ᠪᠠᠢ ᠷᠦᠢ ᠶᠢᠨ ᠱᠠᠪᠠᠭ᠋ᠠᠢ ᠰᠢᠶᠠᠩ ᠳᠤ ᠬᠦᠷᠴᠦ ᠶᠠᠳᠠᠭᠤ ᠬᠦᠴᠢᠷᠳᠡᠯᠳᠡᠢ ᠡᠷᠦᠬᠡ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2019-01-16
     1ᠳ᠋ᠦ᠋ᠭᠡᠷ ᠰᠠᠷ᠎ᠠ ᠶᠢᠨ15 ᠤ ᠡᠳᠦᠷ᠂ ᠰᠢᠶᠠᠨ ᠤ ᠣᠯᠣᠰ ᠲᠦᠷᠥ ᠶᠢᠨ ᠵᠥᠪᠯᠡᠯᠭᠡᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠷᠦᠢ ᠶᠢᠨ ᠱᠠᠪᠠᠭ᠋ᠠᠢ ᠰᠢᠶᠠᠩ ᠳᠤ ᠬᠦᠷᠴᠦ ᠶᠠᠳᠠᠭᠤ ᠬᠦᠴᠢᠷᠳᠡᠯᠳᠡᠢ ᠡᠷᠦᠬᠡ ᠶᠢ ᠪᠣᠯᠭᠤᠭᠠᠨ ᠲᠣᠬᠤᠨᠢᠭᠤᠯᠵᠣ᠂ ᠱᠠᠪᠠᠭ᠋ᠠᠢ ᠰᠢᠶᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃      ᠪᠠᠢ ᠷᠦᠢ ᠶᠢᠨ ᠨᠠᠷ ᠱᠠᠪᠠᠭ᠋ᠠᠢ ᠰᠢᠶᠠᠩ ᠤᠨ ᠵᠠᠬ᠎ᠠ ᠶᠢᠨ ᠭᠤᠤ ᠲᠣᠰᠬᠤᠨ ᠳᠤ ᠬᠦᠷᠴᠦ ᠶᠠᠳᠠᠭᠤ ᠬᠦᠴᠢᠷᠳᠡᠯᠳᠡᠢ ᠡᠷᠦᠬᠡ ᠶᠢ ᠪᠣᠯᠭᠤᠭᠠᠨ ᠲᠣᠬᠤᠨᠢᠭᠤᠯᠪᠠ᠃ ᠶᠠᠳᠠᠭᠤ ᠬᠦᠴᠢᠷᠳᠡᠯᠲᠡᠢ ᠡᠷᠦᠬᠡ ᠵᠢᠶᠠ ᠳ᠋ᠢ ᠨᠢᠦᠢ ᠶᠢᠨ ᠭᠡᠷ ᠲᠤ᠂ ᠪᠠᠢ ᠷᠦᠢ ᠶᠢᠨ ᠶᠠᠳᠠᠭᠤ ᠶᠢ ᠳᠡᠳᠬᠦᠬᠦ ᠳᠠᠩᠰᠠ ᠡᠪᠬᠡᠮᠡᠯ ᠢ ᠨᠠᠷᠢᠨ ᠬᠢᠨᠠᠮᠠᠭᠠᠢ ᠦᠵᠡᠵᠦ᠂ 2018 ᠣᠨ ᠤ ᠣᠷᠣᠯᠭ᠎ᠠ ᠶᠢᠨ ᠪᠠᠶᠢᠳᠠᠯ᠂ ᠲᠡᠭᠦᠨ ᠢ ᠬᠠᠪᠰᠣᠷᠣᠨ ᠳᠡᠳᠬᠦᠭᠰᠡᠨ ᠠᠷᠭ᠎ᠠ ᠬᠡᠮᠵᠢᠶ᠎ᠡ᠂ ᠬᠠᠪᠰᠣᠷᠣᠨ ᠰᠢᠢᠳᠪᠦᠷᠢᠯᠡᠬᠦ ᠴᠢᠬᠤᠯᠠᠲᠠᠢ ᠬᠦᠴᠢᠷ ᠵᠦᠢᠯ ᠵᠡᠷᠭᠡ ᠪᠠᠶᠢᠳᠠᠯ ᠢ ᠨᠠᠷᠢᠯᠢᠭ ᠣᠶᠢᠯᠠᠭᠠᠵᠣ᠂ ᠲᠡᠭᠦᠨ ᠢ ᠢᠳᠡᠪᠬᠢᠲᠡᠢ ᠪᠠᠷ ᠠᠮᠢᠳᠣᠷᠠᠯ ᠢᠶᠠᠨ ᠪᠣᠰᠬᠠᠵᠣ᠂ ᠡᠷᠲᠡᠬᠡᠨ ᠶᠠᠳᠠᠭᠤ ᠬᠦᠴᠢᠷᠳᠡᠯᠲᠡᠢ ᠪᠠᠶᠢᠳᠠᠯ ᠠᠴᠠ ᠪᠠᠨ ᠠᠩᠭᠢᠵᠢᠷᠠᠬᠤ ᠶᠢ ᠬᠦᠬᠢᠭᠦᠯᠵᠦ ᠂ ᠬᠦᠴᠢᠷᠳᠡᠯᠲᠡᠢ ᠡᠷᠦᠬᠡ ᠪᠦᠷᠢ ᠳᠤ ᠭᠤᠯᠢᠷ ᠳᠣᠲᠣᠷᠭ᠎ᠠ ᠲᠣᠰᠣ ᠮᠡᠲᠦ ᠶᠢᠨ ᠠᠮᠢᠳᠣᠷᠠᠯ ᠤᠨ ᠬᠡᠷᠡᠭᠰᠡᠯ ᠬᠦᠷᠭᠡᠨ ᠥᠭᠪᠡ᠃      ᠪᠠᠢ ᠷᠦᠢ ᠶᠢᠨ ᠱᠠᠭᠠᠷᠳᠠᠭᠰᠠᠨ ᠨᠢ᠂ ᠴᠭᠠᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠰᠢᠶᠠᠩ ᠲᠣᠰᠬᠤᠨ ᠬᠤᠶᠠᠷ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ ᠵᠠᠪᠠᠯ ᠥᠪ ᠦᠨᠡᠨᠬᠦ ᠶᠠᠪᠣᠭᠳᠠᠭᠤᠯᠵᠣ ᠳᠡᠶᠢᠯᠬᠦ ᠬᠠᠪᠰᠣᠷᠣᠨ ᠳᠡᠳᠬᠦᠬᠦ ᠠᠷᠭ᠎ᠠ ᠬᠡᠮᠵᠢᠶ᠎ᠡ ᠠᠪᠴᠣ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠣᠷᠣᠨ ᠠᠮᠢᠳᠣᠷᠠᠯ ᠳᠣᠮᠳᠠᠬᠢ ᠪᠣᠳᠠᠳᠣ ᠬᠦᠴᠢᠷᠳᠡᠯ ᠢ ᠰᠢᠢᠳᠪᠦᠷᠢᠯᠡᠵᠦ ᠥᠭᠭᠦᠨ᠂ ᠶᠠᠳᠠᠭᠤ ᠬᠦᠴᠢᠷᠳᠡᠯᠲᠡᠢ ᠡᠷᠦᠬᠡ ᠶᠢ ᠬᠦᠭᠵᠢᠶᠡᠨᠲᠦ ᠰᠠᠶᠢᠬᠠᠨ ᠴᠠᠭᠠᠨ ᠰᠠᠷ᠎ᠠ ᠶᠢ ᠦᠩᠭᠡᠷᠡᠭᠦᠯᠬᠦ ᠬᠡᠷᠡᠭᠲᠡᠢ ᠭᠡᠵᠡᠢ᠃      ᠪᠠᠢ ᠷᠦᠢ ᠶᠢᠨ ᠱᠠᠪᠠᠭ᠋ᠠᠢ ᠰᠢᠶᠠᠩ ᠤᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠤ ᠶᠠᠳᠠᠭᠤ ᠶᠢ ᠳᠡᠳᠬᠦᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠣ ᠳᠠᠷᠠᠭᠠᠴᠢ ᠶᠢᠨ ᠠᠯᠬᠤᠮ ᠤᠨ ᠶᠠᠳᠠᠭᠤ ᠶᠢ ᠳᠡᠳᠬᠦᠬᠦ ᠠᠵᠢᠯ ᠳᠤ ᠵᠢᠯᠣᠭᠤᠳᠬᠤ ᠴᠢᠨᠠᠷ ᠲᠠᠢ ᠰᠠᠨᠠᠯ ᠥᠭᠭᠦᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号