ᠦᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ 2019 | ᠣᠨ ᠤ 1ᠰᠠᠷ᠎ᠠ ᠶᠢᠨ 26 ᠤ ᠡᠳᠦᠷ ᠬᠦᠬᠡᠬᠤᠳᠠ ᠳᠤ ᠬᠤᠷᠠᠯᠳᠤᠬᠰᠠᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠡᠭᠡᠷᠡᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠃ | ᠢᠯᠡᠳᠬᠡᠯ ᠳᠡᠭᠡᠨ 2018 ᠤᠨ ᠤ ᠠᠵᠢᠯ ᠢᠶᠠᠨ ᠡᠷᠬᠢᠴᠡᠬᠦᠯᠵᠦ᠂2019 ᠣᠨ ᠤ ᠭᠤᠣᠯ ᠪᠣᠯᠬᠤ ᠠᠵᠢᠯ ᠢᠶᠠᠨ | ᠪᠠᠶᠢᠷᠢᠯᠠᠭᠤᠯᠪᠠ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨᠨᠠᠶᠢᠳᠠᠪᠤᠷᠢᠵᠢᠭᠤᠯᠤᠭᠰᠠᠨ ᠠᠩᠬᠠᠨ ᠤ ᠣᠨ ᠪᠣᠯᠬᠤ ᠪᠦᠭᠡᠳ ᠥᠭᠡᠷᠡᠴᠢᠯᠡᠯᠲᠡ ᠨᠡᠭᠡᠭᠡᠯᠲᠡ | ᠬᠢᠭᠰᠡᠨ 40 ᠵᠢᠯ ᠤᠨ ᠣᠢᠪᠣᠯᠣᠨᠠ᠂ ᠮᠦᠨ ᠴᠦ ᠮᠠᠨ ᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠲᠤᠩ | ᠶᠡᠷᠦ ᠪᠤᠰᠤ ᠶᠢᠨ ᠨᠢᠭᠡ ᠵᠢᠯ ᠪᠣᠯᠣᠨ᠎ᠠ᠃ᠲᠥᠪ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨᠲ᠋ᠥ᠋ᠯᠥᠭᠡᠯᠡᠭᠴᠢ ᠶᠢᠨ ᠵᠢᠱᠢᠭᠳᠡᠭᠴᠢᠳ ᠤᠨ ᠰᠤᠩᠭᠤᠭᠤᠯᠢ ᠶᠢᠨ | ᠭᠠᠵᠠᠷ ᠣᠷᠣᠨ ᠢ ᠲᠣᠭᠲᠠᠭᠠᠬᠤ ᠳᠤ᠂ ᠶᠡᠷᠦᠩᠬᠡᠢ ᠱᠦᠵᠢᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠢ ᠰᠣᠩᠭᠤᠭᠰᠠᠨ ᠪᠦᠭᠡᠳ ᠥᠪᠥᠷ ᠮᠣᠩᠭᠤᠯ ᠤᠨᠲ᠋ᠥ᠋ᠯᠥᠭᠡᠯᠡᠭᠴᠢᠳ ᠤᠨ ᠪᠦᠯᠬᠦᠮ ᠤᠨ ᠬᠢᠨ ᠤ | ᠬᠢᠨᠠᠨ ᠵᠥᠪᠯᠡᠬᠦ ᠳᠤ ︽ᠭᠤᠷᠪᠠ ᠶᠢ ᠯᠠᠪᠳᠠᠭᠤᠨ ᠪᠠᠳᠤᠲᠠᠢ ᠬᠢᠬᠦ︾ ᠴᠢᠬᠤᠯᠠᠱᠠᠭᠠᠷᠳᠠᠯᠭᠠ ᠶᠢ ᠳᠤᠷᠠᠳᠤᠭᠰᠠᠨ ᠨᠢ | ᠨᠠᠮ ᠤᠨ ᠲᠥᠪ ᠬᠤᠷᠢᠶᠠᠨ ᠠᠴᠠ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠤᠨᠭᠠᠵᠠᠷ ᠣᠷᠣᠨ ᠢ | ᠴᠢᠬᠤᠯᠠᠴᠢᠯᠠᠨ ᠦᠵᠡᠵᠦ ᠪᠠᠶᠢᠭ᠎ᠠ ᠶᠢ ᠢᠯᠡᠷᠡᠭᠦᠯᠵᠦ᠂ ᠬᠥᠭᠵᠢᠭᠡᠳᠦᠢ ᠭᠠᠵᠠᠷ ᠣᠷᠣᠨ ᠤ | ᠬᠥᠭᠵᠢᠯᠲᠡ ᠵᠢᠲ᠋ᠦ᠋ᠷᠭᠡᠳᠬᠡᠨ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠡᠷᠡᠰ ᠰᠢᠭᠤᠷᠬᠠᠢ ᠪᠠᠷᠰᠠᠶᠢᠳᠤᠷ ᠬᠢᠬᠦ ᠨᠠᠮ ᠤᠨ ᠲᠥᠪ ᠬᠤᠷᠢᠶᠠᠨ ᠤ ᠡᠷᠡᠰ ᠵᠣᠷᠢᠭ ᠢ | ᠢᠯᠡᠷᠡᠭᠦᠯᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤᠴᠢᠩᠭᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨᠲ᠋ᠤᠭᠤᠰᠢᠯᠠᠭᠤᠯᠵᠤ᠂ ︽ᠲᠦᠷᠪᠡᠨ ᠦᠵᠡᠯ ᠤᠬᠠᠮᠰᠠᠷ︾ ᠢ ᠪᠠᠳᠤ ᠪᠠᠬᠢ ᠪᠤᠢ | ᠪᠤᠯᠭᠠᠵᠦ᠂ ︽ᠲᠦᠷᠪᠡᠨ ᠢᠳᠡᠬᠡᠯ︾ ᠢᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠬᠦᠴᠢᠷ ᠪᠣᠯᠣᠨᠥᠷᠢᠰᠦᠯᠳᠦᠭᠡᠨ ᠢ ᠢᠳᠡᠪᠬᠢᠲᠡᠢ | ᠠᠷᠭᠠᠴᠠᠭᠠᠨ ᠰᠢᠢᠳᠪᠦᠷᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢᠠᠵᠢᠯᠯᠠᠨ᠂ ᠪᠥᠬᠦ | ᠣᠷᠣᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ ᠠᠯᠬᠤᠮ | ᠲᠤᠭᠠᠴᠠᠭᠠᠬᠢᠭᠰᠡᠨ ᠢᠶᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 5.3% | ᠪᠠᠶᠢᠵᠤ᠂ ᠡᠩ ᠤᠨ ᠣᠯᠠᠨᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ 9.1% ᠪᠠᠶᠢᠵᠤ᠂ ᠬᠤᠲᠠ | ᠬᠥᠳᠡᠭᠡ ᠶᠢᠨ ᠪᠠᠶᠢᠩᠭᠤ ᠰᠠᠭᠤᠭᠠᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ | ᠣᠷᠣᠯᠭ᠎ᠠ ᠲᠤᠰ ᠲᠤᠰ 7.4% ᠪᠠ 9.7%ᠨᠡᠮᠡᠭᠳᠡᠪᠡ᠃ | ᠲᠤᠭ᠎ᠠ ᠪᠠᠷᠢᠮᠳᠠ ᠪᠠᠷ ᠢᠯᠡᠳᠬᠡᠪᠡᠯ᠄ | 137.2% | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠬᠤ᠂ ᠤᠨᠢᠨ ᠲᠡᠭᠡᠷ᠎ᠡ ᠨᠢ ᠠᠷᠭ᠎ᠠ | ᠪᠣᠳᠣᠯᠭᠠᠬᠡᠷᠡᠭᠵᠢᠭᠦᠯᠬᠦ ᠶᠢ ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ | ᠬᠦᠴᠦᠨ ᠢᠶᠠᠷ ᠢᠶᠠᠨ ᠰᠠᠶᠢᠳᠤᠷᠬᠢᠪᠡ᠃ ᠵᠠᠰᠠᠭ ᠤᠨ ᠣᠷᠳᠣᠨ ᠤ ᠳᠠᠯᠳᠠ ᠪᠠᠶᠢᠭ᠎ᠠ ᠥᠷᠢ ᠥᠭᠴᠡᠭᠡ ᠶᠢ ᠢᠳᠡᠪᠬᠢᠲᠡᠢ | ᠠᠷᠢᠯᠭᠠᠨ᠂ ᠲᠡᠭᠦᠯᠳᠡᠷᠵᠢᠭᠦᠯᠬᠦ ᠲᠥᠰᠥᠯᠲ᠋ᠣᠭᠲᠠᠭᠠᠵᠤ᠂ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠂ | ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ137.2% ᠢᠶᠠᠷ ᠪᠡᠶᠡᠯᠡᠭᠦᠯᠪᠡ᠃ | 23.5 ᠲᠦᠮᠡᠨ ᠬᠦᠮᠦᠨ | ᠡᠯ᠎ᠡ ᠱᠠᠲᠤᠨ ᠤ ᠡᠳ᠋ ᠤᠨ ᠵᠠᠰᠠᠭ ᠤᠨ ᠬᠢᠨ ᠤ ᠶᠠᠳᠠᠭᠤ ᠶᠢ ᠲᠡᠳᠬᠦᠬᠦ ᠳᠤ ᠣᠷᠣᠭᠤᠯᠤᠭᠰᠠᠨ ᠪᠡᠯᠡ | ᠮᠥᠩᠭᠦ147.9 ᠳ᠋ᠦᠩᠰᠢᠭᠤᠷ ᠲᠥᠭᠦᠷᠢᠭ ᠪᠠᠶᠢᠵᠤ᠂ 21.6% ᠨᠡᠮᠡᠭᠳᠡᠪᠡ᠃ ᠵᠢᠱᠢᠭᠰᠡᠨ ᠢᠶᠠᠷ ᠪᠥᠬᠦ ᠵᠢᠯ ᠳᠠᠬᠢ | ᠶᠠᠳᠠᠭᠤ ᠡᠴᠠᠠᠩᠭᠢᠵᠢᠷᠠᠭᠤᠯᠬᠤ ᠬᠥᠮᠥᠨ 23.5 ᠲᠦᠮᠡ ᠭᠠᠷᠤᠢ ᠪᠠᠶᠢᠵᠤ᠂ ᠤᠯᠤᠰ ᠤᠨ ᠳᠡᠰ ᠤᠨ ᠶᠠᠳᠠᠭᠤ | ᠬᠦᠴᠢᠷᠳᠡᠯᠲᠡᠢ 10 ᠬᠤᠰᠢᠭᠤᠰᠢᠶᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ | 13 ᠬᠤᠰᠢᠭᠤ ᠰᠢᠶᠠᠨ ᠢ ᠶᠠᠳᠠᠭᠤᠬᠦ᠋ᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠪᠠ᠃ | 83.6% | ᠪᠥᠬᠦ ᠣᠷᠣᠨ ᠤ ᠠᠭᠠᠷ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠳᠤᠮᠳᠠᠴᠢ ᠡᠳᠦᠷ ᠤᠨ | ᠬᠠᠷᠢᠴᠠᠯ83.6% ᠪᠠᠶᠢᠵᠤ᠂ ᠨᠠᠷᠢᠨ ᠮᠥᠬᠦᠯᠢᠭᠲᠦ ᠪᠤᠳᠠᠰ ︵PM 2.5︶ ᠤᠨ ᠥᠳᠬᠡᠴᠡ 3.1% ᠪᠠᠭᠤᠷᠠᠪᠠ᠃ | | 22.1% | ᠠᠮᠢ ᠠᠬᠤᠢ ᠶᠢᠨ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠤᠨ᠂ ᠣᠢ | ᠰᠢᠭᠤᠢ ᠵᠢᠨᠪᠦ᠋ᠷᠬᠦᠴᠡ 22.1% ᠳᠤ ᠬᠦᠷᠴᠦ᠂ ᠪᠦᠬᠦ ᠤᠯᠤᠰ ᠤᠨ ᠬᠢ ᠠᠴᠠ 0.44 ᠵᠠᠭᠤᠨ ᠤ ᠴᠡᠭ ᠦᠨᠳᠦᠷ | ᠪᠣᠯᠪᠠ᠃ | 1000 ᠳ᠋ᠦᠩᠰᠢᠭᠤᠷ ᠲᠦᠭᠦᠷᠢᠭ | ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠠᠬ᠎ᠠ | ᠳᠡᠯᠭᠡᠭᠦᠷ ᠤᠨᠭᠤᠣᠯ ᠴᠤᠭᠴᠠ ᠳᠤ ᠭᠠᠶᠢᠯᠢ ᠵᠠᠷᠤᠳᠠᠯ ᠤᠨ ᠳᠠᠷᠤᠭᠠᠰᠤ ᠶᠢ ᠨᠡᠶᠢᠲᠡ 1000 ᠳ᠋ᠦᠩᠰᠢᠭᠤᠷ ᠢᠯᠡᠭᠦᠦ | ᠲᠥᠭᠦᠷᠢᠭ ᠬᠠᠰᠤᠵᠤᠬᠥ᠋ᠩᠭᠡᠯᠡᠭᠰᠡᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠰᠢᠭ | ᠣᠯᠵᠠᠪᠤᠷᠢ 7.1% ᠨᠡᠮᠡᠭᠳᠡᠵᠦ᠂ᠡᠳ᠋ ᠬᠥᠷᠥᠩᠭᠡ ᠶᠢᠨ ᠥᠷᠢᠲᠦᠯ ᠵᠠᠭᠤᠨ ᠤ ᠬᠠᠷᠢᠴᠠᠯ ᠢᠶᠠᠷ 1.2 ᠬᠤᠪᠢ | ᠪᠠᠭᠤᠷᠠᠪᠠ᠃ | 3200 km ᠪᠠ 6800 km | 3200 ᠭᠠᠷᠤᠢ ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ᠪᠥᠬᠦ ᠵᠠᠰᠠᠮᠠᠯ ᠵᠠᠮ ᠤᠨ ᠤᠷᠲᠤ | 20ᠲᠦᠮᠡᠨ ᠺᠢᠯᠣᠮᠧᠲᠷ ᠢ ᠳᠠᠪᠠᠵᠤ᠂ ᠪᠥᠬᠦ ᠣᠷᠣᠨ ᠳᠠᠬᠢ ᠨᠢᠭᠡᠳᠦᠭᠡᠷ ᠳᠡᠰ ᠤᠨ ᠪᠤᠶᠤ ᠲᠦᠷᠭᠡᠨ ᠤ ᠵᠠᠰᠠᠮᠠᠯ ᠵᠠᠮ | ᠨᠡᠪᠲᠡᠷᠡᠭᠰᠡᠨᠬᠤᠰᠢᠭᠤ ᠰᠢᠶᠠᠨ ︵ᠬᠤᠲᠠ᠂ ᠲᠣᠭᠤᠷᠢᠭ︶ 101 ᠪᠣᠯᠪᠠ᠃ ︽ᠳᠦᠷᠪᠡᠨ ᠰᠠᠶᠢᠲᠠᠢ ᠬᠦᠳᠡᠭᠡ | ᠲᠣᠰᠬᠤᠨ ᠤ ᠵᠠᠮ︾ ᠢ6800 ᠺᠢᠯᠣᠮᠧᠲᠷ ᠳᠡᠪᠢᠰᠴᠦ ᠳᠠᠭᠤᠰᠬᠠᠪᠠ᠃ ᠠᠷᠠᠳ ᠤᠨ ᠬᠡᠷᠡᠭᠯᠡᠭᠡᠨ ᠤ ᠨᠢᠰᠬᠡᠯ ᠤᠨ | ᠪᠠᠭᠤᠳᠠᠯ 2 ᠨᠡᠮᠡᠭᠳᠡᠪᠡ᠃ | 84% | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 304 ᠲᠦᠮᠡᠨ ᠮᠦ ᠭᠠᠷᠭᠠᠵᠤ᠂ ᠥᠨᠳᠥᠷ ᠪᠦᠲᠦᠮᠵᠢᠲᠡᠢ | ᠤᠰᠤᠠᠷᠪᠢᠯᠠᠬᠤ ᠤᠰᠤᠯᠠᠯᠲᠠ ᠶᠢᠨ ᠲᠠᠯᠠᠪᠠᠢ ᠶᠢ 234 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ | ᠲᠠᠷᠢᠮᠠᠯ ᠤᠨ ᠵᠦᠢᠯ ᠤᠨᠶᠡᠷᠦᠩᠬᠡᠶᠢᠯᠡᠨ ᠮᠠᠰᠢᠨᠴᠢᠯᠠᠭᠰᠠᠨ ᠬᠢᠷᠢ ᠲᠦᠪᠰᠢᠨ 84% ᠪᠣᠯᠪᠠ᠃ | 3553 ᠲᠦᠮᠡᠨ ᠲᠣᠨ | ᠲᠠᠷᠢᠶᠠᠯᠠᠩ ᠮᠠᠯ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠶᠡᠷᠦᠩᠬᠡᠢ | ᠤᠨᠠᠯᠲᠠ3553 ᠲᠦᠮᠡᠨ ᠲᠣᠨ ᠳᠤ ᠬᠦᠷᠪᠡ᠃ | 50% | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠲᠠᠷᠢᠶᠠᠯᠠᠩ | ᠮᠠᠯᠠᠵᠤ ᠠᠬᠤᠢ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠨᠢᠭᠲᠠ ᠬᠡᠯᠪᠡᠷᠢ ᠲᠠᠢ ᠪᠠᠷ | ᠬᠤᠯᠪᠣᠭᠳᠠᠭᠤᠯᠤᠭᠰᠠᠨ ᠬᠠᠷᠢᠴᠠᠯ50% ᠳᠤ ᠬᠦᠷᠪᠡ᠃ | 4 ᠲᠦᠮᠡ ᠭᠠᠷᠤᠢ | ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ | ᠵᠠᠰᠠᠬᠤᠠᠵᠢᠯᠯᠠᠭᠠ ᠶᠢ ᠬᠡᠷᠡᠭᠵᠢᠬᠦᠯᠵᠦ᠂ ᠠᠷᠢᠭᠤᠨ ᠴᠡᠪᠡᠷ ᠵᠤᠷᠯᠤᠩ᠂ ᠠᠮᠢᠳᠤᠷᠠᠯ ᠤᠨ ᠬᠤᠭ ᠨᠤᠪᠰᠢ᠂ | ᠪᠤᠬᠢᠷ ᠤᠰᠤ ᠵᠢᠰᠶᠢᠳᠪᠦᠷᠢᠯᠡᠬᠦ ᠳᠤ ᠪᠦᠲᠦᠭᠡᠨ ᠪᠠᠶᠢᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ ᠡᠯ᠎ᠡ | ᠲᠦᠷᠦᠯ ᠤᠨ ᠠᠷᠢᠭᠤᠨ ᠴᠡᠪᠡᠷᠵᠤᠷᠯᠤᠩ ᠢ 4 ᠲᠦᠮᠡ ᠭᠠᠷᠤᠢ ᠪᠠᠶᠢᠭᠤᠯᠪᠠ᠃ | 98% | ᠲᠤᠰᠬᠤᠨ ᠪᠦᠷᠢ ᠳᠤ ᠷᠠᠳᠢᠣ᠋ ᠲᠧᠯᠧᠢᠰ ᠨᠡᠪᠳᠡᠷᠡᠵᠦ ᠪᠠᠶᠢᠬᠰᠠᠨ ᠠᠴᠠ ᠡᠷᠦᠬᠡ ᠪᠤᠯᠭᠠᠨ ᠳᠤ ᠨᠡᠪᠳᠡᠷᠡᠬᠦ | ᠲᠡᠶᠢᠰᠢ ᠲᠡᠰᠲ᠋ᠡᠪᠰᠢᠬᠦ ᠶᠢ ᠪᠡᠶᠡᠯᠡᠬᠦᠯᠵᠦ᠂ 98% ᠠᠴᠠ ᠲᠡᠬᠡᠭᠰᠢᠬᠢ ᠵᠠᠰᠠᠭ ᠵᠠᠬᠢᠷᠭᠠᠨ ᠤ ᠲᠤᠰᠬᠤᠨ ᠳᠤ ᠬᠡᠷᠡᠯᠯᠢᠭ | ᠰᠢᠷᠬᠡᠭ ᠤᠨ ᠦᠷᠬᠡᠨᠪᠦ᠋ᠰᠡᠳᠦ ᠰᠦᠯᠵᠢᠶ᠎ᠡ ᠣᠷᠣᠭᠤᠯᠪᠠ᠃ | 13 ᠡᠳᠦᠷ ᠪᠠ 5 ᠡᠳᠦᠷ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠢ ᠠᠬᠢᠭᠤᠯᠵᠦ᠂ ᠲᠦᠷᠦᠯ ᠵᠦᠢᠯ ᠢ | ᠬᠢᠨᠠᠨᠵᠦ᠋ᠪᠰᠢᠶᠡᠷᠡᠬᠦ ᠪᠠ ᠠᠵᠦ ᠠᠬᠤᠶᠢᠯᠠᠯ ᠨᠡᠬᠡᠬᠡᠨ ᠡᠷᠬᠢᠯᠡᠬᠦ ᠴᠠᠭ ᠢ ᠲᠤᠰ ᠪᠦᠷᠢ 13 ᠠᠵᠢᠯᠯᠠᠬᠤ ᠡᠳᠦᠷ ᠪᠠ | 5 ᠠᠵᠢᠯᠯᠠᠬᠤᠡᠳᠦᠷ ᠪᠤᠯᠭᠠᠨ ᠪᠤᠭᠤᠨᠢᠰᠬᠠᠪᠠ᠃ | 9.9% | ᠨᠡᠬᠡᠬᠡᠯᠳᠡ ᠬᠢᠬᠦ ᠶᠢ ᠪᠦᠭᠦ ᠲᠠᠯ᠎ᠠ ᠪᠠᠷ ᠦᠷᠬᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 1000 ᠳ᠋ᠦᠩᠰᠢᠭᠤᠷ ᠲᠦᠭᠦᠷᠢᠭ ᠢ ᠳᠠᠪᠠᠵᠤ᠂ 9. | 9% ᠨᠡᠮᠡᠭᠳᠡᠪᠡ᠃ | 1.4 ᠲᠠᠬᠢᠨ | ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠵᠦ ᠪᠠᠶᠢᠭ᠎ᠠ ᠲᠤᠮᠳᠠᠳᠤ ᠡᠸᠦ᠋ᠷᠦᠫᠡ ᠶᠢᠨ ᠡᠬᠡᠯᠵᠢ ᠶᠢᠨ | ᠭᠠᠯᠳᠤᠲ᠋ᠡᠷᠭᠡᠨ ᠤ ᠲᠡᠭᠡᠭᠡᠪᠦᠷᠢ 1.4 ᠲᠠᠬᠢᠨ ᠨᠡᠮᠡᠭᠳᠡᠪᠡ᠃ | 70.1% | ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠳᠤ ᠪᠦᠭᠦ ᠤᠷᠤᠨ ᠤ ᠠᠷᠠᠳ ᠤᠨ ᠠᠮᠢᠳᠤᠷᠠᠯ ᠤᠨ | ᠵᠠᠷᠤᠯᠭ᠎ᠠ70.1% ᠶᠢ ᠡᠵᠡᠯᠡᠪᠡ᠃ | 25.9 ᠲᠦᠮᠡ | ᠬᠤᠳᠠ ᠪᠠᠯᠭᠠᠰᠤᠨ ᠤ ᠠᠵᠢᠯ ᠤᠯᠤᠨᠨᠰᠠᠳ 25.9 ᠲᠦᠮᠡᠨ ᠭᠦᠮᠦᠨ ᠰᠢᠨ᠎ᠠ ᠪᠠᠷ ᠨᠡᠮᠡᠭᠳᠡᠵᠦ᠂ | ᠬᠤᠳᠠᠪᠠᠯᠭᠠᠰᠤᠨ ᠳᠤ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 3.58 % ᠶᠢᠨ | ᠨᠡᠯᠢᠶᠡᠳ ᠲᠤᠤᠷᠠᠬᠢᠷᠢ ᠲᠦᠪᠰᠢᠨ ᠳᠤ ᠡᠵᠡᠮᠳᠡᠵᠦ᠂ ᠭᠤᠤᠯᠳᠠᠯᠭ᠎ᠠ ᠲᠠᠢ ᠭᠦᠮᠦᠰ ᠠᠵᠢᠯ ᠤᠯᠬᠤ ᠳᠤ | ᠪᠠᠳᠤᠯᠠᠭ᠎ᠠ ᠲᠠᠢ ᠪᠤᠯᠪᠠ᠃ | 85% ᠪᠠ 75% | ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠡᠮᠨᠡᠯᠬᠡ ᠳ᠋ᠤ᠋ᠰᠠᠭᠤᠵᠤ ᠡᠮᠨᠡᠭᠦᠯᠦᠭᠰᠡᠨ ᠰᠦᠢᠳᠬᠡᠯ ᠢ ᠲᠦᠷᠦ ᠶᠢᠨ ᠪᠤᠳᠤᠯᠭ᠎ᠠ ᠪᠠᠷ ᠲᠠᠩᠰᠠ ᠠᠴᠠ ᠲᠠᠶᠢᠯᠬᠤ | ᠵᠠᠷᠤᠳᠠᠯ ᠤᠨ ᠲᠤᠮᠳᠠᠴᠢᠬᠠᠷᠢᠴᠠᠯ ᠢ ᠲᠤᠰ ᠪᠦᠷᠢ 85% ᠤᠷᠴᠢᠮ ᠪᠠ 75% ᠤᠷᠴᠢᠮ ᠪᠣᠯᠭᠠᠵᠤ᠂ | ᠭᠦᠨᠳᠦ ᠡᠪᠡᠳᠴᠢᠨ ᠪᠤᠯᠭᠠᠨ ᠳ᠋ᠤ᠋ᠲ᠋ᠠᠭᠠᠳᠬᠠᠯ ᠲᠠᠢ ᠪᠠᠶᠢᠯᠭᠠᠬᠤ ᠶᠢ ᠪᠡᠶᠡᠯᠡᠬᠦᠯᠪᠡ᠃ | 100% | ᠲᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ ᠲᠤ 14.2 ᠲᠦᠮᠡᠨ ᠢᠵᠢ ᠭᠡᠷ ᠪᠠᠶᠢᠰᠢᠩ ᠪᠠ | ᠮᠠᠯᠵᠢᠬᠤᠲ᠋ᠠᠷᠢᠶᠠᠯᠠᠬᠤ ᠤᠷᠤᠨ ᠤ ᠨᠤᠷᠠᠬᠤ ᠠᠶᠤᠯᠳᠠᠢ ᠬᠡᠷ ᠪᠠᠶᠢᠰᠢᠩ ᠢ 6.02 ᠲᠦᠮᠡᠨ ᠡᠷᠦᠬᠡ ᠦᠬᠡᠷᠡᠴᠢᠯᠡᠨ | ᠰᠢᠨᠡᠳᠭᠡᠵᠦ᠂ ᠠᠵᠢᠯᠡᠬᠢᠯᠡᠭᠦᠯᠦᠭᠰᠡᠨ ᠨᠤᠷᠮ᠎ᠠ 100% ᠳᠤ ᠭᠦᠷᠪᠡ᠃ | 93% | 93% ᠠᠴᠠ ᠲᠡᠬᠡᠭᠰᠢᠬᠢ ᠲᠤᠮᠳᠠᠳᠤ ᠪᠠᠭ᠎ᠠ ᠰᠤᠷᠭᠠᠭᠤᠯᠢ ᠨᠢ ᠮᠡᠳᠡᠭᠡ ᠵᠠᠩᠬᠢᠴᠢᠯᠠᠬᠰᠠᠨ ᠵᠢᠭᠠᠨ | ᠰᠤᠷᠭᠠᠯᠳᠠ ᠵᠢᠠᠰᠢᠬᠯᠠᠪᠠ᠃ ᠬᠡᠷ ᠤᠨ ᠠᠮᠢᠳᠤᠷᠠᠯ ᠨᠢ ᠶᠠᠳᠠᠭᠤ ᠭᠦᠴᠢᠷᠳᠡᠯᠳᠡᠢ 1.9 ᠲᠦᠮᠡᠨ ᠰᠤᠷᠤᠨᠨᠴᠢᠳ ᠢ | ᠵᠤᠭᠤᠰ ᠢᠶᠠᠷ ᠲᠤᠰᠠᠯᠠᠪᠠ᠃ | 100% | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ᠂ ᠤᠯᠤᠰ | ᠲᠦᠷᠦ ᠵᠢᠨᠵᠦ᠋ᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ ᠭᠦᠢᠴᠡᠳᠬᠡᠬᠡᠳ ᠬᠠᠷᠢᠭᠤ ᠦᠭᠭᠦᠭᠰᠡᠨ | ᠨᠤᠷᠮ᠎ᠠ 100% ᠳ᠋ᠤ᠋ᠭᠦ᠋ᠷᠪᠡ᠃ | 10.1% | ᠠᠵᠢᠯᠴᠢ ᠠᠷᠪᠢᠴᠢ ᠪᠦᠭᠡᠳ ᠠᠷᠪᠢᠯᠠᠨ ᠭᠠᠮᠨᠠᠬᠤ ᠶᠢ ᠭᠦᠴᠦᠳᠡᠢ ᠠᠬᠢᠭᠤᠯᠵᠤ᠂ ︽ᠠᠯᠪᠠᠨ ᠤ | ᠭᠤᠷᠪᠠᠨᠵᠠᠷᠤᠳᠠᠯ︾ ᠤᠨ ᠵᠠᠷᠤᠯᠭ᠎ᠠ ᠶᠢ ᠴᠢᠩᠭ᠎ᠠ ᠡᠵᠡᠮᠳᠡᠨ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠳᠠᠬᠢ | ᠡᠩ ᠤᠨ ᠤᠯᠠᠨᠨᠡᠶᠢᠳᠡ ᠶᠢᠨ ᠲᠦᠰᠦᠪ ᠤᠨ ᠵᠠᠷᠤᠯᠭ᠎ᠠ ᠶᠢ 10.1% ᠪᠠᠷ ᠪᠠᠭᠠᠰᠬᠠᠪᠠ᠃ | ᠬᠤᠶᠠᠷ᠂ 2019 ᠣᠨ ᠤ ᠭᠤᠣᠯ ᠪᠣᠯᠬᠤ ᠠᠵᠢᠯ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠪᠦᠭᠡᠳ | ᠴᠢᠨᠡᠭᠡᠯᠢᠭᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠬᠢᠯᠠᠭ᠎ᠠ ᠶᠢᠨ ᠵᠢᠯ ᠪᠣᠯᠣᠨ᠎ᠠ᠃ ᠵᠠᠰᠠᠭ ᠤᠨ ᠣᠷᠳᠣᠨ ᠤ | ᠠᠵᠢᠯ ᠢ ᠰᠠᠶᠢᠲᠤᠷᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷᠲ᠋ᠤᠭᠤᠰᠢᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨᠠᠬᠢᠭᠤᠯᠵᠤ᠂ ᠲᠣᠭᠲᠠᠭᠤᠨ ᠪᠠᠶᠢᠯᠭᠠᠬᠤ | ᠪᠦᠭᠡᠳ ᠣᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠦᠨᠳᠦᠰᠦᠨᠰᠠᠨᠠᠭᠠ ᠶᠢ ᠪᠠᠷᠢᠮᠲᠠᠯᠠᠨ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠵᠢᠠᠬᠢᠭᠤᠯᠬᠤ ᠶᠢ | ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ | ᠱᠤᠭᠤᠮᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ | ᠦᠨᠳᠦᠷ ᠬᠢᠷᠢᠲ᠋ᠦ᠋ᠪᠰᠢᠨ ᠲᠠᠢ ᠨᠡᠭᠡᠭᠡᠯᠲᠡ ᠶᠢ ᠥᠷᠭᠡᠳᠬᠡᠨ ᠬᠢᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢᠲ᠋ᠦ᠋ᠷᠭᠡᠳᠭᠡᠨ ᠪᠠᠶᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠵᠦ᠂ ᠪᠢᠴᠢᠯᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ | ᠬᠤᠷᠸ᠎ᠠ ᠲᠣᠬᠢᠷᠠᠭᠤᠯᠭ᠎ᠠ ᠡᠵᠡᠮᠰᠢᠯ ᠳᠤ ᠰᠢᠨ᠎ᠡ ᠵᠢᠡᠭᠦᠳᠬᠦ ᠪᠠ ᠲᠡᠭᠦᠯᠳᠡᠷᠵᠢᠭᠦᠯᠦᠨ᠂ ᠨᠡᠮᠡᠭᠳᠡᠯ ᠢ | ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠵᠢᠲ᠋ᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠲᠦᠯᠲᠡᠢᠲ᠋ᠦ᠋ᠯᠦᠪᠯᠡᠨ | ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠨ᠂ ᠠᠵᠢᠯ ᠣᠯᠭᠤᠯᠲᠠ᠂ | ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠥᠰᠥᠭᠡᠯᠡᠯ ᠢ | ᠤᠯᠡᠮᠨᠢᠭᠡ ᠠᠯᠬᠤᠮ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ | ᠠᠷᠠᠳ ᠲᠦᠮᠡᠨ ᠤᠬᠦ᠋ᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ᠂ ᠠᠮᠦᠷ ᠲᠥᠪᠰᠢᠨ ᠪᠠᠶᠢᠬᠤ | ᠰᠡᠳᠬᠢᠭᠳᠡᠯ ᠲᠦᠷᠦᠭᠳᠡᠯ ᠢ ᠨᠢᠨᠡᠮᠡᠭᠳᠡᠭᠦᠯᠦᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠪᠥᠬᠦ ᠲᠠᠯ᠎ᠠ ᠶᠢᠨ ᠠᠮᠦᠷᠲ᠋ᠣᠭᠲᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠵᠢᠪᠣᠢ ᠪᠣᠯᠭᠠᠨ ᠥᠭᠴᠦ᠂ ᠰᠢᠯᠢᠳᠡᠭ | ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠪᠠᠶᠢᠭᠤᠯᠤᠭᠳᠠᠭᠰᠠᠨ 70 | ᠵᠢᠯ ᠤᠨ ᠣᠢ ᠶᠢ ᠪᠠᠶᠠᠷᠯᠠᠨ ᠪᠡᠯᠭᠡᠯᠡᠶ᠎ᠡ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ᠄ | ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ | ᠰᠠᠭᠤᠭᠠᠯᠢᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠠ ᠶᠢ 3% ᠣᠷᠴᠢᠮ | ᠪᠠᠶᠢᠯᠭᠠᠵᠤ᠂ ᠬᠤᠲᠠᠬᠦ᠋ᠳᠡᠭᠡ ᠶᠢᠨ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ | ᠡᠵᠡᠮᠳᠡᠵᠦ ᠪᠤᠯᠬᠤᠶᠢᠴᠠ ᠣᠷᠣᠯᠭ᠎ᠠ ᠵᠢᠲ᠋ᠤᠰ ᠲᠤᠰ 7% ᠪᠣᠯᠣᠨ 8% ᠣᠷᠴᠢᠮ ᠨᠡᠮᠡᠭᠳᠡᠭᠦᠯᠦᠨ᠎ᠠ︔ ᠬᠤᠲᠠ | ᠪᠠᠯᠭᠠᠰᠤ ᠶᠢᠨ ᠠᠵᠢᠯ ᠣᠯᠤᠭᠰᠠᠳ ᠢ 22 ᠲᠦᠮᠡᠨᠬᠦ᠋ᠮᠦᠨ ᠰᠢᠨ᠎ᠡ ᠪᠠᠷ ᠨᠡᠮᠡᠭᠳᠡᠭᠦᠯᠵᠦ᠂ ᠬᠤᠲᠠ | ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ᠂ᠳᠠᠩᠰᠠᠯᠠᠨ ᠲᠡᠮᠲᠡᠭᠯᠡᠭᠰᠡᠨ ᠠᠵᠢᠯ | ᠠᠯᠳᠠᠭᠰᠠᠳ ᠤᠨ ᠨᠣᠷᠮ᠎ᠠ ᠶᠢ ᠲᠤᠰ ᠲᠤᠰ 5.5% ᠤᠷᠴᠢᠮ ᠪᠠ 4.5% ᠵᠢᠨᠬᠡᠪᠴᠢᠶᠡᠨ ᠳᠤ | ᠬᠢᠵᠠᠭᠠᠷᠯᠠᠨ᠎ᠠ︔ ᠤᠯᠤᠰ ᠠᠴᠠ ᠳᠠᠭᠠᠭᠠᠯᠭᠠᠭᠰᠠᠨ ᠣᠨ ᠤ ᠡᠨᠧᠷᠬᠢ ᠠᠷᠪᠢᠯᠠᠵᠤ ᠪᠤᠬᠢᠷ | ᠪᠤᠳᠠᠰᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠᠳᠤ ᠡᠭᠦᠷᠬᠡ ᠶᠢ ᠪᠡᠶᠡᠯᠡᠭᠦᠯᠦᠨ᠎ᠡ᠃ | ︵ᠨᠢᠬᠡ︶ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ | ᠨᠢᠭᠡᠨᠲᠡᠤᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠳᠤᠪᠤᠶᠢᠮ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠭᠤᠣᠯᠳᠠᠯᠭ᠎ᠠ ᠲᠠᠢᠲ᠋ᠠᠶᠢᠯᠠᠯᠳᠤᠭᠠᠨ ᠢ ᠰᠠᠶᠢᠲᠤᠷ ᠬᠢᠨ᠎ᠡ᠃ | ︵ᠬᠤᠶᠠᠷ︶ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠢᠯᠡᠳᠬᠦ | ᠦᠢᠯᠡᠰ ᠤᠨᠬᠥ᠋ᠭᠵᠢᠯᠲᠡ ᠶᠢᠨ ᠴᠢᠭᠯᠡᠯ ᠢ ᠣᠨᠣᠪᠴᠢᠲᠠᠢ ᠡᠵᠡᠮᠰᠢᠵᠦ᠂ ᠲᠡᠷᠢᠭᠦᠨ ᠤ ᠦᠢᠯᠡᠳᠬᠦ ᠦᠢᠯᠡᠰ ᠬᠢᠭᠡᠳ | ᠣᠳᠣ ᠦᠶ᠎ᠡ ᠵᠢᠨᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ︵ᠭᠤᠷᠪᠠ︶ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠣ ᠬᠡᠷᠡᠭᠯᠡᠭᠡ ᠶᠢᠨ ᠬᠡᠷᠩᠴᠡᠭᠡ | ᠱᠠᠭᠠᠷᠳᠠᠯᠭ᠎ᠠ ᠵᠢᠦᠷᠭᠡᠣᠡᠭᠡᠨᠠ᠃ | ︵ᠲᠦᠷᠪᠠ︶ ᠭᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ | ᠭᠦᠨᠵᠡᠭᠡᠶᠢᠷᠡᠭᠦᠯᠦᠨᠬᠡᠷᠡᠭᠵᠢᠭᠦᠯᠦᠨᠡ᠃ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠢ ᠡᠩ | ᠲᠡᠷᠢᠭᠦᠨ ᠳᠤ ᠬᠥᠭᠵᠢᠭᠦᠯᠵᠦ᠂ᠬᠦᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ | ᠠᠬᠢᠭᠤᠯᠤᠨ᠎ᠠ᠃ | ︵ᠲᠠᠪᠤ︶ ᠭᠤᠤᠯᠳᠠᠯᠭ᠎ᠠ ᠲᠠᠢ ᠬᠥᠷᠢᠶ᠎ᠡ ᠴᠠᠷᠠᠭᠠᠨ ᠳᠠᠬᠢ ᠥᠭᠡᠷᠡᠴᠢᠯᠡᠯᠲᠠ ᠶᠢ ᠭᠥᠨᠵᠡᠭᠡᠶᠢᠷᠡᠭᠦᠯᠤᠨᠡ᠃ | | ︵ᠵᠢᠷᠭᠤᠭ᠎ᠠ︶ ᠪᠥᠬᠦ ᠲᠠᠯ᠎ᠠ ᠪᠠᠷ ᠭᠠᠳᠠᠭᠠᠳᠤ ᠳᠤ ᠨᠡᠭᠡᠭᠡᠯᠲᠠ ᠬᠢᠬᠦ ᠶᠢ ᠠᠬᠢᠭᠤᠯᠤᠨ᠎ᠠ᠃ ᠤᠮᠠᠷᠠᠰᠢ ᠨᠡᠭᠡᠭᠡᠯᠲᠡ | ᠬᠢᠬᠦᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ | ᠬᠤᠩᠬᠢᠯ ᠤᠨ ᠪᠦᠲᠦᠭᠡᠨᠪᠠᠶᠢᠭᠤᠯᠤᠯᠲᠠ ᠶᠢ ᠲᠥᠷᠭᠡᠳᠬᠡᠵᠤ᠂ ︽ᠨᠢᠭᠡ ᠪᠥᠰᠡ ᠨᠢᠭᠡ ᠵᠠᠮ︾ ᠯᠤᠭ᠎ᠠ ᠭᠦᠨ | ᠠᠭᠤᠰᠤᠯᠴᠠᠨ᠂ ᠥᠨᠳᠥᠷ ᠬᠢᠷᠢ ᠲᠥᠪᠰᠢᠨᠪᠥ᠋ᠬᠦᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠲᠠᠢ ᠪᠣᠯᠬᠤ ᠶᠢ | ᠠᠬᠢᠭᠤᠯᠤᠨ᠎ᠠ᠃ | ︵ᠳᠣᠯᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠭᠦᠯᠦᠨ ᠬᠦᠴᠦᠷᠬᠡᠭᠵᠢᠭᠦᠯᠦᠨ᠎ᠡ᠃ | ︽ᠬᠤᠶᠠᠷ ᠢᠤᠬᠳᠤ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠦᠭᠵᠢᠯᠲᠡ ᠵᠢᠨᠬᠠᠷᠰᠢ ᠰᠠᠭᠠᠳ ᠢ ᠡᠷᠡᠰ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠦᠭᠵᠢᠯᠲᠡ ᠶᠢᠨ ᠬᠦᠳᠡᠯᠭᠡᠬᠦ ᠬᠦᠴᠦᠨᠪᠠ ᠠᠮᠢᠵᠢᠷᠠᠯ ᠤᠨ ᠬᠦᠴᠦᠨ ᠢ ᠭᠦᠭᠵᠢᠬᠡᠨᠠ᠃ | ︵ᠨᠠᠢᠮᠠ︶ ᠪᠣᠬᠢᠷᠳᠦᠯ ᠦᠭᠡᠢ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠠᠮᠢᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠤᠯᠤᠰ ᠤᠨᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ | | ︵ᠶᠢᠰᠦ︶ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | | ︵ᠠᠷᠪᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ᠦᠨᠳᠦᠰᠦᠨ ᠰᠠᠭᠤᠷᠢ ᠠᠴᠠ ᠨᠢ ᠪᠠᠲᠤᠯᠠᠬᠤ ᠶᠢ ᠴᠢᠬᠤᠯᠠᠴᠢᠯᠠᠨ᠂ ᠣᠯᠠᠨ ᠲᠦᠮᠡᠨ ᠤ | ᠬᠠᠮᠤᠭ ᠠᠴᠠ ᠠᠩᠬᠠᠷᠤᠨ ᠬᠠᠯᠠᠮᠵᠢᠯᠠᠵᠤᠪᠠᠶᠢᠭᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ |