ᠡᠯᠧᠺᠲᠷᠣᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠠᠵᠢᠯ ᠤᠨ ᠦᠷ᠎ᠡ ᠪᠥᠲᠦᠮᠵᠢ ᠶᠢ ᠬᠢᠨᠠᠨ ᠰᠢᠯᠭᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-22
     ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠦᠭᠡ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠦᠯ ᠵᠦᠢᠯ ᠤᠨ ᠵᠠᠷᠤᠯᠭ᠎ᠠ ᠳᠤ ᠬᠡᠷᠡᠭᠯᠡᠬᠦ ᠳᠦᠷᠢᠮᠵᠢᠲᠤ ᠴᠢᠨᠠᠷ᠂ ᠠᠵᠤ ᠠᠬᠤᠢ ᠶᠢᠨ ᠴᠢᠨᠠᠷ᠂ ᠠᠰᠢᠭᠯᠠᠮᠵᠢ ᠪᠠ ᠦᠷ᠎ᠡ ᠪᠥᠲᠦᠮᠵᠢ ᠳᠤ ᠪᠣᠰᠤᠳᠴᠢ ᠵᠠᠳᠠᠯᠤᠯᠲᠠ ᠪᠠ ᠶᠡᠷᠦᠩᠬᠡᠶᠢᠯᠡᠭᠰᠡᠨ ᠦᠨᠡᠯᠡᠯᠲᠡ ᠬᠢᠪᠡ᠃ 2017 ᠣᠨ ᠤ ᠡᠯᠧᠺᠲᠷᠣᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠤᠨ ᠠᠬᠢᠴᠠ ᠪᠠ ᠬᠡᠷᠡᠭᠵᠢᠭᠦᠯᠦᠭᠰᠡᠨ ᠦᠷ᠎ᠡ ᠪᠥᠲᠦᠮᠵᠢ ᠶᠢ ᠤᠯᠠᠮ ᠨᠢᠭᠡ ᠠᠯᠬᠤᠮ ᠣᠶᠢᠯᠭᠠᠪᠠ᠃ 1 ᠳ᠋ᠦ᠋ᠭᠡᠷ ᠰᠠᠷ᠎ᠠ ᠶᠢᠨ 15 ᠤ ᠡᠳᠤᠷ᠂ ᠬᠤᠳᠠᠯᠳᠤᠭᠠᠨ ᠤ ᠶᠠᠮᠤᠨ ᠤ ᠭᠦᠢᠯᠭᠡᠭᠡ ᠶᠢᠨ ᠠᠵᠤ ᠦᠢᠯᠡᠰ ᠢ ᠠᠬᠢᠭᠤᠯᠬᠤ ᠲᠥᠪ ᠤᠨ ᠬᠠᠷᠢᠭᠤᠴᠠᠯᠭᠠᠲᠠᠳ ᠦᠴᠦᠸᠠᠨ ᠰᠢᠶᠠᠨ ᠳᠤ ᠭᠦᠨᠵᠡᠭᠡᠶᠢᠷᠡᠵᠤ᠂ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠠᠵᠢᠯ ᠤᠨ ᠦᠷ᠎ᠡ ᠪᠥᠲᠦᠮᠵᠢ ᠶᠢ ᠰᠢᠯᠭᠠᠬᠤ ᠠᠵᠢᠯ ᠢ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠤᠸᠠᠨ ᠪᠥᠸᠧ᠂ ᠰᠢᠶᠠᠨ ᠤ ᠳᠡᠳ᠋ ᠳᠠᠷᠤᠭ᠎ᠠ ᠶᠦᠨ ᠰᠢᠶᠣᠣ ᠳ᠋ᠦᠩ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ᠂ ᠶᠢᠨ ᠴᠦᠨ ᠯᠢᠶᠠᠩ ᠠᠴᠠ ᠰᠢᠶᠠᠨ ᠤ ᠵᠠᠰᠠᠭ ᠤᠨ ᠣᠷᠳᠤᠨ ᠢ ᠲᠥᠯᠦᠭᠡᠯᠡᠵᠤ ᠦᠴᠦᠸᠠᠨ ᠰᠢᠶᠠᠨ ᠤ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭ᠎ᠠ ᠶᠢᠨ ᠪᠥᠲᠦᠭᠡᠨ ᠪᠠᠶᠢᠭᠤᠯᠤᠯᠲᠠ ᠶᠢᠨ ᠪᠠᠶᠢᠳᠠᠯ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠥᠲᠦᠮᠵᠢ᠂ ᠪᠡᠯᠡ ᠮᠥᠩᠭᠦ ᠶᠢᠨ ᠬᠡᠷᠡᠭᠯᠡᠭᠡᠨ ᠤ ᠴᠢᠭᠯᠡᠯ ᠵᠢᠴᠢ ᠣᠷᠤᠰᠢᠵᠤ ᠪᠠᠶᠢᠭ᠎ᠠ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠦᠪᠯᠡᠭᠡ ᠶᠢᠨ ᠲᠤᠬᠠᠢ ᠨᠠᠷᠢᠯᠢᠭ ᠬᠠᠷᠢᠭᠤ ᠮᠡᠳᠡᠭᠦᠯᠦᠯᠲᠡ ᠬᠢᠪᠡ᠃      ᠬᠢᠨᠠᠨ ᠰᠢᠯᠭᠠᠬᠤ ᠳᠣᠭᠤᠶᠢᠯᠠᠩ ᠤᠨ ᠬᠢᠨ ᠲᠤᠰ ᠤᠳᠠᠭᠠᠨ ᠤ ᠬᠢᠨᠠᠨ ᠰᠢᠯᠭᠠᠯᠲᠠ ᠶᠢᠨ ᠪᠤᠲᠠᠲᠠᠢ ᠶᠠᠪᠤᠴᠠ ᠪᠠ ᠭᠤᠣᠯ ᠠᠭᠤᠯᠭ᠎ᠠ ᠶᠢ ᠲᠠᠨᠢᠯᠴᠠᠭᠤᠯᠤᠭᠰᠠᠨ ᠪᠥᠭᠡᠳ ᠬᠤᠯᠪᠤᠭᠳᠠᠯ ᠪᠥᠬᠦᠢ ᠠᠵᠢᠯ ᠤᠨ ᠰᠠᠬᠢᠯᠭ᠎ᠠ ᠪᠠᠲᠤ ᠳᠤ ᠲᠣᠳᠤᠷᠬᠠᠢ ᠱᠠᠭᠠᠷᠳᠠᠯᠭ᠎ᠠ ᠳᠤᠷᠠᠳᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号