ᠠᠳᠤᠭᠤᠨ ᠰᠤᠳᠤᠯᠤᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2019/1/23
      1 ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠠᠩᠬᠠᠳᠠᠬᠴᠢ ᠤᠳᠠᠭᠠᠨ ᠤ ᠠᠳᠤᠭᠤᠨ ᠰᠤᠳᠤᠯᠤᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠬᠳᠠᠪᠠ᠃ ᠲᠤᠰ ᠤᠳᠠᠭᠠᠨ ᠤ ᠬᠤᠷᠠᠯ ᠢ ᠦᠪᠦᠷ ᠮᠤᠩᠭᠤᠯ ᠤᠨ ᠠᠳᠤᠭᠤᠨ ᠰᠤᠳᠤᠯᠤᠯ ᠤᠨ ᠨᠡᠶᠢᠭᠡᠮᠯᠢᠭ ᠠᠴᠠ ᠰᠠᠨᠠᠭᠠᠴᠢᠯᠠᠵᠦ᠂ ᠦᠪᠦᠷ ᠮᠤᠩᠭᠤᠯ ᠤᠨ ᠶᠡᠭᠡ ᠳᠡᠭᠡᠳᠤ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠡᠷᠳᠡᠮᠲᠡᠨ ᠮᠡᠷᠭᠡᠵᠢᠯᠲᠡᠳ᠂ ᠠᠶᠢᠮᠠᠬ ᠬᠤᠲᠠ ᠶᠢᠨ ᠠᠳᠤᠭᠤᠨ ᠰᠤᠶᠤᠯ ᠤᠨ ᠨᠡᠶᠢᠭᠡᠮᠯᠢᠭ ᠤᠨ ᠲᠦᠯᠦᠭᠡᠯᠡᠭᠴᠢᠳ ᠪᠤᠯᠤᠨ ᠮᠠᠯᠴᠢᠳ ᠤᠨ ᠲᠦᠯᠦᠭᠡᠯᠡᠭᠴᠢ 150 ᠭᠠᠷᠤᠢ ᠬᠦᠮᠦᠨ ᠤᠷᠤᠯᠴᠠᠵᠠᠢ᠃      ᠬᠤᠷᠠᠯ ᠤᠨ ᠦᠶ᠎ᠡ ᠪᠠᠷ᠂ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠮᠤᠩᠭᠤᠯ ᠠᠳᠤᠭᠤᠨ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠦᠢᠯᠡᠰ᠂ ᠮᠤᠩᠭᠤᠯ ᠠᠳᠤᠭᠤᠨ ᠰᠤᠶᠤᠯ ᠤᠨ ᠦᠨᠳᠦᠰᠦᠨ ᠪᠦᠲᠦᠴᠡ ᠪᠤᠯᠤᠨ ᠠᠭᠤᠯᠭ᠎ᠠ᠂ ᠮᠤᠩᠭᠤᠯ ᠠᠳᠤᠭᠤᠨ ᠤ ᠲᠤᠭᠠᠴᠢᠯᠠᠬᠰᠠᠨ ᠮᠦᠽᠸᠢ ᠶᠢᠨ ᠲᠦᠰᠦᠯ᠂ ᠦᠨᠳᠦᠰᠦᠲᠡᠨ ᠤ ᠮᠤᠷᠢᠨ ᠤᠷᠤᠯᠳᠤᠭᠠᠨ᠂ ᠮᠤᠷᠢᠨ ᠤᠷᠤᠯᠳᠤᠭᠠᠨ ᠤ ᠠᠵᠦ ᠠᠬᠤᠢ ᠵᠡᠷᠭᠡ ᠲᠠᠢ ᠬᠤᠯᠪᠤᠬᠳᠠᠬᠰᠠᠨ ᠮᠤᠩᠭᠤᠯ ᠠᠳᠤᠭᠤᠨ ᠤ ᠲᠤᠬᠠᠢ ᠤᠯᠠᠨ ᠰᠡᠳᠦᠪ ᠢᠶᠠᠷ ᠰᠤᠳᠤᠯᠤᠨ ᠶᠠᠷᠢᠯᠴᠠᠵᠠᠢ᠃ ᠬᠤᠷᠠᠯ ᠳᠤ ᠦᠪᠦᠷ ᠮᠤᠩᠭᠤᠯ ᠤᠨ ᠰᠤᠮᠤ ᠭᠠᠴᠠᠭᠠᠨ ᠤ ᠮᠠᠯᠴᠢᠳ ᠤᠨ ᠲᠦᠯᠦᠭᠡᠯᠡᠭᠴᠢ ᠶᠢ ᠤᠨᠴᠠᠭᠠᠶᠢᠯᠠᠨ ᠤᠷᠢᠨ ᠤᠷᠤᠯᠴᠠᠭᠤᠯᠵᠦ᠂ ᠲᠡᠳᠡᠨᠠᠷ ᠤᠨ ᠮᠤᠷᠢ ᠲᠡᠵᠢᠭᠡᠭᠰᠡᠨ᠂ ᠡᠮᠨᠢᠭ ᠰᠤᠷᠭᠠᠬᠰᠠᠨ᠂ ᠠᠳᠤᠭᠤᠨ ᠤ ᠠᠵᠦ ᠦᠢᠯᠡᠰ ᠢ ᠬᠦᠭᠵᠢᠭᠦᠯᠦᠭᠰᠡᠨ ᠦᠩᠭᠡᠷᠡᠯᠲᠡ ᠶᠢ ᠨᠢ ᠬᠤᠪᠢᠶᠠᠯᠴᠠᠬᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ