ᠶᠦᠨ ᠯᠢᠨ ᠴᠢᠶᠦ᠋ᠩ ᠴᠧᠩ ᠭᠤᠸᠠᠨ ᠪᠠᠯᠭᠠᠰᠤᠨ ᠤ ᠸᠠᠨ ᠵᠢᠶᠠ ᠳ᠋ᠧᠩ ᠾᠦᠸᠧ ᠳ᠋ᠧᠩᠯᠦ ᠶᠢᠨ ᠬᠤᠷᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-01-16
     2019 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠯᠢᠦ ᠰᠢᠶᠣᠣ ᠪᠣᠯᠣᠨ ᠴᠧᠩ ᠭᠤᠸᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠵᠣᠣ ᠶᠢᠩ ᠤᠨ ᠪᠠᠷ᠎ᠠ ᠪᠤᠯᠤᠯᠭ᠎ᠠ ᠲᠠᠢ ᠪᠠᠷ᠂ ᠴᠧᠩ ᠭᠤᠸᠠᠨ ᠪᠠᠯᠭᠠᠰᠤᠨ ᠤ ᠸᠠᠨ ᠵᠢᠶᠠ ᠳ᠋ᠧᠩ ᠾᠦᠸᠧ ᠳ᠋ᠧᠩᠯᠦ ᠶᠢᠨ ᠬᠤᠷᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃      ᠬᠤᠷᠰᠢᠶ᠎ᠠ ᠳᠤ ᠬᠦᠷᠦᠭᠰᠡᠨ ᠤ ᠳᠠᠷᠠᠭ᠎ᠠ᠂ ᠶᠦᠨ ᠯᠢᠨ ᠴᠢᠶᠦ᠋ᠩ ᠠᠵᠢᠯᠴᠢᠳ ᠲᠠᠢ ᠳᠣᠲᠣᠨᠣ ᠪᠠᠷ ᠶᠠᠷᠢᠯᠴᠠᠵᠤ᠂ ᠠᠵᠢᠯᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ᠠᠵᠢᠯᠴᠢᠳ ᠠᠴᠠ ᠳ᠋ᠧᠩᠯᠦ ᠬᠢᠬᠦ ᠠᠯᠬᠤᠮ ᠳᠠᠷᠠᠭ᠎ᠠ ᠶᠢ ᠲᠣᠳᠣᠷᠬᠠᠶ ᠣᠶᠢᠯᠠᠭ᠋ᠭᠰᠠᠨ ᠤ ᠬᠠᠮᠲᠤ ᠠᠵᠢᠯᠴᠢᠳ ᠢ ᠳ᠋ᠧᠩᠯᠦ ᠬᠢᠬᠦ ᠮᠡᠷᠭᠡᠵᠢᠯ ᠢ ᠠᠯᠢ ᠲᠦᠷᠭᠡᠨ ᠢᠶᠠᠷ ᠪᠣᠯᠪᠠᠰᠤᠷᠠᠩᠭᠤᠶ ᠪᠠᠷ ᠡᠵᠡᠮᠰᠢᠵᠦ᠂ ᠳ᠋ᠧᠩᠯᠦ ᠨᠢᠭᠡᠪᠦᠷᠢ ᠶᠢ ᠪᠦᠷ ᠴᠢᠨᠠᠷ ᠰᠠᠶᠢᠲᠠᠢ ᠪᠠᠷ ᠦᠢᠯᠡᠳᠬᠦ ᠬᠡᠷᠡᠭᠲᠡᠢ ᠭᠡᠪᠡ᠃      ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ ᠶᠦᠨ ᠯᠢᠨ ᠴᠢᠶᠦ᠋ᠩ ᠴᠢᠬᠤᠯᠠᠴᠢᠯᠠᠬᠤ ᠳᠠᠭᠠᠨ᠄ ᠨᠢᠭᠡ ᠳᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠎ᠠ︔ ᠬᠤᠶᠠᠷ ᠲᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠭ᠎ᠠ ᠬᠢᠵᠦ᠂ ᠦᠢᠯᠡᠳᠪᠦᠷᠢᠯᠡᠭᠰᠡᠨ ᠳ᠋ᠧᠩᠯᠦ ᠪᠠᠷ ᠰᠢᠶᠠᠨ ᠤ ᠬᠡᠪᠴᠢᠶᠡᠨ ᠳᠠᠬᠢ ᠵᠢᠭᠤᠯᠴᠢᠯᠠᠯ ᠤᠨ ᠦᠵᠡᠮᠵᠢ ᠶᠢ ᠭᠠᠩᠭᠠᠯᠠᠵᠤ᠂ ᠠᠶᠢᠯ ᠲᠣᠰᠬᠤᠨ᠂ ᠬᠥᠳᠡᠭᠡ ᠶᠢᠨ ᠵᠢᠭᠤᠯᠴᠢᠯᠠᠯ᠂ ᠬᠦᠷᠢᠶ᠎ᠡ ᠬᠠᠰᠢᠶ᠎ᠠ ᠶᠢ ᠴᠢᠮᠡᠭᠯᠡᠨ᠎ᠡ︔ ᠭᠤᠷᠪᠠ ᠳᠤ ᠦᠢᠯᠡᠳᠬᠦᠨ ᠤ ᠳᠦᠷᠦᠯ ᠵᠦᠢᠯ ᠪᠠ ᠬᠡᠯᠪᠡᠷᠢ ᠮᠠᠶ᠋ᠢᠭ ᠢ ᠦᠷᠭᠦᠯᠵᠢᠯᠡᠨ ᠥᠷᠭᠡᠳᠬᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠠᠶ᠎ᠠ ᠶᠢ ᠨᠢ ᠳᠠᠭᠠᠨ᠎ᠠ ︔ ᠲᠦᠷᠪᠡ ᠳᠤ᠂ ᠤᠬᠠᠭᠤᠯᠭ᠎ᠠ ᠪᠠᠨ ᠴᠢᠩᠭᠠᠳᠬᠠᠵᠤ᠂ ᠪᠣᠷᠣᠯᠠᠭᠤᠯᠬᠤ ᠵᠠᠮ ᠢᠶᠠᠨ ᠥᠷᠭᠡᠳᠬᠡᠵᠦ᠂ ᠳ᠋ᠧᠩᠯᠦ ᠦᠢᠯᠡᠳᠪᠦᠷᠢᠯᠡᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠣᠰᠬᠤᠨ ᠤ ᠠᠷᠠᠳ ᠢ ᠳᠠᠭᠠᠭᠤᠯᠤᠨ ︽ᠶᠠᠳᠠᠭᠤ ᠠᠴᠠ ᠠᠩᠭᠢᠵᠢᠷᠠᠨ ᠪᠠᠶᠠᠵᠢᠬᠤ︾ ᠬᠡᠷᠡᠭᠲᠡᠢ ᠭᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号