| | | 1ᠳ᠋ᠦ᠋ᠭᠡᠷ ᠰᠠᠷ᠎ᠠ ᠶᠢᠨ10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ ᠭᠡᠷ ᠲᠤ ᠲᠣᠰᠬᠠᠢ ᠬᠤᠷᠠᠯ | ᠡᠷᠬᠢᠯᠡᠨ ᠬᠤᠷᠠᠯᠳᠣᠭᠤᠯᠵᠣ᠂ ᠬᠤᠷᠢᠨᠭᠡᠷ ᠰᠢᠨ᠎ᠡ ᠲᠣᠭᠤᠷᠢᠭ ᠤᠨ ᠭᠠᠵᠠᠷ ᠰᠢᠷᠣᠢ ᠲᠠᠲᠠᠪᠣᠷᠢᠯᠠᠨ ᠠᠪᠬᠤ ᠵᠢᠴᠢ | ᠭᠤᠣᠯᠳᠠᠯᠭ᠎ᠠ ᠲᠠᠢ ᠲᠦᠷᠥᠯ ᠵᠦᠢᠯ ᠤᠨ ᠬᠠᠮᠢᠶ᠎ᠠ ᠪᠦᠬᠦᠢ ᠬᠡᠷᠡᠭ ᠶᠠᠪᠣᠳᠠᠯ ᠢ ᠪᠠᠶᠢᠷᠢᠰᠢᠭᠤᠯᠣᠨ ᠠᠬᠢᠭᠤᠯᠪᠠ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ | ᠡᠷᠬᠢᠯᠡᠭᠴᠢ᠂ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠸᠠᠩ ᠯᠠᠢ ᠵᠣ᠋᠂ ᠰᠢᠶᠠᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠯᠣᠰ ᠲᠦᠷᠥ ᠬᠠᠣᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ | ᠴᠢᠤᠸᠠᠨ ᠱᠧᠩ᠂ ᠰᠢᠶᠠᠨ ᠤ ᠳᠡᠳ᠋ ᠳᠠᠷᠤᠭ᠎ᠠ ᠾᠧ ᠹᠧᠩ᠂ ᠭᠦᠸᠧ ᠸᠧᠨ ᠵᠢᠶᠦ᠋ᠨ ᠵᠢᠴᠢ ᠵᠠᠰᠠᠭ ᠤᠨ ᠣᠷᠳᠣᠨ ᠤ | ᠠᠯᠪᠠᠨ ᠭᠡᠷ᠂ ᠭᠠᠵᠠᠷ ᠲᠠᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ᠂ ᠣᠯᠣᠰ ᠤᠨ ᠭᠠᠵᠠᠷ ᠰᠢᠷᠣᠢ ᠡᠬᠢ | ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ | ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠳᠣᠲᠣᠭᠠᠳᠣ ᠶᠢ ᠬᠠᠮᠠᠭᠠᠯᠠᠬᠤ ᠲᠣᠪᠴᠢᠶ᠎ᠠ᠂ ᠭᠠᠵᠠᠷ | ᠰᠢᠷᠣᠢ ᠬᠤᠷᠢᠶᠠᠨ ᠨᠥᠭᠡᠴᠡᠯᠡᠬᠦ ᠲᠥᠪ᠂ ᠱᠧᠩ ᠯᠧ ᠪᠠᠯᠭᠠᠰᠣ᠂ ᠴᠣᠷᠵᠢ ᠶᠢᠨ ᠪᠠᠶᠢᠰᠢᠩ ᠪᠠᠯᠭᠠᠰᠣ᠂ ᠠᠵᠣ | ᠠᠬᠤᠢ ᠶᠢᠨ ᠨᠡᠭᠡᠭᠡᠯᠲᠡ ᠶᠢᠨ ᠲᠣᠭᠤᠷᠢᠭ᠂ ᠲᠥᠪᠯᠡᠷᠡᠯ ᠤᠨ ᠲᠣᠭᠤᠷᠢᠭ ᠵᠡᠷᠭᠡ ᠰᠠᠯᠠᠭ᠎ᠠ ᠮᠦᠴᠢᠷ᠂ ᠰᠢᠶᠠᠩ | ᠪᠠᠯᠭᠠᠰᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠵᠣ᠂ ᠰᠢᠨ᠎ᠡ ᠲᠣᠭᠤᠷᠢᠭ ᠤᠨ | ᠬᠠᠮᠢᠶ᠎ᠠ ᠪᠦᠬᠦᠢ ᠬᠠᠷᠢᠭᠤᠴᠠᠯᠭᠠᠲᠠᠳ ᠴᠦ ᠬᠤᠷᠠᠯ ᠳᠤ ᠰᠣᠯᠠ ᠣᠷᠣᠯᠴᠠᠪᠠ᠃ | ᠬᠤᠷᠠᠯ ᠳᠡᠭᠡᠷ᠎ᠡ᠂ ᠵᠠᠩ ᠴᠢᠣᠸᠠᠨ ᠱᠧᠩ᠂ ᠭᠦᠸᠧ ᠸᠧᠨ ᠵᠢᠶᠦ᠋ᠨ ᠰᠢᠨ᠎ᠡ ᠲᠣᠭᠤᠷᠢᠭ ᠤᠨ ᠲᠥᠪ | ᠲᠣᠭᠤᠷᠢᠭ ᠤᠨ ᠭᠠᠵᠠᠷ ᠰᠢᠷᠣᠢ ᠲᠠᠲᠠᠪᠣᠷᠢᠯᠠᠨ ᠠᠪᠬᠤ ᠠᠵᠢᠯ ᠳᠤ ᠲᠣᠰᠪᠣᠷᠢ ᠠᠵᠢᠯ ᠤᠨ ᠲᠠᠯ᠎ᠠ ᠪᠠᠷ ᠬᠢ ᠰᠠᠨᠠᠯ | ᠳᠣᠷᠠᠳᠴᠣ᠂ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠣᠨ ᠪᠠᠶᠢᠷᠢᠰᠢᠭᠤᠯᠣᠯᠲᠠ ᠬᠢᠪᠡ︔ ᠾᠧ ᠹᠧᠩ ᠰᠢᠨ᠎ᠡ | ᠲᠣᠭᠤᠷᠢᠭ ᠤᠨ ᠭᠤᠣᠯᠳᠠᠯᠭ᠎ᠠ ᠲᠠᠢ ᠲᠦᠷᠥᠯ ᠵᠦᠢᠯ ᠤᠨ ᠬᠠᠮᠢᠶ᠎ᠠ ᠪᠦᠬᠦᠢ ᠬᠡᠷᠡᠭ ᠶᠠᠪᠣᠳᠠᠯ ᠳᠤ ᠪᠠᠶᠢᠷᠢᠰᠢᠭᠤᠯᠣᠯᠲᠠ | ᠬᠢᠪᠡ᠃ ᠱᠧᠩ ᠯᠧ ᠪᠠᠯᠭᠠᠰᠣ ᠶᠢᠨ ᠬᠠᠷᠢᠭᠤᠴᠠᠯᠭᠠᠲᠠᠨ ᠰᠢᠨ᠎ᠡ ᠲᠣᠭᠤᠷᠢᠭ ᠤᠨ ᠭᠠᠵᠠᠷ ᠰᠢᠷᠣᠢ ᠶᠢᠨ ᠲᠠᠲᠠᠪᠣᠷᠢᠯᠠᠨ | ᠠᠪᠬᠤ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠣ ᠪᠠᠶᠢᠭ᠎ᠠ ᠠᠰᠠᠭᠤᠳᠠᠯ ᠤᠨ ᠬᠤᠪᠢ ᠳᠤ ᠬᠠᠷᠢᠭᠤ | ᠮᠡᠳᠡᠭᠦᠯᠦᠯᠲᠡ ᠬᠢᠪᠡ︔ ᠴᠣᠷᠵᠢ ᠶᠢᠨ ᠪᠠᠶᠢᠰᠢᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠠᠵᠣ ᠦᠢᠯᠡᠰ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ︽ᠬᠤᠶᠠᠷ ᠭᠤᠣᠯ ᠨᠢᠭᠡ ᠬᠤᠩᠬᠢᠯ︾ ᠤᠨ | ᠭᠠᠵᠠᠷ ᠰᠢᠷᠣᠢ ᠶᠢᠨ ᠲᠠᠲᠠᠪᠣᠷᠢᠯᠠᠨ ᠠᠪᠬᠤ ᠠᠵᠢᠯ ᠤᠨ ᠠᠬᠢᠴᠠ ᠶᠢᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ | ᠬᠢᠪᠡ︔ ᠲᠦᠪᠯᠡᠷᠡᠯ ᠤᠨ ᠲᠣᠭᠤᠷᠢᠭ ᠤᠨ ᠬᠠᠷᠢᠭᠤᠴᠠᠯᠭᠠᠲᠠᠨ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠲᠦᠷᠥᠯ | ᠵᠦᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠬᠢᠪᠡ᠃ | ᠴᠧᠨ ᠯᠢ ᠶᠢᠨ ᠴᠢᠩᠭᠠᠳᠬᠠᠭᠰᠠᠨ ᠨᠢ᠂ ᠥᠪᠡᠷᠲᠡᠭᠡᠨ ᠵᠠᠰᠠᠬᠤ ᠣᠷᠣᠨ᠂ ᠬᠦᠬᠡᠬᠤᠲᠠ ᠠᠴᠠ ᠬᠤᠷᠢᠨᠭᠡᠷ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠳᠡᠭᠡᠳᠦ ᠬᠡᠮᠵᠢᠶ᠎ᠡ ᠴᠢᠬᠤᠯᠠᠴᠢᠯᠠᠵᠣ ᠪᠠᠶᠢᠬᠤ ᠮᠦᠷᠲᠡᠭᠡᠨ | 2019 ᠣᠨ ᠳᠤ ᠤᠯᠠᠨ ᠴᠢᠬᠤᠯᠠ ᠶᠡᠭᠡ ᠲᠦᠷᠥᠯ ᠵᠦᠢᠯ ᠰᠢᠨ᠎ᠡ ᠲᠣᠭᠤᠷᠢᠭ ᠲᠤ ᠰᠠᠭᠤᠷᠢᠰᠢᠬᠤ ᠪᠣᠯᠣᠨ᠎ᠠ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ᠂ ᠰᠢᠶᠠᠩ ᠪᠠᠯᠭᠠᠰᠣ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠬᠦᠴᠢᠷ ᠢ ᠰᠥᠷᠥᠨ ᠣᠷᠣᠭᠰᠢᠯᠠᠵᠣ᠂ ᠨᠠᠷᠢᠨ ᠨᠢᠭᠲᠠ | ᠬᠠᠮᠵᠢᠯᠴᠠᠨ᠂ ᠠᠵᠢᠯ ᠤᠨ ᠬᠠᠮᠲᠣ ᠶᠢᠨ ᠬᠦᠴᠦᠨ ᠢ ᠪᠦᠷᠢᠯᠳᠦᠭᠦᠯᠵᠦ᠂ ᠬᠦᠴᠢᠷ ᠠᠰᠠᠭᠤᠳᠠᠯ ᠢ ᠲᠦᠪᠯᠡᠷᠡᠭᠦᠯᠦᠨ | ᠰᠢᠢᠳᠪᠦᠷᠢᠯᠡᠵᠦ᠂ ᠭᠠᠵᠠᠷ ᠰᠢᠷᠣᠢ ᠲᠠᠲᠠᠪᠣᠷᠢᠯᠠᠨ ᠠᠪᠬᠤ ᠨᠤᠷᠠᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ | ᠠᠬᠢᠭᠤᠯᠵᠣ᠂ ᠰᠢᠨ᠎ᠡ ᠲᠣᠭᠤᠷᠢᠭ ᠤᠨ ᠲᠥᠪ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠭᠠᠵᠠᠷ ᠬᠡᠷᠡᠭᠯᠡᠬᠦ | ᠱᠠᠭᠠᠷᠳᠠᠯᠭ᠎ᠠ ᠶᠢ ᠪᠦᠬᠦ ᠬᠦᠴᠦᠨ ᠢᠶᠠᠷ ᠪᠠᠲᠣᠯᠠᠬᠤ ᠬᠡᠷᠡᠭᠲᠡᠢ᠃ ᠡᠭᠦᠨ ᠤ ᠬᠠᠮᠲᠣ᠂ ᠭᠠᠵᠠᠷ ᠰᠢᠷᠣᠢ ᠶᠢ ᠨᠢ | ᠲᠠᠲᠠᠪᠣᠷᠢᠯᠠᠨ ᠠᠪᠣᠭᠰᠠᠨ ᠠᠷᠠᠳ ᠤᠯᠠᠨ ᠳᠤ ᠲᠦᠷᠥ ᠶᠢᠨ ᠪᠣᠳᠣᠯᠭ᠎ᠠ ᠶᠢᠨ ᠲᠠᠶᠢᠯᠣᠮᠵᠢ ᠪᠣᠯᠣᠨ ᠰᠣᠷᠭᠠᠨ | ᠬᠦᠮᠦᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠰᠠᠶᠢᠲᠣᠷ ᠬᠢᠵᠦ᠂ ᠬᠠᠷ᠎ᠠ ᠶᠢ ᠠᠷᠢᠯᠭᠠᠵᠣ ᠬᠠᠷᠬᠢᠰ ᠢ ᠤᠰᠠᠳᠬᠠᠬᠤ | ᠠᠵᠢᠯᠯᠠᠭ᠎ᠠ ᠲᠠᠢ ᠤᠶᠠᠯᠳᠤᠭᠤᠯᠵᠤ᠂ ᠬᠠᠣᠯᠢ ᠪᠣᠰᠤ ᠪᠠᠷ ᠠᠵᠢᠯ ᠢ ᠰᠠᠭᠠᠲᠠᠭᠠᠵᠣ ᠬᠠᠷᠰᠢᠯᠠᠭᠰᠠᠨ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ᠃ ᠪᠡᠯᠡ ᠮᠦᠩᠭᠦᠨ ᠤ ᠪᠠᠲᠣᠯᠠᠭ᠎ᠠ ᠪᠣᠯᠣᠨ ᠨᠢᠭᠡᠲᠦᠯᠲᠡᠢ ᠲᠦᠯᠦᠪᠯᠡᠨ | ᠲᠣᠬᠢᠷᠠᠭᠤᠯᠬᠤ ᠪᠠᠨ ᠴᠢᠩᠭᠠᠳᠬᠠᠵᠣ᠂ ᠰᠢᠨ᠎ᠡ ᠲᠣᠭᠤᠷᠢᠭ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠪᠠᠲᠣᠯᠠᠵᠣ | ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠳᠡᠮᠵᠢᠨ ᠳᠡᠳᠬᠦᠵᠦ᠂ ᠲᠡᠭᠦᠨ ᠳᠤ ᠦᠢᠯᠡᠴᠢᠯᠡᠵᠦ ᠪᠠᠶᠢᠭ᠎ᠠ | ᠡᠯ᠎ᠡ ᠵᠦᠢᠯ ᠤᠨ ᠠᠵᠢᠯ ᠢ ᠥᠪ ᠥᠨᠡᠨᠬᠦ ᠰᠠᠶᠢᠲᠣᠷ ᠠᠳᠬᠤᠵᠣ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ | ᠣᠷᠣᠭᠰᠢᠲᠠᠢ ᠠᠬᠢᠭᠤᠯᠣᠭᠳᠠᠬᠤ ᠳᠤ ᠯᠠᠪᠳᠠᠭᠤᠨ ᠪᠠᠳᠣᠲᠠᠢ ᠪᠠᠲᠣᠯᠠᠭ᠎ᠠ ᠣᠯᠭᠤᠬᠤ ᠬᠡᠷᠡᠭᠲᠡᠢ ᠭᠡᠰᠡᠨ ᠪᠠᠶᠢᠨ᠎ᠠ᠃ |