ᠤᠯᠠᠭᠠᠨᠬᠦᠦ ᠶᠢᠨ ᠳᠤᠷᠠᠰᠬᠠᠯ ᠤᠨ ᠣᠷᠳᠣᠨ ᠤᠯᠤᠰ ᠤᠨ AAAA ᠲᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠢᠶᠠᠷ ᠵᠡᠷᠭᠡ ᠳᠠᠪᠰᠢᠪᠠ
ᠨᠡᠶᠢᠲᠡᠯᠡᠭᠰᠡᠨ ᠴᠠᠭ᠄
2019-01-22
     ᠤᠯᠠᠭᠠᠨᠬᠦᠦ ᠶᠢᠨ ᠳᠤᠷᠠᠰᠬᠠᠯ ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠶᠢᠨ ᠦᠵᠡᠯ ᠰᠠᠨᠠᠭ᠎ᠠ ᠶᠢᠨ ᠰᠤᠷᠭᠠᠨ ᠬᠥᠮᠥᠵᠢᠯ ᠢ ᠤᠬᠠᠭᠤᠯᠬᠤ ᠴᠢᠬᠤᠯᠠ ᠴᠣᠩᠬᠤ ᠪᠣᠯᠣᠨ᠎ᠠ᠃ 2018 ᠣᠨ ᠳᠤ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠦᠢᠯᠡᠴᠢᠯᠡᠭᠡ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ ᠴᠡᠴᠡᠷᠯᠢᠭ ᠤᠨ ᠨᠣᠭᠤᠭᠠᠷᠠᠭᠤᠯᠤᠯᠲᠠ᠂ ᠠᠮᠤᠷ ᠲᠦᠪᠰᠢᠨ ᠤ ᠬᠠᠮᠠᠭᠠᠯᠠᠯᠲᠠ᠂ ᠣᠷᠴᠢᠨ ᠲᠣᠭᠤᠷᠢᠨ ‍ᠤ‌ᠡᠷᠡᠭᠦᠯ ᠬᠠᠮᠠᠭᠠᠯᠠᠯ ᠵᠡᠷᠭᠡ ᠡᠯ᠎ᠡ ᠲᠠᠯ᠎ᠠ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠮ ᠨᠢᠭᠡ ᠠᠯᠬᠤᠮ ᠥᠭᠡᠷᠡᠴᠢᠯᠡᠨ ᠵᠠᠰᠠᠵᠤ ᠲᠡᠰ ᠳᠡᠪᠰᠢᠭᠦᠯᠬᠦ ᠪᠠᠷ ᠳᠠᠮᠵᠢᠨ᠂ ᠴᠡᠴᠡᠷᠯᠢᠭ ᠤᠨ ᠳᠣᠲᠣᠷᠠᠬᠢ ᠫᠠᠶᠢᠰᠠ ᠢᠯᠡᠷᠬᠡᠶᠢᠯᠡᠯ ᠢ ᠨᠡᠮᠡᠨ ᠰᠢᠨᠡᠴᠢᠯᠡᠵᠦ᠂ ᠮᠣᠳᠣᠨ ᠵᠠᠮ ᠳᠡᠪᠢᠰᠴᠦ᠂ ᠨᠢᠭᠡᠳᠦᠭᠡᠷ ᠲᠡᠰ ᠤᠨ ᠴᠡᠴᠡᠷᠯᠢᠭ ᠤᠨ ᠵᠠᠮ ᠢ ᠥᠷᠭᠡᠳᠬᠡᠵᠦ᠂ ᠠᠮᠠᠷᠠᠵᠤ ᠰᠠᠭᠤᠬᠤ ᠰᠠᠨᠳᠠᠯᠢ ᠵᠡᠷᠭᠡ ᠰᠠᠭᠤᠷᠢ ᠲᠥᠬᠦᠭᠡᠷᠦᠮᠵᠢ ᠶᠢ ᠪᠡᠯᠡᠳᠬᠡᠵᠦ᠂ 12 ᠳ᠋ᠤᠭᠠᠷ ᠰᠠᠷ᠎ᠠ ᠳᠤ ᠤᠯᠤᠰ ᠤᠨ AAAA ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠡᠷᠭᠡ ᠳᠠᠪᠰᠢᠪᠠ᠃      ᠲᠠᠨᠢᠯᠴᠠᠭᠤᠯᠤᠭᠰᠠᠨ ᠢᠶᠠᠷ᠂ 1992 ᠣᠨ ᠳᠤ ᠪᠠᠶᠢᠭᠤᠯᠤᠭᠳᠠᠵᠤ ᠡᠭᠦᠳᠡ ᠪᠠᠨ ᠰᠡᠬᠦᠭᠰᠡᠨ ᠠᠴᠠ ᠨᠠᠭᠠᠰᠢ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠨᠢ  ᠤᠷᠢᠳ ᠬᠤᠵᠢᠳ ᠪᠦᠬᠦ ᠤᠯᠤᠰ ᠤᠨ ᠵᠠᠭᠤᠨ ᠤᠯᠤᠰ ᠢᠶᠠᠨ ᠬᠠᠶᠢᠷᠠᠯᠠᠬᠤ ᠡᠬᠡ ᠣᠷᠣᠨᠴᠢ ᠰᠤᠷᠭᠠᠨ ᠬᠥᠮᠥᠵᠢᠯ ᠤᠨ ᠰᠠᠭᠤᠷᠢᠨ ᠭᠠᠵᠠᠷ᠂ ᠪᠦᠬᠦ ᠤᠯᠤᠰ ᠤᠨ ᠵᠠᠭᠤᠨ ᠬᠤᠪᠢᠰᠬᠠᠯ ᠤᠨ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠥᠵᠢᠯ ᠤᠨ ᠰᠠᠭᠤᠷᠢᠨ ᠭᠠᠵᠠᠷ᠂ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠤᠯᠤᠰ ᠤᠨ ᠴᠢᠬᠡᠴᠢ ᠵᠠᠰᠠᠭ ᠤᠨ ᠰᠤᠷᠭᠠᠨ ᠬᠥᠮᠥᠵᠢᠯ ᠤᠨ ᠰᠠᠭᠤᠷᠢᠨ ᠭᠠᠵᠠᠷ ᠵᠢᠴᠢ ᠪᠦᠬᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠢᠶᠠᠷ ᠨᠡᠷᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠬᠡ ᠣᠷᠣᠨᠴᠢ ᠦᠵᠡᠯ ᠤᠨ ᠰᠤᠷᠭᠠᠨ ᠬᠥᠮᠥᠵᠢᠯ ᠪᠣᠯᠣᠨ ᠬᠤᠪᠢᠰᠬᠠᠯ ᠤᠨ ᠤᠯᠠᠮᠵᠢᠯᠠᠯᠲᠤ ᠰᠤᠷᠭᠠᠨ ᠬᠥᠮᠥᠵᠢᠯ ᠢ ᠥᠷᠨᠢᠭᠦᠯᠬᠦ ᠴᠢᠬᠤᠯᠠ ᠴᠣᠩᠬᠤ ᠪᠣᠯᠵᠤ᠂ ᠥᠷᠭᠡᠨ ᠣᠯᠠᠨ ᠠᠷᠠᠳ ᠲᠦᠮᠡᠨ ᠤ ᠬᠤᠯᠪᠣᠭᠳᠠᠯ ᠪᠦᠬᠦᠢ ᠲᠡᠦᠬᠡ ᠶᠢᠨ ᠮᠡᠳᠡᠯᠭᠡ ᠶᠢ ᠰᠤᠷᠤᠯᠴᠠᠵᠤ᠂ ᠦᠵᠡᠯ ᠰᠠᠨᠠᠭᠠᠨ ᠤ ᠪᠣᠯᠪᠠᠰᠤᠷᠠᠯ ᠢᠶᠠᠨ ᠳᠡᠭᠡᠭᠰᠢᠯᠡᠭᠦᠯᠬᠦ ᠴᠢᠬᠤᠯᠠ ᠬᠢᠴᠢᠶᠡᠯ ᠤᠨ ᠭᠡᠷ ᠪᠣᠯᠪᠠ᠃ ᠤᠯᠠᠭᠠᠨᠬᠦᠦ ᠶᠢᠨ ᠳᠤᠷᠠᠰᠬᠠᠯ ᠤᠨ ᠣᠷᠳᠣᠨ ᠨᠢ ᠡᠯᠪᠡᠭ ᠪᠠᠶᠠᠯᠢᠭ ᠦᠵᠡᠭᠦᠯᠭᠡ ᠶᠢᠨ ᠠᠭᠤᠯᠭ᠎ᠠ᠂  ᠭᠤᠶᠣ ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ ᠢᠶᠠᠷ ᠢᠶᠠᠨ ᠪᠦᠬᠦ ᠤᠯᠤᠰ ᠤᠨ ᠵᠢᠭᠤᠯᠴᠢᠳ ᠤᠨ ᠠᠩᠬᠠᠷᠤᠯ ᠢ ᠲᠠᠲᠠᠵᠤ ᠪᠠᠶᠢᠳᠠᠭ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号