| | | | | | | | | | | | | | | | 1 ᠳ᠋ᠦ᠋ᠭᠡᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ᠳᠡᠳ᠋ ᠳᠠᠷᠤᠭ᠎ᠠ᠂ ᠬᠤᠲᠠ ᠶᠢᠨ ︽ᠬᠦᠯᠡᠮᠵᠢᠲᠦ | ᠭᠡᠷ︾ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ | ᠪᠠᠶᠢᠩᠭᠤ ᠶᠢᠨ ᠳᠡᠳ᠋ ᠳᠠᠷᠤᠭ᠎ᠠ ᠶᠦᠨ ᠰᠢᠨ ᠮᠢᠩ ᠬᠤᠲᠠ ᠶᠢᠨ ︽ᠬᠦᠯᠡᠮᠵᠢᠲᠦ ᠭᠡᠷ︾ ᠤᠨ ᠠᠰᠠᠭᠤᠳᠠᠯ ᠢ | ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠳ ᠵᠢᠴᠢ ᠬᠤᠳᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ | ᠬᠤᠲᠣᠩ ᠠᠷᠠᠳ ᠤᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ | ᠱᠦᠶ ᠾᠧ ᠰᠢᠶᠠᠨ ᠳᠤ ᠬᠦᠷᠴᠦ ︽ᠬᠦᠯᠡᠮᠵᠢᠲᠦ ᠭᠡᠷ︾ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢ ᠲᠤᠰᠬᠠᠢ ᠲᠠᠯᠠᠪᠠᠢ ᠳᠤ ᠨᠢ ᠰᠢᠮᠳᠠᠭᠤᠯᠤᠨ ᠵᠢᠯᠣᠭᠤᠳᠪᠠ᠃ | ᠶᠦᠨ ᠰᠢᠨ ᠮᠢᠩ ᠨᠠᠷ ᠤᠷᠢᠳ ᠬᠤᠵᠢᠳ ᠬᠤᠲᠣᠩ ᠠᠷᠠᠳ ᠤᠨ ᠲᠣᠭᠤᠷᠢᠭ ᠤᠨ ᠵᠡᠭᠦᠨ ᠤᠰᠤᠲᠤ | ᠲᠣᠰᠬᠤᠨ ᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ᠂ ᠲᠦᠮᠡᠳ ᠵᠡᠭᠦᠨ ᠬᠤᠰᠢᠭᠤᠨ ᠤ ᠮᠢᠨ ᠲᠢᠶᠠᠨ | ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ᠂ ᠲᠦᠮᠡᠳ ᠵᠡᠭᠦᠨ ᠬᠤᠰᠢᠭᠤᠨ ᠤ ᠴᠠᠩ ᠳ᠋ᠧ ᠾᠧ ᠢᠳᠡᠰᠢᠨ | ᠨᠣᠭᠤᠭ᠎ᠠ ᠶᠢᠨ ᠰᠠᠭᠤᠷᠢᠨ ᠭᠠᠵᠠᠷ᠂ ᠲᠣᠭᠲᠠᠬᠤ ᠰᠢᠶᠠᠨ ᠤ ᠭᠦ᠋ ᠴᠧᠩ ᠽᠧ ᠶᠤᠸᠠᠨ ᠢᠳᠡᠰᠢᠨ ᠨᠣᠭᠤᠭᠠᠨ ᠤ | ᠰᠠᠭᠤᠷᠢᠨ ᠭᠠᠵᠠᠷ᠂ ᠬᠤᠷᠢᠨᠭᠡᠷ ᠰᠢᠶᠠᠨ ᠤ ᠯᠢᠦᠢ ᠶᠸᠧ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ᠂ ᠴᠢᠩ ᠱᠦᠢ | ᠾᠧ ᠰᠢᠶᠠᠨ ᠤ ᠬᠤᠩ ᠾᠧ ᠪᠠᠯᠭᠠᠰᠤᠨ ᠤ ᠮᠧᠩ ᠬᠤᠩ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠵᠡᠷᠭᠡ | ᠭᠠᠵᠠᠷ ᠤᠨ ᠲᠤᠬᠠᠢ ᠶᠢᠨ ᠲᠠᠯᠠᠪᠠᠢ ᠳᠤ ᠨᠢ ᠰᠢᠮᠳᠠᠭᠤᠯᠤᠨ ᠵᠢᠯᠣᠭᠤᠳᠴᠤ᠂ ︽ᠬᠦᠯᠡᠮᠵᠢᠲᠦ ᠭᠡᠷ︾ ᠤᠨ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠪᠣᠯᠣᠨ ᠪᠠᠶᠢᠴᠠᠭᠠᠨ ᠰᠢᠢᠳᠪᠦᠷᠢᠯᠡᠭᠰᠡᠨ | ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ | ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠪᠠ᠃ | ᠺᠠᠩ ᠶᠦᠩ ᠴᠢᠶᠠᠩ᠂ ᠯᠢ ᠵᠢᠶᠦ᠋ᠨ ᠵᠢᠴᠢ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠷ᠎ᠠ ᠪᠣᠯᠵᠤ | ᠴᠢᠩ ᠱᠦᠢ ᠾᠧ ᠰᠢᠶᠠᠨ ᠤ ᠮᠧᠩ ᠬᠤᠩ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢ ᠰᠢᠮᠳᠠᠭᠤᠯᠤᠨ | ᠵᠢᠯᠣᠭᠤᠳᠪᠠ᠃ | ᠶᠦᠨ ᠰᠢᠨ ᠮᠢᠩ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠬᠢᠨ ︽ᠬᠦᠯᠡᠮᠵᠢᠲᠦ ᠭᠡᠷ︾ ᠤᠨ | ᠠᠰᠠᠭᠤᠳᠠᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠲᠠᠩᠰᠠ ᠡᠪᠬᠡᠮᠡᠯ ᠪᠠᠶᠢᠭᠤᠯᠵᠤ᠂ ᠴᠠᠭ ᠲᠤᠬᠠᠶ ᠳᠤᠨᠢ | ᠴᠡᠭᠴᠡᠯᠡᠨ ᠵᠠᠰᠠᠵᠤ᠂ ᠬᠠᠤᠯᠢ ᠠᠴᠠ ᠵᠥᠷᠢᠴᠡᠵᠦ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠷᠥᠯ ᠬᠡᠯᠪᠡᠷᠢ | ᠢᠯᠭᠠᠵᠤ᠂ ᠬᠠᠤᠯᠢ ᠲᠣᠭᠲᠠᠭᠠᠯ ᠢ ᠵᠢᠷᠤᠮᠯᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ | ᠂ ᠴᠡᠭᠴᠡᠯᠡᠨ ᠵᠠᠰᠠᠬᠤ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠳᠠᠩᠰᠠᠯᠠᠭᠤᠯᠬᠤ ᠳᠦᠷᠢᠮ ᠢ ᠪᠠᠶᠢᠭᠤᠯᠵᠤ᠂ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠡᠮᠬᠢ ᠵᠢᠷᠤᠮ ᠲᠠᠢ ᠬᠥᠭᠵᠢᠭᠦᠯᠬᠦ ᠶᠢ ᠪᠡᠶᠡᠯᠡᠭᠦᠯᠬᠦ | ᠬᠡᠷᠡᠭᠲᠡᠶ᠃ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠦᠵᠡᠭᠳᠡᠯ ᠢ ᠡᠷᠡᠰ ᠬᠤᠷᠢᠭᠯᠠᠵᠤ᠂ ᠲᠠᠷᠢᠶᠠᠨ | ᠭᠠᠵᠠᠷ ᠢ ᠦᠨᠡᠨ ᠬᠦ ᠬᠠᠮᠠᠭᠠᠯᠠᠬᠤ᠂ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ | ᠭᠡᠪᠡ᠃ | | |