ᠦᠴᠦᠸᠠᠨ ᠰᠢᠶᠠᠨ ᠤ ᠵᠠᠰᠠᠭ ᠤᠨ ᠣᠷᠳᠤᠨ 2019 ᠣᠨ ᠤ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-18
     1 ᠳ᠋ᠦ᠋ᠭᠡᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠵᠠᠰᠠᠭ ᠤᠨ ᠣᠷᠳᠤᠨ ᠤ 2019 ᠣᠨ ᠤ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠠᠴᠠ ᠼᠣᠣ ᠽᠢ ᠯᠢ᠂ ᠢᠣᠢ ᠷᠦᠢ᠂ ᠯᠢ ᠯᠦ᠂ ᠸᠠᠩ ᠶᠤᠸᠠᠢ ᠬᠤᠩ᠂ ᠶᠦᠨ ᠰᠢᠶᠣᠣ ᠳ᠋ᠦᠩ᠂ ᠵᠠᠩ ᠬᠠᠢ ᠲᠣᠣ᠂ ᠷᠧᠨ ᠶᠠᠨ ᠰᠢᠶᠠᠩ᠂ ᠴᠢᠶᠠᠨ ᠶᠠ ᠯᠢᠨ᠂ ᠯᠢ ᠳ᠋ᠧᠩ ᠬᠤᠩ ᠬᠤᠷᠠᠯ ᠳᠤ ᠣᠷᠤᠯᠴᠠᠪᠠ᠃ ᠰᠢᠶᠠᠨ ᠤ ᠰᠢᠭᠦᠬᠦ ᠬᠤᠷᠢᠶ᠎ᠠ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠵᠠᠰᠠᠭ ᠤᠨ ᠣᠷᠳᠤᠨ ᠤ ᠠᠯᠪᠠᠨ ᠭᠡᠷ᠂ ᠬᠥᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠠᠯ ᠠᠵᠤ ᠠᠬᠤᠢ ᠶᠢᠨ ᠲᠣᠪᠴᠢᠶ᠎ᠠ᠂ ᠬᠠᠩᠭᠠᠯᠭ᠎ᠠ  ᠶᠢᠨ ᠬᠤᠷᠰᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠤᠯᠤᠰ ᠤᠨ ᠭᠠᠵᠠᠷ ᠰᠢᠷᠤᠢ ᠶᠢᠨ ᠲᠣᠪᠴᠢᠶ᠎ᠠ᠂ ᠴᠧᠩ ᠹᠠ ᠺᠣᠮᠫᠠᠨᠢ ᠵᠡᠷᠭᠡ ᠬᠤᠯᠪᠤᠭᠳᠠᠯ ᠪᠥᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠤᠯᠴᠠᠪᠠ᠃      ᠬᠤᠷᠠᠯ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠠᠰᠠᠭᠤᠳᠠᠯ᠂ ᠪᠥᠬᠦ ᠰᠢᠶᠠᠨ ᠤ《 ᠰᠠᠷᠠᠪᠴᠢᠨ ᠭᠡᠷ》 ᠢ ᠲᠤᠰᠬᠠᠶᠢᠯᠠᠨ ᠴᠡᠪᠡᠷᠯᠡᠨ ᠴᠡᠭᠴᠡᠯᠡᠬᠦ ᠠᠵᠢᠯ᠂2017 - 2018 ᠣᠨ ᠤ ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠨᠥᠬᠦᠪᠦᠷᠢ ᠮᠥᠩᠭᠦ᠂ ᠦᠴᠦᠸᠠᠨ ᠰᠢᠶᠠᠨ ᠤ ᠡᠯᠧᠺᠲᠷᠤᠨ ᠬᠤᠳᠠᠯᠳᠤᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠲᠥᠪ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠢᠵᠢ ᠪᠦᠷᠢᠯᠳᠦᠭᠦᠯᠦᠭᠰᠡᠨ ᠪᠡᠯᠡ ᠮᠥᠩᠭᠦ ᠵᠡᠷᠭᠡ ᠬᠠᠮᠢᠶ᠎ᠠ ᠪᠥᠬᠦᠢ ᠬᠡᠷᠡᠭ ᠶᠠᠪᠤᠳᠠᠯ ᠢ ᠰᠣᠳᠤᠯᠤᠨ ᠶᠠᠷᠢᠯᠴᠠᠪᠠ᠃       ᠶᠢᠨ ᠴᠦᠨ ᠯᠢᠶᠠᠩ ᠱᠠᠭᠠᠷᠳᠠᠭᠰᠠᠨ ᠨᠢ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠵᠤ ᠤᠳᠠᠭᠠᠰᠢᠷᠠᠭᠤᠯᠤᠭᠰᠠᠨ ᠪᠠᠶᠢᠳᠠᠯ ᠢ ᠨᠠᠷᠢᠯᠢᠭ ᠣᠶᠢᠯᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠨᠡᠨᠬᠦ ᠰᠠᠶᠢᠲᠤᠷ ᠬᠢᠵᠤ᠂ ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠣᠨᠴᠠᠭᠠᠶᠢᠯᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠵᠣᠷᠢᠭᠤᠳᠠ ᠥᠷᠢᠲᠦᠭᠰᠡᠨ ᠪᠠᠶᠢᠳᠠᠯ ᠢ ᠴᠡᠭᠴᠡᠯᠡᠨ ᠵᠠᠰᠠᠬᠤ ᠬᠦᠴᠦᠯᠡᠴᠡ ᠪᠠᠨ ᠨᠡᠩ ᠢᠯᠡᠭᠦᠤ ᠴᠢᠩᠭᠠᠳᠭᠠᠬᠤ ᠬᠡᠷᠡᠭᠲᠡᠢ᠃ ᠤᠯᠤᠰ ᠲᠥᠷᠦ ᠶᠢᠨ ᠵᠣᠭᠰᠤᠯᠲᠠ ᠪᠠᠨ ᠤᠯᠠᠮ ᠨᠢᠭᠡ ᠠᠯᠬᠤᠮ ᠥᠨᠳᠦᠷᠵᠢᠭᠦᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂《 ᠰᠠᠷᠠᠪᠴᠢᠨ ᠭᠡᠷ》 ᠢ ᠲᠤᠰᠬᠠᠶᠢᠯᠠᠨ ᠴᠡᠪᠡᠷᠯᠡᠨ ᠴᠡᠭᠴᠡᠯᠡᠬᠦ ᠠᠵᠢᠯ ᠢ ᠶᠡᠬᠡᠪᠡᠷ ᠬᠦᠨᠳᠦᠳᠬᠡᠨ ᠦᠵᠡᠵᠤ᠂ ᠡᠯ᠎ᠡ ᠰᠢᠶᠠᠩ ᠪᠠᠯᠭᠠᠰᠤ ᠪᠠ ᠮᠠᠯ ᠠᠵᠤ ᠠᠬᠤᠢ ᠶᠢᠨ ᠲᠣᠪᠴᠢᠶ᠎ᠠ᠂ ᠤᠯᠤᠰ ᠤᠨ ᠭᠠᠵᠠᠷ ᠰᠢᠷᠤᠢ ᠶᠢᠨ ᠲᠣᠪᠴᠢᠶ᠎ᠠ ᠵᠡᠷᠭᠡ ᠬᠤᠯᠪᠤᠭᠳᠠᠯ ᠪᠥᠬᠦᠢ ᠰᠠᠯᠠᠭ᠎ᠠ ᠮᠦᠴᠢᠷ ᠴᠡᠭᠴᠡᠯᠡᠨ ᠵᠠᠰᠠᠬᠤ ᠭᠤᠤᠯᠳᠠᠯᠭ᠎ᠠ ᠶᠢ ᠳᠣᠪᠤᠶᠢᠯᠭᠠᠵᠤ᠂ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠲᠤᠰ ᠲᠤᠰ ᠤᠨ ᠢᠶᠠᠨ ᠲᠤᠰᠢᠶᠠᠯ ᠢ ᠭᠦᠢᠴᠡᠳᠬᠡᠵᠤ᠂ ᠨᠢᠭᠲᠠ ᠬᠠᠮᠵᠢᠯᠴᠠᠵᠤ᠂ ᠪᠡᠯᠡᠳᠬᠡᠮᠵᠢᠲᠦ ᠲᠠᠷᠢᠶᠠᠯᠠᠩ ᠤᠨ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠪᠠ ᠬᠠᠮᠢᠶᠠᠷᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠨᠤᠪᠴᠢᠲᠠᠢ ᠣᠶᠢᠯᠭᠠᠵᠤ᠂ ᠥᠪᠡᠷᠲᠡᠭᠡᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠲᠦᠷᠭᠡᠨ ᠬᠦᠳᠡᠯᠦᠯᠴᠡᠵᠤ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠤᠭᠠᠷ ᠴᠡᠭᠴᠡᠯᠡᠨ ᠵᠠᠰᠠᠬᠤ ᠬᠡᠷᠡᠭᠲᠡᠢ︔ ᠪᠥᠬᠦ ᠲᠠᠯ᠎ᠠ ᠪᠠᠷ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠪᠡᠯᠡᠳᠬᠡᠮᠵᠢᠲᠦ ᠲᠠᠷᠢᠶᠠᠯᠠᠩ ᠤᠨ ᠭᠠᠵᠠᠷ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭ᠎ᠠ ᠳᠦᠷᠢᠮᠵᠢᠭᠦᠯᠬᠦ ᠪᠠ ᠴᠢᠩᠭᠠᠳᠬᠠᠵᠤ᠂ ᠡᠷᠡᠰ ᠬᠠᠲᠠᠭᠤ ᠣᠪᠤᠷ᠂ ᠴᠢᠩᠭ᠎ᠠ ᠠᠷᠭ᠎ᠠ ᠠᠪᠴᠠᠯ ᠢᠶᠠᠷ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠰᠠᠶᠢᠲᠤᠷ  ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠣᠰᠤᠳ ᠵᠦᠢᠯᠡᠰ ᠢ ᠰᠣᠳᠤᠯᠤᠨ ᠶᠠᠷᠢᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号