ᠬᠦᠬᠡᠬᠤᠳᠠ ᠶᠢᠨ ᠬᠤᠶᠠᠷ ᠪᠠᠭᠰᠢ ᠤᠯᠤᠰ ᠲᠠᠶᠠᠭᠠᠷ ᠤᠨ ᠪᠠᠶᠢᠭᠠᠯᠢ ᠤᠷᠴᠢᠨ ᠤ ᠰᠤᠷᠭᠠᠨ ᠬᠦᠮᠦᠵᠢᠯ ᠤᠨ ᠰᠢᠯᠢᠳᠡᠭ ᠵᠢᠱᠢᠶ᠎ᠡ ᠶᠢᠨ ᠱᠠᠩᠨᠠᠯ ᠬᠦᠷᠳᠡᠪᠡ
ᠨᠡᠶᠢᠲᠡᠯᠡᠭᠰᠡᠨ ᠴᠠᠭ᠄
2019-01-23
      2018 ᠤᠨ ᠤ ᠤᠯᠤᠰ ᠲᠠᠶᠠᠭᠠᠷ ᠤᠨ ᠠᠮᠢ ᠠᠬᠤᠢ ᠪᠠᠶᠢᠭᠠᠯᠢ ᠤᠷᠴᠢᠨ ᠤ ᠤᠬᠠᠭᠤᠯᠬᠤ ᠬᠡᠯᠳᠡᠰ ᠤᠨ ᠰᠤᠷᠭᠠᠨ ᠬᠦᠮᠦᠵᠢᠯ ᠤᠨ ᠲᠦᠪ ᠤᠯᠤᠰ ᠲᠠᠶᠠᠭᠠᠷ ᠤᠨ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠲᠤ ᠬᠠᠨᠳᠤᠨ ᠪᠠᠶᠢᠭᠠᠯᠢ ᠤᠷᠴᠢᠨ ᠢ ᠬᠠᠮᠠᠭᠠᠯᠠᠬᠤ ᠰᠤᠷᠭᠠᠨ ᠬᠦᠮᠦᠵᠢᠯ ᠤᠨ ᠰᠢᠯᠢᠳᠡᠭ ᠵᠢᠱᠢᠶ᠎ᠡ ᠶᠢ ᠡᠯᠰᠡᠬᠦ ᠠᠵᠢᠯᠯᠠᠭ᠎ᠠ ᠶᠢ ᠦᠷᠨᠢᠬᠦᠯᠵᠤ᠂ ᠬᠦᠬᠡᠬᠤᠳᠠ ᠶᠢᠨ ᠰᠢᠨ᠎ᠡ ᠬᠤᠳᠠ ᠲᠤᠭᠤᠷᠢᠭ ᠤᠨ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠲᠤᠪᠴᠢᠶ᠎ᠠ ᠪᠤᠯᠤᠨ ᠰᠢᠨ᠎ᠡ ᠬᠤᠳᠠ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠢᠳᠡᠪᠬᠢᠲᠡᠢ ᠵᠤᠬᠢᠶᠠᠨ ᠪᠠᠶᠢᠭᠤᠯᠵᠤ ᠰᠢᠯᠢᠳᠡᠭ ᠵᠢᠱᠢᠶ᠎ᠠ ᠶᠢ ᠮᠡᠳᠡᠬᠦᠯᠦᠭᠰᠡᠨ ᠪᠠᠶᠢᠨ᠎ᠠ᠃ ᠰᠤᠷᠪᠤᠯᠵᠢᠯᠠᠭᠴᠢ 17 ᠤ ᠡᠳᠤᠷ ᠰᠢᠨ᠎ᠡ ᠬᠤᠳᠠ ᠲᠤᠭᠤᠷᠢᠭ ᠤᠨ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠲᠤᠪᠴᠢᠶᠠᠨ ᠠᠴᠠ ᠤᠶᠢᠯᠠᠭᠠᠭᠰᠠᠨ ᠢᠶᠠᠷ᠂ ᠰᠢᠨ᠎ᠡ ᠬᠤᠳᠠ ᠲᠤᠭᠤᠷᠢᠭ ᠤᠨ ᠬᠤᠶᠠᠷ ᠪᠠᠭᠰᠢ ᠤᠯᠤᠰ ᠲᠠᠶᠠᠭᠠᠷ ᠤᠨ ᠪᠠᠶᠢᠭᠠᠯᠢ ᠤᠷᠴᠢᠨ ᠤ ᠰᠤᠷᠭᠠᠨ ᠬᠦᠮᠦᠵᠢᠯ ᠤᠨ ᠰᠢᠯᠢᠳᠡᠭ ᠵᠢᠱᠢᠶ᠎ᠠ ᠶᠢᠨ ᠱᠠᠩᠨᠠᠯ ᠬᠦᠷᠳᠡᠭᠰᠡᠨ ᠪᠠᠶᠢᠨ᠎ᠠ᠃      ᠲᠤᠳᠤᠷᠠᠭᠤᠯᠪᠠᠯ᠂ ᠰᠢᠨ᠎ᠡ ᠬᠤᠳᠠ ᠲᠤᠭᠤᠷᠢᠭ ᠤᠨ ᠮᠣᠩᠭᠤᠯ ᠦᠨᠳᠤᠰᠦᠳᠡᠨ ᠤ ᠴᠡᠴᠡᠷᠯᠢᠭ ᠤᠨ ᠪᠠᠭᠰᠢ ᠯᠢᠦ ᠵᠢᠶᠠ ᠶᠢᠨ ︽ᠪᠢ ᠪᠤᠯ ᠤᠰᠤ ᠠᠷᠪᠢᠯᠠᠬᠤ ᠪᠢᠴᠢᠬᠠᠨ ᠬᠠᠮᠠᠭᠠᠯᠠᠭᠴᠢ︾ ᠨᠢ ᠭᠤᠷᠪᠠᠳᠤᠭᠠᠷ ᠲᠡᠰ ᠤᠨ ᠱᠠᠩᠨᠠᠯ ᠲᠤᠰᠴᠦ᠂ ᠰᠢᠨ᠎ᠡ ᠬᠤᠳᠠ ᠲᠤᠭᠤᠷᠢᠭ ᠤᠨ ᠯᠦᠸᠧ ᠹᠧᠩ ᠵᠡᠬᠡᠯᠢ ᠪᠠᠭ᠎ᠠ ᠰᠤᠷᠭᠠᠭᠤᠯᠢ ᠶᠢᠨ ᠪᠠᠭᠰᠢ ᠵᠠᠩ ᠶᠤᠸᠠᠨ ᠶᠤᠸᠠᠨ ᠤ ︽ᠲᠤᠤᠷ᠎ᠠ ᠨᠡᠬᠦᠷᠡᠰᠦᠳᠤᠷᠦᠭᠴᠢᠳᠤ ᠠᠮᠢᠳᠤᠷᠠᠯ ᠳᠤ ᠤᠷᠤᠶ᠎ᠡ︾ ᠪᠦᠲᠦᠬᠡᠯ ᠨᠢ ᠰᠢᠯᠢᠳᠡᠭ ᠱᠠᠩᠨᠠᠯ ᠲᠤᠰᠤᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号