᠧ ᠯᠢᠩ᠂ ᠲᠤᠰ ᠬᠤᠭᠤᠴᠠᠭᠠᠨ ᠤ ᠴᠠᠭᠠᠨ ᠰᠠᠷ᠎ᠠ ᠶᠢᠨ ᠲᠠᠸᠠᠷ ᠤᠨ ᠪᠠᠶᠠᠷ ᠤᠨ ᠴᠠᠭ ᠪᠠᠴᠢᠮ᠂ | ᠡᠭᠦᠷᠭᠡ ᠬᠦᠨᠳᠦ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠶ ᠠᠷᠭ᠎ᠠ ᠰᠦᠪᠡᠭᠴᠢᠯᠡᠨ᠂ | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠵᠢᠯ ᠤᠨ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠶᠢᠲᠤᠷ ᠬᠢᠵᠦ᠂ ᠲᠠᠸᠠᠷ ᠤᠨ ᠲᠤᠭ᠎ᠠ ᠪᠦᠷᠢᠳᠬᠡᠯ ᠤᠨ | ᠴᠤᠭᠯᠠᠭᠤᠯᠬᠤ᠂ ᠲᠠᠯᠠᠪᠠᠢ ᠶᠢᠨ ᠪᠠᠶᠢᠷᠢᠯᠠᠭᠤᠯᠤᠯᠲᠠ ᠶᠢ ᠰᠠᠶᠢᠳᠤᠷ ᠬᠢᠬᠦ ᠬᠡᠷᠡᠭᠲᠡᠢ ᠭᠡᠪᠡ᠃ | ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠴᠠᠭᠠᠨ ᠰᠠᠷ᠎ᠠ ᠶᠢᠨ ᠲᠠᠸᠠᠷ ᠤᠨ ᠪᠠᠶᠠᠷ ᠢ 2019 ᠣᠨ ᠤ | 1 ᠳ᠋ᠦ᠋ᠭᠡᠷ ᠰᠠᠷ᠎ᠠ ᠶᠢᠨ 15 ᠤᠨ ᠡᠳᠦᠷ ᠲᠤ ᠥᠪᠥᠷ ᠮᠣᠩᠭᠤᠯ ᠤᠨ ᠬᠤᠷᠠᠯ ᠦᠵᠡᠰᠬᠦᠯᠡᠩ ᠤᠨ ᠲᠥᠪ ᠲᠤ | ᠥᠷᠨᠢᠭᠦᠯᠵᠦ᠂ ᠨᠢᠭᠡ ᠭᠠᠷᠠᠭ ᠤᠨ ᠬᠤᠭᠤᠴᠠᠭ᠎ᠠ ᠪᠠᠷ ᠦᠵᠡᠭᠦᠯᠦᠯᠭᠡ ᠬᠢᠨ᠎ᠡ᠃ ᠡᠯ᠎ᠡ ᠰᠢᠶᠠᠩ ᠪᠠᠯᠭᠠᠰᠤ ᠠᠴᠠ | ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠶᠠᠯᠠᠩ ᠤᠨ ᠪᠦᠲᠦᠭᠡᠭᠳᠡᠬᠦᠨ ᠢᠶᠠᠨ | ᠪᠣᠷᠣᠯᠠᠭᠤᠯᠬᠤ ᠶᠢ ᠵᠣᠬᠢᠶᠠᠨ ᠪᠠᠶᠢᠭᠤᠯᠵᠤ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠠᠴᠠ | ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢ ᠠᠬᠢᠭᠤᠯᠬᠤ ᠶᠢ ᠬᠠᠷᠢᠭᠤᠴᠠᠨ᠎ᠠ᠃ ᠦᠵᠡᠰᠬᠦᠯᠡᠩ ᠳᠤ | 6 ᠦᠵᠡᠭᠦᠯᠦᠯᠭᠡ ᠶᠢᠨ ᠲᠣᠭᠤᠷᠢᠭ ᠬᠤᠪᠢᠶᠠᠵᠤ᠂ ᠲᠤᠰ ᠲᠤᠰ ᠣᠷᠣᠨ ᠨᠤᠲᠤᠭ ᠤᠨ ᠣᠨᠴᠠ ᠭᠠᠷᠤᠯᠲᠠ ᠶᠢ ᠳᠡᠯᠭᠡᠨ | ᠦᠵᠡᠭᠦᠯᠬᠦ ᠲᠣᠭᠤᠷᠢᠭ᠂ ᠬᠤᠯᠢᠮᠠᠭ ᠠᠮᠤ ᠶᠢ ᠳᠡᠯᠭᠡᠨ ᠦᠵᠡᠭᠦᠯᠬᠦ ᠲᠣᠭᠤᠷᠢᠭ᠂ ᠤᠨᠴᠠᠯᠢᠭᠳᠤ ᠢᠳᠡᠭᠡᠨ ᠢ ᠳᠡᠯᠭᠡᠨ | ᠦᠵᠡᠭᠦᠯᠬᠦ ᠲᠣᠭᠤᠷᠢᠭ᠂ ᠮᠢᠬ᠎ᠠ ᠥᠨᠳᠡᠭᠡ ᠰᠦ ᠶᠢ ᠳᠡᠯᠭᠡᠨ ᠦᠵᠡᠭᠦᠯᠬᠦ ᠲᠣᠭᠤᠷᠢᠭ᠂ ᠵᠢᠭᠤᠯᠴᠢᠯᠠᠯ ᠵᠠᠩ | ᠦᠢᠯᠡ ᠶᠢᠨ ᠰᠣᠶᠣᠯ ᠢ ᠳᠡᠯᠭᠡᠨ ᠦᠵᠡᠭᠦᠯᠬᠦ ᠲᠣᠭᠤᠷᠢᠭ᠂ ᠡᠯᠧᠺᠲᠷᠣᠨ ᠬᠤᠳᠠᠯᠳᠤᠭ᠎ᠠ ᠶᠢ ᠲᠡᠯᠭᠡᠨ ᠦᠵᠡᠭᠦᠯᠬᠦ | ᠲᠣᠭᠤᠷᠢᠭ ᠪᠣᠯᠤᠨ᠎ᠠ᠃ | ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ | ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠲᠥᠯᠥᠭᠡᠯᠡᠭᠴᠢᠳ ᠪᠡᠯᠡᠳᠬᠡᠯ ᠬᠤᠷᠠᠯ ᠳᠤ ᠣᠷᠣᠯᠴᠠᠪᠠ᠃ |