1 ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠠᠩᠬᠠᠳᠠᠬᠴᠢ ᠤᠳᠠᠭᠠᠨ ᠤ ᠠᠳᠤᠭᠤᠨ | ᠰᠤᠳᠤᠯᠤᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠬᠳᠠᠪᠠ᠃ ᠲᠤᠰ ᠤᠳᠠᠭᠠᠨ ᠤ ᠬᠤᠷᠠᠯ ᠢ | ᠦᠪᠦᠷ ᠮᠤᠩᠭᠤᠯ ᠤᠨ ᠠᠳᠤᠭᠤᠨ ᠰᠤᠳᠤᠯᠤᠯ ᠤᠨ ᠨᠡᠶᠢᠭᠡᠮᠯᠢᠭ ᠠᠴᠠ ᠰᠠᠨᠠᠭᠠᠴᠢᠯᠠᠵᠦ᠂ ᠦᠪᠦᠷ ᠮᠤᠩᠭᠤᠯ ᠤᠨ ᠶᠡᠭᠡ | ᠳᠡᠭᠡᠳᠤ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠡᠷᠳᠡᠮᠲᠡᠨ ᠮᠡᠷᠭᠡᠵᠢᠯᠲᠡᠳ᠂ ᠠᠶᠢᠮᠠᠬ ᠬᠤᠲᠠ ᠶᠢᠨ | ᠠᠳᠤᠭᠤᠨ ᠰᠤᠶᠤᠯ ᠤᠨ ᠨᠡᠶᠢᠭᠡᠮᠯᠢᠭ ᠤᠨ ᠲᠦᠯᠦᠭᠡᠯᠡᠭᠴᠢᠳ ᠪᠤᠯᠤᠨ ᠮᠠᠯᠴᠢᠳ ᠤᠨ ᠲᠦᠯᠦᠭᠡᠯᠡᠭᠴᠢ 150 ᠭᠠᠷᠤᠢ | ᠬᠦᠮᠦᠨ ᠤᠷᠤᠯᠴᠠᠵᠠᠢ᠃ | ᠬᠤᠷᠠᠯ ᠤᠨ ᠦᠶ᠎ᠡ ᠪᠠᠷ᠂ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠮᠤᠩᠭᠤᠯ ᠠᠳᠤᠭᠤᠨ ᠰᠤᠶᠤᠯ | ᠪᠤᠯᠤᠨ ᠠᠶᠠᠯᠠᠯ ᠵᠢᠭᠤᠯᠴᠢᠯᠠᠯ ᠤᠨ ᠦᠢᠯᠡᠰ᠂ ᠮᠤᠩᠭᠤᠯ ᠠᠳᠤᠭᠤᠨ ᠰᠤᠶᠤᠯ ᠤᠨ ᠦᠨᠳᠦᠰᠦᠨ ᠪᠦᠲᠦᠴᠡ ᠪᠤᠯᠤᠨ | ᠠᠭᠤᠯᠭ᠎ᠠ᠂ ᠮᠤᠩᠭᠤᠯ ᠠᠳᠤᠭᠤᠨ ᠤ ᠲᠤᠭᠠᠴᠢᠯᠠᠬᠰᠠᠨ ᠮᠦᠽᠸᠢ ᠶᠢᠨ ᠲᠦᠰᠦᠯ᠂ ᠦᠨᠳᠦᠰᠦᠲᠡᠨ ᠤ ᠮᠤᠷᠢᠨ | ᠤᠷᠤᠯᠳᠤᠭᠠᠨ᠂ ᠮᠤᠷᠢᠨ ᠤᠷᠤᠯᠳᠤᠭᠠᠨ ᠤ ᠠᠵᠦ ᠠᠬᠤᠢ ᠵᠡᠷᠭᠡ ᠲᠠᠢ ᠬᠤᠯᠪᠤᠬᠳᠠᠬᠰᠠᠨ ᠮᠤᠩᠭᠤᠯ ᠠᠳᠤᠭᠤᠨ ᠤ | ᠲᠤᠬᠠᠢ ᠤᠯᠠᠨ ᠰᠡᠳᠦᠪ ᠢᠶᠠᠷ ᠰᠤᠳᠤᠯᠤᠨ ᠶᠠᠷᠢᠯᠴᠠᠵᠠᠢ᠃ ᠬᠤᠷᠠᠯ ᠳᠤ ᠦᠪᠦᠷ ᠮᠤᠩᠭᠤᠯ ᠤᠨ ᠰᠤᠮᠤ ᠭᠠᠴᠠᠭᠠᠨ ᠤ | ᠮᠠᠯᠴᠢᠳ ᠤᠨ ᠲᠦᠯᠦᠭᠡᠯᠡᠭᠴᠢ ᠶᠢ ᠤᠨᠴᠠᠭᠠᠶᠢᠯᠠᠨ ᠤᠷᠢᠨ ᠤᠷᠤᠯᠴᠠᠭᠤᠯᠵᠦ᠂ ᠲᠡᠳᠡᠨᠠᠷ ᠤᠨ ᠮᠤᠷᠢ ᠲᠡᠵᠢᠭᠡᠭᠰᠡᠨ᠂ | ᠡᠮᠨᠢᠭ ᠰᠤᠷᠭᠠᠬᠰᠠᠨ᠂ ᠠᠳᠤᠭᠤᠨ ᠤ ᠠᠵᠦ ᠦᠢᠯᠡᠰ ᠢ ᠬᠦᠭᠵᠢᠭᠦᠯᠦᠭᠰᠡᠨ ᠦᠩᠭᠡᠷᠡᠯᠲᠡ ᠶᠢ ᠨᠢ ᠬᠤᠪᠢᠶᠠᠯᠴᠠᠬᠰᠠᠨ | ᠪᠠᠶᠢᠨ᠎ᠠ᠃ |