| | | 1 ᠳ᠋ᠦ᠋ᠭᠡᠷ ᠰᠠᠷ᠎ᠠ ᠶᠢᠨ 16 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠷᠧᠨ ᠶᠠᠨ ᠢ | ᠨᠥᠬᠦᠷ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2018 ᠣᠨ ᠤ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ《 ᠬᠤᠶᠠᠷ ᠲᠥᠯᠦᠭᠡᠯᠡᠭᠴᠢ ᠨᠢᠭᠡ ᠭᠡᠰᠢᠭᠦᠨ》 ᠤ ᠰᠠᠨᠠᠯ ᠬᠤᠷᠢᠶᠠᠬᠤ ᠰᠠᠭᠤᠳᠠᠯ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ | ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠤᠯᠴᠠᠭᠰᠠᠳ ᠠᠴᠠ ᠥᠪᠡᠷ ᠤᠨ ᠠᠵᠢᠯ ᠤᠨ ᠪᠤᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠭᠤᠣᠯ ᠰᠡᠳᠦᠪ ᠤᠨ ᠲᠣᠭᠤᠷᠢᠨ ᠳᠤ ᠴᠢᠯᠦᠭᠡᠲᠠᠢ ᠶᠠᠷᠢᠯᠴᠠᠵᠤ᠂ ᠮᠠᠨ ᠤ | ᠰᠢᠶᠠᠨ ᠤ ᠬᠤᠶᠢᠰᠢᠲᠠ ᠶᠢᠨ ᠠᠵᠢᠯ ᠳᠤ ᠨᠠᠨᠳᠢᠨ ᠰᠠᠨᠠᠯ ᠳᠡᠪᠰᠢᠭᠦᠯᠪᠡ᠃ ᠶᠠᠷᠢᠶᠠᠨ ᠳᠤ ᠪᠠᠨ᠂ ᠪᠥᠭᠦᠳᠡᠭᠡᠷ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠵᠢᠴᠢ ᠭᠡᠰᠢᠭᠦᠳ ᠤᠨ ᠬᠢᠭᠰᠡᠨ | ᠡᠯ᠎ᠡ ᠵᠦᠢᠯ ᠤᠨ ᠠᠵᠢᠯ ᠤᠨ ᠣᠯᠤᠭᠰᠠᠨ ᠠᠮᠵᠢᠯᠲᠠ ᠶᠢ ᠥᠨᠳᠦᠷ ᠦᠨᠡᠯᠡᠭᠰᠡᠨ ᠪᠥᠭᠡᠳ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ᠂ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠺᠠᠳ᠋ᠷᠴᠤᠳ ᠤᠨ ᠴᠢᠳᠠᠪᠤᠷᠢᠲᠠᠨ ᠤ ᠪᠥᠲᠦᠭᠡᠨ ᠪᠠᠶᠢᠭᠤᠯᠤᠯᠲᠠ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ | ᠲᠠᠯ᠎ᠠ ᠪᠠᠷ ᠪᠤᠳᠠᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ | ᠶᠠᠨ ᠢ ᠬᠤᠷᠠᠯ ᠳᠤ ᠣᠷᠤᠯᠴᠠᠭᠰᠠᠨ ᠲᠥᠯᠦᠭᠡᠯᠡᠭᠴᠢᠳ ᠤᠨ ᠰᠠᠨᠠᠯ ᠢᠶᠠᠨ ᠰᠣᠯᠢᠯᠴᠠᠬᠤ ᠶᠠᠷᠢᠶ᠎ᠠ ᠶᠢ ᠨᠠᠷᠢᠨ | ᠬᠢᠨᠠᠮᠠᠭᠠᠢ ᠰᠣᠨᠤᠰᠤᠭᠰᠠᠨ ᠤ ᠳᠠᠷᠠᠭ᠎ᠠ᠂ ᠲᠥᠯᠦᠭᠡᠯᠡᠭᠴᠢ ᠪᠠ ᠭᠡᠰᠢᠭᠦᠳ ᠤᠨ ᠰᠢᠶᠠᠨ ᠤ ᠨᠠᠮ ᠤᠨ ᠬᠤᠷᠢᠶ᠎ᠠ ᠶᠢᠨ | ᠠᠵᠢᠯ ᠢ ᠳᠡᠮᠵᠢᠵᠤ ᠪᠠᠶᠢᠭ᠎ᠠ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠤ᠂ ᠪᠥᠭᠦᠳᠡᠭᠡᠷ ᠢᠶᠠᠨ ᠪᠥᠬᠦ ᠰᠢᠶᠠᠨ ᠤ | ᠡᠯ᠎ᠡ ᠵᠦᠢᠯ ᠤᠨ ᠨᠡᠶᠢᠭᠡᠮ ᠤᠨ ᠠᠵᠤ ᠦᠢᠯᠡᠰ ᠤᠨ ᠬᠥᠭᠵᠢᠯᠲᠡ ᠳᠤ ᠬᠠᠷᠢᠭᠤᠴᠠᠬᠤ ᠣᠪᠤᠷ ᠢᠶᠠᠷ᠂ ᠪᠣᠰᠤᠳᠴᠢ᠂ | ᠭᠤᠣᠯᠴᠢ᠂ ᠦᠨᠡᠨ ᠢ ᠪᠠᠷᠢᠮᠲᠠᠯᠠᠭᠰᠠᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠳᠠᠷᠠᠭᠠᠴᠢ ᠪᠠᠷ᠂ ᠡᠯ᠎ᠡ | ᠲᠥᠯᠦᠭᠡᠯᠡᠭᠴᠢ ᠪᠠ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠤᠯᠠᠮ ᠨᠢᠭᠡ ᠠᠯᠬᠤᠮ ᠡᠮᠬᠢᠳᠬᠡᠵᠤ᠂ | ᠨᠠᠷᠢᠨ ᠬᠢᠨᠠᠮᠠᠭᠠᠢ ᠰᠣᠳᠤᠯᠵᠤ᠂ ᠰᠠᠶᠢᠵᠢᠷᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠨ ᠠᠳᠬᠤᠵᠤ᠂ ᠡᠯ᠎ᠡ | ᠵᠦᠢᠯ ᠤᠨ ᠠᠵᠢᠯ ᠢ ᠰᠠᠶᠢᠲᠤᠷ ᠬᠢᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠂ ᠣᠯᠠᠨ ᠪᠥᠭᠦᠳᠡ ᠶᠢᠨ ᠰᠢᠶᠠᠨ ᠤ ᠨᠠᠮ ᠤᠨ ᠬᠤᠷᠢᠶ᠎ᠠ ᠶᠢᠨ ᠠᠵᠢᠯ ᠢ | ᠦᠷᠬᠦᠯᠵᠢᠯᠡᠨ ᠬᠠᠯᠠᠮᠵᠢᠯᠠᠨ ᠳᠡᠮᠵᠢᠬᠦ ᠶᠢ ᠬᠦᠰᠡᠵᠤ ᠪᠠᠶᠢᠨ᠎ᠠ ᠭᠡᠪᠡ᠃ |