ᠴᠧᠨ ᠯᠢ ᠶᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019-01-18
     1ᠳ᠋ᠦ᠋ᠭᠡᠷ ᠰᠠᠷ᠎ᠠ ᠶᠢᠨ16 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠣᠭᠤᠯᠵᠣ᠂ ᠰᠤᠩᠭᠤᠭᠤᠯᠢ ᠪᠠᠷ ᠳᠠᠮᠵᠢᠨ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠵᠥᠪᠯᠡᠯ ᠢ ᠰᠤᠩᠭᠤᠨ ᠭᠠᠷᠭᠠᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠳᠠᠶᠢᠴᠢᠨ᠂ ᠯᠢ ᠵᠧᠩ ᠾᠦᠩ᠂ ᠰᠢᠶᠠᠨ ᠤ ᠳᠡᠳ᠋ ᠳᠠᠷᠤᠭ᠎ᠠ ᠴᠢ ᠪᠠᠢ ᠰᠢᠶᠣᠣ᠂ ᠾᠧ ᠹᠧᠩ᠂ ᠭᠦᠸᠧ ᠸᠧᠨ ᠵᠢᠶᠦ᠋ᠨ ᠨᠠᠷ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ  ᠳᠤ ᠣᠷᠣᠯᠴᠠᠭᠰᠠᠨ ᠪᠠᠶᠢᠨ᠎ᠠ᠃      ᠡᠮᠦᠨ᠎ᠡ ᠬᠡᠰᠡᠭ ᠬᠤᠭᠤᠴᠠᠭᠠᠨ ᠳᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠣᠳᠣᠷᠢᠳᠬᠤ ᠳᠣᠭᠤᠶᠢᠯᠠᠩ ᠨᠠᠮ ᠤᠨ ᠭᠡᠰᠢᠭᠦᠳ ᠤᠨ ᠨᠡᠷ᠎ᠡ ᠲᠡᠮᠳᠡᠭᠯᠡᠭᠰᠡᠨ ᠦᠭᠡᠢ ᠪᠠᠷ ᠳᠡᠪᠰᠢᠭᠦᠯᠦᠭᠰᠡᠨ ᠪᠠᠶᠢᠳᠠᠯ᠂ ᠰᠢᠨᠵᠢᠯᠡᠨ ᠪᠠᠶᠢᠴᠠᠭᠠᠭᠰᠠᠨ ᠪᠠᠶᠢᠳᠠᠯ᠂ ᠪᠠᠭ ᠤᠨ ᠪᠦᠲᠦᠴᠡ ᠪᠣᠯᠣᠨ ᠲᠣᠰᠢᠶᠠᠯ ᠡᠭᠦᠷᠭᠡᠯᠡᠬᠦ ᠨᠦᠬᠦᠴᠡᠯ ᠵᠡᠷᠭᠡ ᠶᠢ ᠦᠨᠳᠦᠰᠦᠯᠡᠵᠦ᠂ ᠠᠩᠬ᠎ᠠ ᠠᠯᠬᠤᠮ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠵᠥᠪᠯᠡᠯ ᠤᠨ ᠵᠢᠱᠢᠭᠳᠡᠭᠰᠡᠳ ᠤᠨ ᠪᠡᠯᠡᠳᠬᠡᠯ ᠨᠡᠷᠡᠰ ᠢ ᠲᠣᠭᠲᠠᠭᠠᠪᠠ᠃      ᠬᠤᠷᠠᠯ ᠡᠬᠢᠯᠡᠬᠦ ᠳᠤ᠂ ᠨᠠᠮ ᠤᠨ ᠭᠡᠰᠢᠭᠦᠳ ᠤᠨ ᠥᠪᠡᠷ ᠤᠨ ᠬᠦᠰᠡᠯ ᠢᠶᠠᠨ ᠭᠦᠢᠴᠡᠳ ᠢᠯᠡᠳᠬᠡᠬᠦ ᠶᠢ ᠪᠣᠳᠣᠯᠬᠢᠯᠠᠵᠣ᠂  ᠲᠠᠷᠠᠬᠠᠢ ᠪᠣᠲᠠᠷᠬᠠᠢ ᠰᠠᠭᠤᠵᠣ ᠰᠤᠩᠭᠤᠭᠤᠯᠢ ᠶᠢᠨ ᠪᠢᠯᠧᠲ ᠪᠢᠴᠢᠬᠦ ᠠᠷᠭ᠎ᠠ ᠠᠪᠴᠠᠯ ᠠᠪᠴᠣ᠂ ᠡᠭᠦᠨ ᠤ ᠳᠠᠷᠠᠭᠠᠲᠠᠢ ᠳᠤ ᠪᠢᠯᠧᠲ ᠥᠭᠬᠦ ᠶᠢᠨ ᠬᠠᠮᠲᠤ ᠪᠢᠯᠧᠲ ᠬᠢᠨᠠᠭᠴᠢ ᠠᠴᠠ ᠰᠤᠩᠭᠤᠭᠤᠯᠢ ᠶᠢᠨ ᠪᠢᠯᠧᠲ ᠢ ᠪᠦᠷᠢᠳᠬᠡᠪᠡ᠃ ᠬᠤᠷᠠᠯ ᠨᠢ ᠨᠡᠷ᠎ᠡ ᠲᠡᠮᠳᠡᠭᠯᠡᠬᠦ ᠦᠭᠡᠢ ᠪᠢᠯᠧᠲ ᠥᠭᠬᠦ ᠠᠷᠭ᠎ᠠ ᠠᠪᠴᠠᠯ ᠪᠣᠯᠣᠨ ᠲᠣᠭᠠᠨ ᠤ ᠵᠦᠷᠢᠶᠡᠨᠲᠦ ᠰᠤᠩᠭᠤᠭᠤᠯᠢ ᠶᠢᠨ ᠠᠷᠭ᠎ᠠ ᠶᠢ ᠠᠪᠴᠣ᠂ ᠰᠤᠩᠭᠤᠭᠤᠯᠢ ᠪᠠᠷ ᠳᠠᠮᠵᠢᠨ ᠰᠢᠨ᠎ᠡ ᠨᠢᠭᠡᠨ ᠬᠤᠭᠤᠴᠠᠭᠠᠨ ᠤ ᠨᠠᠮ ᠤᠨ ᠡᠭᠦᠷ ᠤᠨ ᠵᠥᠪᠯᠡᠯ ᠢ ᠰᠤᠩᠭᠤᠨ ᠭᠠᠷᠭᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号