ᠰᠢᠨᠬᠤᠸᠠ ᠨᠧᠲ ᠬᠦᠬᠡᠬᠤᠳᠠ ᠶᠢᠨ 1 ᠰᠠᠷ᠎ᠠ ᠶᠢᠨ 15 ᠤ ᠡᠳᠤᠷ ᠤᠨ ᠴᠠᠬᠢᠯᠭᠠᠨ ᠮᠡᠳᠡᠭᠡ ᠦᠪᠦᠷ | ᠮᠣᠩᠭᠤᠯ ᠤᠨᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ | ᠤᠶᠢᠷ᠎ᠠ ᠳᠤ ᠬᠡᠷᠡᠭᠵᠢᠬᠦᠯᠬᠦ ᠰᠠᠨᠠᠯ ᠨᠡᠶᠢᠳᠡᠯᠡᠵᠤ᠂ ᠡᠷᠦᠬᠡ ᠠᠮᠠ ᠶᠢᠨ ᠰᠢᠯᠵᠢᠯᠳᠡ ᠶᠢᠨ ᠲᠦᠷᠦ ᠶᠢᠨ | ᠪᠤᠳᠤᠯᠭ᠎ᠠ ᠳᠤ ᠲᠤᠬᠢᠷᠠᠭᠤᠯᠤᠯᠳᠠ ᠬᠢᠵᠤ᠂ ᠬᠤᠳᠠ ᠪᠠᠯᠭᠠᠰᠤᠨ ᠳᠤ ᠡᠷᠦᠬᠡ ᠠᠮᠠ ᠶᠢᠨ ᠲᠠᠩᠰᠠ ᠪᠦᠷᠢᠳᠬᠡᠬᠦᠯᠬᠦ | ᠬᠢᠵᠠᠭᠠᠷᠯᠠᠯ ᠢ ᠪᠦᠬᠦ ᠲᠠᠯ᠎ᠠ ᠪᠠᠷ ᠦᠬᠡᠶᠢᠰᠬᠡᠪᠡ᠃ ᠰᠠᠨᠠᠯ ᠳᠤ᠂ ᠬᠦᠬᠡᠬᠤᠳᠠ ᠪᠤᠭᠤᠳᠤ ᠤᠷᠳᠤᠰ ᠬᠤᠳᠠ ᠶᠢᠨ | ᠬᠤᠭᠤᠷᠤᠨᠳᠤ ᠡᠷᠦᠬᠡ ᠠᠮᠠ ᠶᠢᠨ ᠲᠠᠩᠰᠠ ᠪᠠᠨ ᠰᠢᠯᠵᠢᠬᠦᠯᠵᠤ ᠪᠤᠯᠬᠤ ᠲᠦᠷᠢᠮ ᠢ ᠬᠡᠷᠡᠭᠵᠢᠬᠦᠯᠦᠨ᠎ᠡ ᠬᠡᠵᠤ | ᠲᠤᠷᠠᠳᠪᠠ᠃ | ᠰᠠᠨᠠᠯ ᠳᠤ᠂ ᠬᠦᠬᠡᠬᠤᠳᠠ᠂ ᠪᠤᠭᠤᠳᠤ᠂ ᠤᠷᠳᠤᠰ ᠬᠤᠳᠠ ᠶᠢᠨ ᠰᠦᠷᠦᠭᠵᠢᠯ ᠤᠨ ᠡᠷᠦᠬᠡ ᠠᠮᠠ ᠶᠢᠨ | ᠲᠠᠩᠰᠠ ᠶᠢᠨ ᠬᠤᠳᠠᠴᠢᠯᠠᠯᠳᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠬᠦᠬᠡᠬᠤᠳᠠ ᠪᠤᠭᠤᠳᠤ | ᠤᠷᠳᠤᠰ ᠤᠨ ᠬᠤᠭᠤᠷᠤᠨᠳᠤᠬᠢ ᠢᠷᠭᠡᠳ ᠤᠨ ᠴᠢᠯᠦᠬᠡᠳᠤ ᠰᠢᠯᠵᠢᠯᠳᠡ ᠶᠢ ᠠᠬᠢᠭᠤᠯᠬᠤ ᠶᠢ ᠵᠤᠷᠢᠬᠵᠢᠭᠤᠯᠪᠠ᠃ | ᠬᠦᠬᠡᠬᠤᠳᠠ᠂ ᠪᠤᠭᠤᠳᠤ᠂ ᠤᠷᠳᠤᠰ ᠬᠤᠳᠠ ᠳᠤ ᠡᠷᠦᠬᠡ ᠠᠮᠠ ᠶᠢᠨ ᠲᠠᠩᠰᠠ ᠲᠠᠢ ᠢᠷᠭᠡᠳ ᠦᠪᠡᠷ ᠤᠨ | ᠲᠤᠷ᠎ᠠ ᠠᠴᠠ ᠪᠠᠨ ᠬᠠᠤᠯᠢ ᠳᠤ ᠨᠡᠶᠢᠴᠡᠭᠰᠡᠨ ᠤᠷᠤᠨ ᠰᠠᠭᠤᠴᠠ ᠪᠤᠶᠤ ᠬᠠᠤᠯᠢ ᠳᠤ ᠨᠡᠶᠢᠴᠡᠭᠰᠡᠨ ᠠᠵᠢᠯᠯᠠᠵᠤ | ᠪᠠᠶᠢᠬᠤ ᠨᠦᠬᠦᠴᠡᠯ ᠢᠶᠠᠷ ᠢᠶᠠᠨ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠲᠤᠭᠤᠷᠢᠭ ᠵᠢᠴᠢ | ᠪᠠᠯᠭᠠᠰᠤᠨ ᠳᠤ ᠪᠠᠶᠢᠩᠭᠤ ᠰᠠᠭᠤᠷᠢᠰᠢᠬᠤ ᠡᠷᠦᠬᠡ ᠠᠮᠠ ᠶᠢᠨ ᠲᠠᠩᠰᠠ ᠪᠦᠷᠢᠳᠬᠡᠬᠦᠯᠵᠤ ᠪᠤᠯᠬᠤ | ᠪᠦᠬᠡᠳᠬᠤᠳᠠ ᠪᠠᠯᠭᠠᠰᠤᠨ ᠤ ᠨᠡᠶᠢᠬᠡᠮ ᠤᠨ ᠪᠠᠳᠤᠯᠠᠭ᠎ᠠ᠂ ᠤᠷᠤᠨ ᠰᠠᠭᠤᠴᠠ ᠶᠢᠨ ᠬᠢᠵᠠᠭᠠᠷᠯᠠᠯ ᠵᠡᠷᠬᠡ ᠪᠤᠰᠤᠳ | ᠨᠦᠬᠦᠴᠡᠯ ᠳᠤ ᠬᠢᠵᠠᠭᠠᠷᠯᠠᠭᠳᠠᠬᠤ ᠦᠭᠡᠢ᠃ ᠬᠦᠬᠡᠬᠤᠳᠠ᠂ ᠪᠤᠭᠤᠳᠤ᠂ ᠤᠷᠳᠤᠰ ᠬᠤᠳᠠ ᠡᠷᠦᠬᠡ ᠠᠮᠠ ᠶᠢᠨ | ᠲᠠᠩᠰᠠ ᠪᠦᠷᠢᠳᠬᠡᠬᠦᠯᠬᠦ ᠲᠦᠷᠢᠮ ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠪᠤᠯᠤᠨ ᠲᠤᠬᠠᠢ ᠶᠢᠨ ᠭᠠᠵᠠᠷ ᠤᠨ | ᠪᠤᠳᠠᠳᠠᠢ ᠪᠠᠶᠢᠳᠠᠯ ᠳᠤ ᠦᠨᠳᠤᠰᠦᠯᠡᠨ᠂ ᠡᠷᠦᠬᠡ ᠠᠮᠠ ᠶᠢᠨ ᠲᠠᠩᠰᠠ ᠰᠢᠯᠵᠢᠬᠦᠯᠬᠦ ᠲᠦᠷᠦ ᠶᠢᠨ ᠪᠤᠳᠤᠯᠭ᠎ᠠ ᠳᠤ | ᠴᠠᠭ ᠲᠤᠬᠠᠢ ᠳᠤ ᠨᠢ ᠲᠤᠬᠢᠷᠠᠭᠤᠯᠤᠯᠤᠳᠠ ᠬᠢᠵᠤ᠂ ᠬᠤᠳᠠ ᠶᠢᠨ ᠰᠦᠷᠦᠭᠵᠢᠯ ᠤᠨ ᠡᠷᠦᠬᠡ ᠶᠢᠨ ᠠᠮᠠ ᠶᠢᠨ | ᠲᠠᠩᠰᠠ ᠶᠢᠨ ᠪᠠᠷᠢᠮᠵᠢᠶ᠎ᠠ ᠶᠢ ᠠᠭᠠᠵᠢᠮ ᠢᠶᠠᠷ ᠨᠢᠬᠡᠳᠬᠡᠵᠤ᠂ ᠬᠦᠳᠡᠭᠡ ᠠᠵᠤ ᠠᠬᠤᠢ ᠶᠢᠨ ᠰᠢᠯᠵᠢᠯᠳᠡ ᠶᠢᠨ | ᠬᠦᠮᠦᠨ ᠠᠮᠠ ᠪᠤᠯᠤᠨ ᠪᠤᠰᠤᠳ ᠪᠠᠶᠢᠩᠭᠤ ᠰᠠᠭᠤᠷᠢᠰᠢᠬᠤ ᠬᠦᠮᠦᠨ ᠠᠮᠠ ᠶᠢᠨ ᠡᠷᠦᠬᠡ ᠠᠮᠠ ᠶᠢᠨ ᠲᠠᠩᠰᠠ | ᠪᠦᠷᠢᠳᠬᠡᠬᠦᠯᠬᠦ ᠶᠢ ᠠᠬᠢᠭᠤᠯᠤᠨ᠎ᠠ᠃ | ᠬᠦᠬᠡᠬᠤᠳᠠ᠂ ᠪᠤᠭᠤᠳᠤ᠂ ᠤᠷᠳᠤᠰ ᠭᠤᠷᠪᠠᠨ ᠬᠤᠳᠠ ᠭᠤᠷᠪᠠᠯᠵᠢᠯᠠᠨ ᠪᠠᠶᠢᠷᠢᠰᠢᠯᠠᠵᠤ᠂ ᠦᠪᠦᠷ | ᠮᠣᠩᠭᠤᠯ ᠤᠨ ᠠᠮᠢᠯᠠᠯ ᠪᠢᠯᠬᠠᠭᠰᠠᠨ ᠬᠤᠳᠠ ᠶᠢᠨ ᠡᠳ᠋ ᠤᠨ ᠵᠠᠰᠠᠭ ᠤᠨ ᠲᠤᠭᠤᠷᠢᠭ ᠪᠤᠯᠬᠤ ᠪᠦᠬᠡᠳ ᠦᠪᠦᠷ | ᠮᠣᠩᠭᠤᠯ ᠤᠨ ︽ᠠᠯᠳᠠᠨ ᠭᠤᠷᠪᠠᠯᠵᠢᠨ︾ ᠬᠡᠮᠡᠭᠳᠡᠭᠰᠡᠨ ᠭᠠᠵᠠᠷ ᠤᠷᠤᠨ ᠪᠤᠯᠤᠨ᠎ᠠ᠃ ᠤᠶᠢᠷ᠎ᠠ ᠶᠢᠨ ᠵᠢᠯ ᠤᠳ ᠲᠤ᠂ | ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠢᠨ | ᠬᠠᠮᠳᠤᠷᠠᠨ ᠬᠦᠭᠵᠢᠬᠦ ᠶᠢ ᠠᠬᠢᠭᠤᠯᠵᠤ ᠪᠠᠶᠢᠨ᠎ᠠ᠃ |