ᠦᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ 2019 ᠣᠨ ᠤ 1ᠰᠠᠷ᠎ᠠ ᠶᠢᠨ 26 ᠤ ᠡᠳᠦᠷ | ᠬᠦᠬᠡᠬᠤᠳᠠ ᠳᠤ ᠬᠤᠷᠠᠯᠳᠤᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷᠡᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠃ ᠢᠯᠡᠳᠬᠡᠯ ᠳᠡᠭᠡᠨ | 2018 ᠤᠨ ᠤ ᠠᠵᠢᠯ ᠢᠶᠠᠨ ᠡᠷᠬᠢᠴᠡᠬᠦᠯᠵᠦ᠂2019 ᠣᠨ ᠤ ᠭᠤᠣᠯ ᠪᠣᠯᠬᠤ ᠠᠵᠢᠯ ᠢᠶᠠᠨ ᠪᠠᠶᠢᠷᠢᠯᠠᠭᠤᠯᠪᠠ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨᠨᠠᠶᠢᠳᠠᠪᠤᠷᠢᠵᠢᠭᠤᠯᠤᠭᠰᠠᠨ | ᠠᠩᠬᠠᠨ ᠤ ᠣᠨ ᠪᠣᠯᠬᠤ ᠪᠦᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢᠪᠣᠯᠣᠨᠠ᠂ ᠮᠦᠨ ᠴᠦ ᠮᠠᠨ ᠤ ᠣᠷᠣᠨ ᠤ ᠬᠥᠭᠵᠢᠯᠲᠡ ᠶᠢᠨ | ᠶᠠᠪᠤᠴᠠ ᠳᠠᠬᠢ ᠲᠤᠩ ᠶᠡᠷᠦ ᠪᠤᠰᠤ ᠶᠢᠨ ᠨᠢᠭᠡ ᠵᠢᠯ ᠪᠣᠯᠣᠨ᠎ᠠ᠃ᠲᠥᠪ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨᠲ᠋ᠥ᠋ᠯᠥᠭᠡᠯᠡᠭᠴᠢ ᠶᠢᠨ ᠵᠢᠱᠢᠭᠳᠡᠭᠴᠢᠳ ᠤᠨ ᠰᠤᠩᠭᠤᠭᠤᠯᠢ ᠶᠢᠨ ᠭᠠᠵᠠᠷ ᠣᠷᠣᠨ ᠢ ᠲᠣᠭᠲᠠᠭᠠᠬᠤ ᠳᠤ᠂ ᠶᠡᠷᠦᠩᠬᠡᠢ | ᠱᠦᠵᠢᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠣᠩᠭᠤᠭᠰᠠᠨ ᠪᠦᠭᠡᠳ ᠥᠪᠥᠷ ᠮᠣᠩᠭᠤᠯ ᠤᠨᠲ᠋ᠥ᠋ᠯᠥᠭᠡᠯᠡᠭᠴᠢᠳ ᠤᠨ | ᠪᠦᠯᠬᠦᠮ ᠤᠨ ᠬᠢᠨ ᠤ ᠬᠢᠨᠠᠨ ᠵᠥᠪᠯᠡᠬᠦ ᠳᠤ ︽ᠭᠤᠷᠪᠠ ᠶᠢ ᠯᠠᠪᠳᠠᠭᠤᠨ ᠪᠠᠳᠤᠲᠠᠢ ᠬᠢᠬᠦ︾ ᠴᠢᠬᠤᠯᠠᠱᠠᠭᠠᠷᠳᠠᠯᠭᠠ ᠶᠢ ᠳᠤᠷᠠᠳᠤᠭᠰᠠᠨ ᠨᠢ ᠨᠠᠮ ᠤᠨ ᠲᠥᠪ | ᠬᠤᠷᠢᠶᠠᠨ ᠠᠴᠠ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠤᠨᠭᠠᠵᠠᠷ ᠣᠷᠣᠨ ᠢ ᠴᠢᠬᠤᠯᠠᠴᠢᠯᠠᠨ ᠦᠵᠡᠵᠦ ᠪᠠᠶᠢᠭ᠎ᠠ ᠶᠢ ᠢᠯᠡᠷᠡᠭᠦᠯᠵᠦ᠂ ᠬᠥᠭᠵᠢᠭᠡᠳᠦᠢ | ᠭᠠᠵᠠᠷ ᠣᠷᠣᠨ ᠤ ᠬᠥᠭᠵᠢᠯᠲᠡ ᠵᠢᠲ᠋ᠦ᠋ᠷᠭᠡᠳᠬᠡᠨ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ | ᠰᠢᠭᠤᠷᠬᠠᠢ ᠪᠠᠷᠰᠠᠶᠢᠳᠤᠷ ᠬᠢᠬᠦ ᠨᠠᠮ ᠤᠨ ᠲᠥᠪ ᠬᠤᠷᠢᠶᠠᠨ ᠤ ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤᠴᠢᠩᠭᠠ ᠤᠳᠤᠷᠢᠳᠤᠯᠭ᠎ᠠ ᠳᠣᠣᠷ᠎ᠠ᠂ | ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨᠲ᠋ᠤᠭᠤᠰᠢᠯᠠᠭᠤᠯᠵᠤ᠂ ︽ᠲᠦᠷᠪᠡᠨ ᠦᠵᠡᠯ ᠤᠬᠠᠮᠰᠠᠷ︾ ᠢ ᠪᠠᠳᠤ ᠪᠠᠬᠢ ᠪᠤᠢ ᠪᠤᠯᠭᠠᠵᠦ᠂ | ︽ᠲᠦᠷᠪᠡᠨ ᠢᠳᠡᠬᠡᠯ︾ ᠢᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨᠵᠠᠰᠠᠬᠤ ᠣᠷᠣᠨ ᠤ | ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠬᠦᠴᠢᠷ ᠪᠣᠯᠣᠨᠥᠷᠢᠰᠦᠯᠳᠦᠭᠡᠨ ᠢ ᠢᠳᠡᠪᠬᠢᠲᠡᠢ ᠠᠷᠭᠠᠴᠠᠭᠠᠨ | ᠰᠢᠢᠳᠪᠦᠷᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢᠠᠵᠢᠯᠯᠠᠨ᠂ ᠪᠥᠬᠦ ᠣᠷᠣᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ | ᠬᠥᠭᠵᠢᠪᠡ᠃ ᠠᠩᠬ᠎ᠠ ᠠᠯᠬᠤᠮ ᠲᠤᠭᠠᠴᠠᠭᠠᠬᠢᠭᠰᠡᠨ ᠢᠶᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 5.3% ᠪᠠᠶᠢᠵᠤ᠂ | ᠡᠩ ᠤᠨ ᠣᠯᠠᠨᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ 9.1% ᠪᠠᠶᠢᠵᠤ᠂ ᠬᠤᠲᠠ ᠬᠥᠳᠡᠭᠡ ᠶᠢᠨ ᠪᠠᠶᠢᠩᠭᠤ ᠰᠠᠭᠤᠭᠠᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠤᠰ ᠲᠤᠰ 7.4% ᠪᠠ 9.7%ᠨᠡᠮᠡᠭᠳᠡᠪᠡ᠃ | ᠲᠤᠭ᠎ᠠ ᠪᠠᠷᠢᠮᠳᠠ ᠪᠠᠷ ᠢᠯᠡᠳᠬᠡᠪᠡᠯ᠄ | 137.2% | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠬᠤ᠂ ᠤᠨᠢᠨ ᠲᠡᠭᠡᠷ᠎ᠡ ᠨᠢ ᠠᠷᠭ᠎ᠠ ᠪᠣᠳᠣᠯᠭᠠᠬᠡᠷᠡᠭᠵᠢᠭᠦᠯᠬᠦ ᠶᠢ ᠪᠠᠷᠢᠮᠲᠠᠯᠠᠨ᠂ | ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠳᠤᠷᠬᠢᠪᠡ᠃ ᠵᠠᠰᠠᠭ ᠤᠨ ᠣᠷᠳᠣᠨ ᠤ ᠳᠠᠯᠳᠠ ᠪᠠᠶᠢᠭ᠎ᠠ ᠥᠷᠢ | ᠥᠭᠴᠡᠭᠡ ᠶᠢ ᠢᠳᠡᠪᠬᠢᠲᠡᠢ ᠠᠷᠢᠯᠭᠠᠨ᠂ ᠲᠡᠭᠦᠯᠳᠡᠷᠵᠢᠭᠦᠯᠬᠦ ᠲᠥᠰᠥᠯᠲ᠋ᠣᠭᠲᠠᠭᠠᠵᠤ᠂ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠂ ᠣᠨ ᠤ ᠥᠷᠢ | ᠥᠭᠴᠡᠭᠡ ᠶᠢ ᠠᠷᠢᠯᠭᠠᠬᠤ ᠡᠭᠦᠷᠭᠡ ᠪᠠᠨ137.2% ᠢᠶᠠᠷ ᠪᠡᠶᠡᠯᠡᠭᠦᠯᠪᠡ᠃ | 23.5 ᠲᠦᠮᠡᠨ ᠬᠦᠮᠦᠨ | ᠡᠯ᠎ᠡ ᠱᠠᠲᠤᠨ ᠤ ᠡᠳ᠋ ᠤᠨ ᠵᠠᠰᠠᠭ ᠤᠨ ᠬᠢᠨ ᠤ ᠶᠠᠳᠠᠭᠤ ᠶᠢ ᠲᠡᠳᠬᠦᠬᠦ ᠳᠤ ᠣᠷᠣᠭᠤᠯᠤᠭᠰᠠᠨ ᠪᠡᠯᠡ ᠮᠥᠩᠭᠦ147.9 ᠳ᠋ᠦᠩᠰᠢᠭᠤᠷ | ᠲᠥᠭᠦᠷᠢᠭ ᠪᠠᠶᠢᠵᠤ᠂ 21.6% ᠨᠡᠮᠡᠭᠳᠡᠪᠡ᠃ ᠵᠢᠱᠢᠭᠰᠡᠨ ᠢᠶᠠᠷ ᠪᠥᠬᠦ ᠵᠢᠯ ᠳᠠᠬᠢ ᠶᠠᠳᠠᠭᠤ ᠡᠴᠠᠠᠩᠭᠢᠵᠢᠷᠠᠭᠤᠯᠬᠤ ᠬᠥᠮᠥᠨ 23.5 ᠲᠦᠮᠡ ᠭᠠᠷᠤᠢ | ᠪᠠᠶᠢᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 10 ᠬᠤᠰᠢᠭᠤᠰᠢᠶᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ | 13 ᠬᠤᠰᠢᠭᠤ ᠰᠢᠶᠠᠨ ᠢ ᠶᠠᠳᠠᠭᠤᠬᠦ᠋ᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠪᠠ᠃ | 83.6% | ᠪᠥᠬᠦ ᠣᠷᠣᠨ ᠤ ᠠᠭᠠᠷ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠳᠤᠮᠳᠠᠴᠢ ᠡᠳᠦᠷ ᠤᠨ ᠬᠠᠷᠢᠴᠠᠯ83.6% ᠪᠠᠶᠢᠵᠤ᠂ ᠨᠠᠷᠢᠨ | ᠮᠥᠬᠦᠯᠢᠭᠲᠦ ᠪᠤᠳᠠᠰ ︵PM 2.5︶ ᠤᠨ ᠥᠳᠬᠡᠴᠡ 3.1% ᠪᠠᠭᠤᠷᠠᠪᠠ᠃ | 22.1% | ᠠᠮᠢ ᠠᠬᠤᠢ ᠶᠢᠨ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠤᠨ᠂ ᠣᠢ ᠰᠢᠭᠤᠢ ᠵᠢᠨᠪᠦ᠋ᠷᠬᠦᠴᠡ 22.1% ᠳᠤ | ᠬᠦᠷᠴᠦ᠂ ᠪᠦᠬᠦ ᠤᠯᠤᠰ ᠤᠨ ᠬᠢ ᠠᠴᠠ 0.44 ᠵᠠᠭᠤᠨ ᠤ ᠴᠡᠭ ᠦᠨᠳᠦᠷ ᠪᠣᠯᠪᠠ᠃ | 1000 ᠳ᠋ᠦᠩᠰᠢᠭᠤᠷ ᠲᠦᠭᠦᠷᠢᠭ | ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨᠭᠤᠣᠯ ᠴᠤᠭᠴᠠ ᠳᠤ ᠭᠠᠶᠢᠯᠢ | ᠵᠠᠷᠤᠳᠠᠯ ᠤᠨ ᠳᠠᠷᠤᠭᠠᠰᠤ ᠶᠢ ᠨᠡᠶᠢᠲᠡ 1000 ᠳ᠋ᠦᠩᠰᠢᠭᠤᠷ ᠢᠯᠡᠭᠦᠦ ᠲᠥᠭᠦᠷᠢᠭ ᠬᠠᠰᠤᠵᠤᠬᠥ᠋ᠩᠭᠡᠯᠡᠭᠰᠡᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠰᠢᠭ ᠣᠯᠵᠠᠪᠤᠷᠢ 7.1% ᠨᠡᠮᠡᠭᠳᠡᠵᠦ᠂ᠡᠳ᠋ ᠬᠥᠷᠥᠩᠭᠡ ᠶᠢᠨ ᠥᠷᠢᠲᠦᠯ ᠵᠠᠭᠤᠨ ᠤ ᠬᠠᠷᠢᠴᠠᠯ ᠢᠶᠠᠷ 1.2 ᠬᠤᠪᠢ ᠪᠠᠭᠤᠷᠠᠪᠠ᠃ | | 3200 km ᠪᠠ 6800 km | 3200 ᠭᠠᠷᠤᠢ ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ᠪᠥᠬᠦ ᠵᠠᠰᠠᠮᠠᠯ ᠵᠠᠮ ᠤᠨ ᠤᠷᠲᠤ 20ᠲᠦᠮᠡᠨ ᠺᠢᠯᠣᠮᠧᠲᠷ ᠢ ᠳᠠᠪᠠᠵᠤ᠂ | ᠪᠥᠬᠦ ᠣᠷᠣᠨ ᠳᠠᠬᠢ ᠨᠢᠭᠡᠳᠦᠭᠡᠷ ᠳᠡᠰ ᠤᠨ ᠪᠤᠶᠤ ᠲᠦᠷᠭᠡᠨ ᠤ ᠵᠠᠰᠠᠮᠠᠯ ᠵᠠᠮ ᠨᠡᠪᠲᠡᠷᠡᠭᠰᠡᠨᠬᠤᠰᠢᠭᠤ ᠰᠢᠶᠠᠨ ︵ᠬᠤᠲᠠ᠂ ᠲᠣᠭᠤᠷᠢᠭ︶ 101 ᠪᠣᠯᠪᠠ᠃ | ︽ᠳᠦᠷᠪᠡᠨ ᠰᠠᠶᠢᠲᠠᠢ ᠬᠦᠳᠡᠭᠡ ᠲᠣᠰᠬᠤᠨ ᠤ ᠵᠠᠮ︾ ᠢ6800 ᠺᠢᠯᠣᠮᠧᠲᠷ ᠳᠡᠪᠢᠰᠴᠦ ᠳᠠᠭᠤᠰᠬᠠᠪᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ | 2 ᠨᠡᠮᠡᠭᠳᠡᠪᠡ᠃ | 84% | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 304 ᠲᠦᠮᠡᠨ ᠮᠦ ᠭᠠᠷᠭᠠᠵᠤ᠂ ᠥᠨᠳᠥᠷ ᠪᠦᠲᠦᠮᠵᠢᠲᠡᠢ ᠤᠰᠤᠠᠷᠪᠢᠯᠠᠬᠤ ᠤᠰᠤᠯᠠᠯᠲᠠ ᠶᠢᠨ | ᠲᠠᠯᠠᠪᠠᠢ ᠶᠢ 234 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠲᠠᠷᠢᠮᠠᠯ ᠤᠨ ᠵᠦᠢᠯ ᠤᠨᠶᠡᠷᠦᠩᠬᠡᠶᠢᠯᠡᠨ ᠮᠠᠰᠢᠨᠴᠢᠯᠠᠭᠰᠠᠨ ᠬᠢᠷᠢ ᠲᠦᠪᠰᠢᠨ 84% | ᠪᠣᠯᠪᠠ᠃ | 3553 ᠲᠦᠮᠡᠨ ᠲᠣᠨ | ᠲᠠᠷᠢᠶᠠᠯᠠᠩ ᠮᠠᠯ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ3553 ᠲᠦᠮᠡᠨ ᠲᠣᠨ ᠳᠤ | ᠬᠦᠷᠪᠡ᠃ | 50% | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠲᠠᠷᠢᠶᠠᠯᠠᠩ ᠮᠠᠯᠠᠵᠤ ᠠᠬᠤᠢ ᠪᠣᠯᠣᠨ ᠠᠵᠤ | ᠠᠬᠤᠶᠢᠯᠠᠯ ᠤᠨ ᠠᠰᠢᠭ ᠲᠤᠰᠠ ᠶᠢ ᠨᠢᠭᠲᠠ ᠬᠡᠯᠪᠡᠷᠢ ᠲᠠᠢ ᠪᠠᠷ ᠬᠤᠯᠪᠣᠭᠳᠠᠭᠤᠯᠤᠭᠰᠠᠨ ᠬᠠᠷᠢᠴᠠᠯ50% ᠳᠤ ᠬᠦᠷᠪᠡ᠃ | 4 ᠲᠦᠮᠡ ᠭᠠᠷᠤᠢ | ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ ᠵᠠᠰᠠᠬᠤᠠᠵᠢᠯᠯᠠᠭᠠ ᠶᠢ ᠬᠡᠷᠡᠭᠵᠢᠬᠦᠯᠵᠦ᠂ | ᠠᠷᠢᠭᠤᠨ ᠴᠡᠪᠡᠷ ᠵᠤᠷᠯᠤᠩ᠂ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠵᠢᠰᠶᠢᠳᠪᠦᠷᠢᠯᠡᠬᠦ ᠳᠤ ᠪᠦᠲᠦᠭᠡᠨ ᠪᠠᠶᠢᠭᠤᠯᠬᠤ ᠲᠤᠷᠰᠢᠯᠳᠠ ᠶᠢᠨ | ᠴᠡᠭ ᠢ ᠦᠷᠨᠢᠬᠦᠯᠵᠦ᠂ ᠡᠯ᠎ᠡ ᠲᠦᠷᠦᠯ ᠤᠨ ᠠᠷᠢᠭᠤᠨ ᠴᠡᠪᠡᠷᠵᠤᠷᠯᠤᠩ ᠢ 4 ᠲᠦᠮᠡ ᠭᠠᠷᠤᠢ ᠪᠠᠶᠢᠭᠤᠯᠪᠠ᠃ | 98% | ᠲᠤᠰᠬᠤᠨ ᠪᠦᠷᠢ ᠳᠤ ᠷᠠᠳᠢᠣ᠋ ᠲᠧᠯᠧᠢᠰ ᠨᠡᠪᠳᠡᠷᠡᠵᠦ ᠪᠠᠶᠢᠬᠰᠠᠨ ᠠᠴᠠ ᠡᠷᠦᠬᠡ ᠪᠤᠯᠭᠠᠨ ᠳᠤ ᠨᠡᠪᠳᠡᠷᠡᠬᠦ ᠲᠡᠶᠢᠰᠢ ᠲᠡᠰᠲ᠋ᠡᠪᠰᠢᠬᠦ ᠶᠢ ᠪᠡᠶᠡᠯᠡᠬᠦᠯᠵᠦ᠂ | 98% ᠠᠴᠠ ᠲᠡᠬᠡᠭᠰᠢᠬᠢ ᠵᠠᠰᠠᠭ ᠵᠠᠬᠢᠷᠭᠠᠨ ᠤ ᠲᠤᠰᠬᠤᠨ ᠳᠤ ᠬᠡᠷᠡᠯᠯᠢᠭ ᠰᠢᠷᠬᠡᠭ ᠤᠨ ᠦᠷᠬᠡᠨᠪᠦ᠋ᠰᠡᠳᠦ ᠰᠦᠯᠵᠢᠶ᠎ᠡ ᠣᠷᠣᠭᠤᠯᠪᠠ᠃ | 13 ᠡᠳᠦᠷ ᠪᠠ 5 ᠡᠳᠦᠷ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠢ ᠠᠬᠢᠭᠤᠯᠵᠦ᠂ ᠲᠦᠷᠦᠯ ᠵᠦᠢᠯ ᠢ ᠬᠢᠨᠠᠨᠵᠦ᠋ᠪᠰᠢᠶᠡᠷᠡᠬᠦ ᠪᠠ ᠠᠵᠦ ᠠᠬᠤᠶᠢᠯᠠᠯ | ᠨᠡᠬᠡᠬᠡᠨ ᠡᠷᠬᠢᠯᠡᠬᠦ ᠴᠠᠭ ᠢ ᠲᠤᠰ ᠪᠦᠷᠢ 13 ᠠᠵᠢᠯᠯᠠᠬᠤ ᠡᠳᠦᠷ ᠪᠠ 5 ᠠᠵᠢᠯᠯᠠᠬᠤᠡᠳᠦᠷ ᠪᠤᠯᠭᠠᠨ ᠪᠤᠭᠤᠨᠢᠰᠬᠠᠪᠠ᠃ | 9.9% | ᠨᠡᠬᠡᠬᠡᠯᠳᠡ ᠬᠢᠬᠦ ᠶᠢ ᠪᠦᠭᠦ ᠲᠠᠯ᠎ᠠ ᠪᠠᠷ ᠦᠷᠬᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤᠭᠠᠳᠠᠭᠠᠳᠤ ᠳᠤ ᠭᠠᠷᠭᠠᠭᠰᠠᠨ | ᠶᠡᠷᠦᠩᠬᠡᠢ ᠲᠤᠭ᠎ᠠ 1000 ᠳ᠋ᠦᠩᠰᠢᠭᠤᠷ ᠲᠦᠭᠦᠷᠢᠭ ᠢ ᠳᠠᠪᠠᠵᠤ᠂ 9.9% ᠨᠡᠮᠡᠭᠳᠡᠪᠡ᠃ | 1.4 ᠲᠠᠬᠢᠨ | ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠵᠦ ᠪᠠᠶᠢᠭ᠎ᠠ ᠲᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤᠲ᠋ᠡᠷᠭᠡᠨ ᠤ ᠲᠡᠭᠡᠭᠡᠪᠦᠷᠢ 1.4 | ᠲᠠᠬᠢᠨ ᠨᠡᠮᠡᠭᠳᠡᠪᠡ᠃ | 70.1% | ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠳᠤ ᠪᠦᠭᠦ ᠤᠷᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ70.1% ᠶᠢ ᠡᠵᠡᠯᠡᠪᠡ᠃ | | 25.9 ᠲᠦᠮᠡ | ᠬᠤᠳᠠ ᠪᠠᠯᠭᠠᠰᠤᠨ ᠤ ᠠᠵᠢᠯ ᠤᠯᠤᠨᠨᠰᠠᠳ 25.9 ᠲᠦᠮᠡᠨ ᠭᠦᠮᠦᠨ ᠰᠢᠨ᠎ᠠ ᠪᠠᠷ ᠨᠡᠮᠡᠭᠳᠡᠵᠦ᠂ ᠬᠤᠳᠠᠪᠠᠯᠭᠠᠰᠤᠨ ᠳᠤ ᠲᠠᠩᠰᠠᠯᠠᠨ | ᠲᠡᠮᠳᠡᠭᠯᠡᠭᠦᠯᠦᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 3.58 % ᠶᠢᠨ ᠨᠡᠯᠢᠶᠡᠳ ᠲᠤᠤᠷᠠᠬᠢᠷᠢ ᠲᠦᠪᠰᠢᠨ ᠳᠤ ᠡᠵᠡᠮᠳᠡᠵᠦ᠂ ᠭᠤᠤᠯᠳᠠᠯᠭ᠎ᠠ ᠲᠠᠢ | ᠭᠦᠮᠦᠰ ᠠᠵᠢᠯ ᠤᠯᠬᠤ ᠳᠤ ᠪᠠᠳᠤᠯᠠᠭ᠎ᠠ ᠲᠠᠢ ᠪᠤᠯᠪᠠ᠃ | 85% ᠪᠠ 75% | ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠳ᠋ᠤ᠋ᠰᠠᠭᠤᠵᠤ ᠡᠮᠨᠡᠭᠦᠯᠦᠭᠰᠡᠨ | ᠰᠦᠢᠳᠬᠡᠯ ᠢ ᠲᠦᠷᠦ ᠶᠢᠨ ᠪᠤᠳᠤᠯᠭ᠎ᠠ ᠪᠠᠷ ᠲᠠᠩᠰᠠ ᠠᠴᠠ ᠲᠠᠶᠢᠯᠬᠤ ᠵᠠᠷᠤᠳᠠᠯ ᠤᠨ ᠲᠤᠮᠳᠠᠴᠢᠬᠠᠷᠢᠴᠠᠯ ᠢ ᠲᠤᠰ ᠪᠦᠷᠢ 85% ᠤᠷᠴᠢᠮ ᠪᠠ | 75% ᠤᠷᠴᠢᠮ ᠪᠣᠯᠭᠠᠵᠤ᠂ ᠭᠦᠨᠳᠦ ᠡᠪᠡᠳᠴᠢᠨ ᠪᠤᠯᠭᠠᠨ ᠳ᠋ᠤ᠋ᠲ᠋ᠠᠭᠠᠳᠬᠠᠯ ᠲᠠᠢ ᠪᠠᠶᠢᠯᠭᠠᠬᠤ ᠶᠢ ᠪᠡᠶᠡᠯᠡᠬᠦᠯᠪᠡ᠃ | 100% | ᠲᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ ᠲᠤ 14.2 ᠲᠦᠮᠡᠨ ᠢᠵᠢ ᠭᠡᠷ ᠪᠠᠶᠢᠰᠢᠩ ᠪᠠ ᠮᠠᠯᠵᠢᠬᠤᠲ᠋ᠠᠷᠢᠶᠠᠯᠠᠬᠤ ᠤᠷᠤᠨ ᠤ ᠨᠤᠷᠠᠬᠤ | ᠠᠶᠤᠯᠳᠠᠢ ᠬᠡᠷ ᠪᠠᠶᠢᠰᠢᠩ ᠢ 6.02 ᠲᠦᠮᠡᠨ ᠡᠷᠦᠬᠡ ᠦᠬᠡᠷᠡᠴᠢᠯᠡᠨ ᠰᠢᠨᠡᠳᠭᠡᠵᠦ᠂ ᠠᠵᠢᠯᠡᠬᠢᠯᠡᠭᠦᠯᠦᠭᠰᠡᠨ ᠨᠤᠷᠮ᠎ᠠ 100% ᠳᠤ ᠭᠦᠷᠪᠡ᠃ | 93% | 93% ᠠᠴᠠ ᠲᠡᠬᠡᠭᠰᠢᠬᠢ ᠲᠤᠮᠳᠠᠳᠤ ᠪᠠᠭ᠎ᠠ ᠰᠤᠷᠭᠠᠭᠤᠯᠢ ᠨᠢ ᠮᠡᠳᠡᠭᠡ ᠵᠠᠩᠬᠢᠴᠢᠯᠠᠬᠰᠠᠨ ᠵᠢᠭᠠᠨ ᠰᠤᠷᠭᠠᠯᠳᠠ ᠵᠢᠠᠰᠢᠬᠯᠠᠪᠠ᠃ ᠬᠡᠷ ᠤᠨ | ᠠᠮᠢᠳᠤᠷᠠᠯ ᠨᠢ ᠶᠠᠳᠠᠭᠤ ᠭᠦᠴᠢᠷᠳᠡᠯᠳᠡᠢ 1.9 ᠲᠦᠮᠡᠨ ᠰᠤᠷᠤᠨᠨᠴᠢᠳ ᠢ ᠵᠤᠭᠤᠰ ᠢᠶᠠᠷ ᠲᠤᠰᠠᠯᠠᠪᠠ᠃ | 100% | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠵᠢᠨᠵᠦ᠋ᠪᠯᠡᠯᠬᠡᠨ ᠤ ᠬᠡᠰᠢᠭᠦᠳ ᠤᠨ | ᠰᠠᠨᠠᠯ ᠲᠤᠷᠠᠳᠤᠯᠭ᠎ᠠ ᠶᠢ ᠭᠦᠢᠴᠡᠳᠬᠡᠬᠡᠳ ᠬᠠᠷᠢᠭᠤ ᠦᠭᠭᠦᠭᠰᠡᠨ ᠨᠤᠷᠮ᠎ᠠ 100% ᠳ᠋ᠤ᠋ᠭᠦ᠋ᠷᠪᠡ᠃ | 10.1% | ᠠᠵᠢᠯᠴᠢ ᠠᠷᠪᠢᠴᠢ ᠪᠦᠭᠡᠳ ᠠᠷᠪᠢᠯᠠᠨ ᠭᠠᠮᠨᠠᠬᠤ ᠶᠢ ᠭᠦᠴᠦᠳᠡᠢ ᠠᠬᠢᠭᠤᠯᠵᠤ᠂ ︽ᠠᠯᠪᠠᠨ ᠤ ᠭᠤᠷᠪᠠᠨᠵᠠᠷᠤᠳᠠᠯ︾ ᠤᠨ ᠵᠠᠷᠤᠯᠭ᠎ᠠ ᠶᠢ | ᠴᠢᠩᠭ᠎ᠠ ᠡᠵᠡᠮᠳᠡᠨ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠳᠠᠬᠢ ᠡᠩ ᠤᠨ ᠤᠯᠠᠨᠨᠡᠶᠢᠳᠡ ᠶᠢᠨ ᠲᠦᠰᠦᠪ ᠤᠨ ᠵᠠᠷᠤᠯᠭ᠎ᠠ ᠶᠢ 10.1% ᠪᠠᠷ | ᠪᠠᠭᠠᠰᠬᠠᠪᠠ᠃ | ᠬᠤᠶᠠᠷ᠂ 2019 ᠣᠨ ᠤ ᠭᠤᠣᠯ ᠪᠣᠯᠬᠤ ᠠᠵᠢᠯ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠪᠦᠭᠡᠳ ᠴᠢᠨᠡᠭᠡᠯᠢᠭᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠵᠠᠩᠬᠢᠯᠠᠭ᠎ᠠ ᠶᠢᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷᠲ᠋ᠤᠭᠤᠰᠢᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨᠠᠬᠢᠭᠤᠯᠵᠤ᠂ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨᠠᠬᠢᠭᠤᠯᠵᠤ᠂ ᠲᠣᠭᠲᠠᠭᠤᠨ ᠪᠠᠶᠢᠯᠭᠠᠬᠤ ᠪᠦᠭᠡᠳ | ᠣᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠦᠨᠳᠦᠰᠦᠨᠰᠠᠨᠠᠭᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠵᠢᠠᠬᠢᠭᠤᠯᠬᠤ ᠶᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠪᠠᠷ ᠭᠤᠣᠯ ᠱᠤᠭᠤᠮᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠷ | ᠬᠢᠷᠢᠲ᠋ᠦ᠋ᠪᠰᠢᠨ ᠲᠠᠢ ᠨᠡᠭᠡᠭᠡᠯᠲᠡ ᠶᠢ ᠥᠷᠭᠡᠳᠬᠡᠨ ᠬᠢᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢᠲ᠋ᠦ᠋ᠷᠭᠡᠳᠭᠡᠨ ᠪᠠᠶᠢᠭᠤᠯᠵᠤ᠂ | ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠢᠴᠢᠯᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ | ᠬᠥᠭᠵᠢᠭᠡᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠳᠤ ᠰᠢᠨ᠎ᠡ ᠵᠢᠡᠭᠦᠳᠬᠦ ᠪᠠ ᠲᠡᠭᠦᠯᠳᠡᠷᠵᠢᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠵᠢᠲ᠋ᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠠᠵᠢᠯ ᠢ | ᠨᠢᠭᠡᠲᠦᠯᠲᠡᠢᠲ᠋ᠦ᠋ᠯᠦᠪᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠨ᠂ ᠠᠵᠢᠯ ᠣᠯᠭᠤᠯᠲᠠ᠂ᠮᠦᠩᠭᠦᠨ ᠭᠦᠢᠯᠭᠡᠭᠡ᠂ | ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠥᠰᠥᠭᠡᠯᠡᠯ ᠢ ᠤᠯᠡᠮᠨᠢᠭᠡ ᠠᠯᠬᠤᠮ ᠲᠣᠭᠲᠠᠪᠤᠷᠢᠵᠢᠭᠤᠯᠵᠤ᠂ ᠵᠠᠬ᠎ᠠ | ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠲᠦᠮᠡᠨ ᠤᠬᠦ᠋ᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ᠂ ᠠᠮᠦᠷ ᠲᠥᠪᠰᠢᠨ | ᠪᠠᠶᠢᠬᠤ ᠰᠡᠳᠬᠢᠭᠳᠡᠯ ᠲᠦᠷᠦᠭᠳᠡᠯ ᠢ ᠨᠢᠨᠡᠮᠡᠭᠳᠡᠭᠦᠯᠦᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠪᠥᠬᠦ | ᠲᠠᠯ᠎ᠠ ᠶᠢᠨ ᠠᠮᠦᠷᠲ᠋ᠣᠭᠲᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠵᠢᠪᠣᠢ | ᠪᠣᠯᠭᠠᠨ ᠥᠭᠴᠦ᠂ ᠰᠢᠯᠢᠳᠡᠭ ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠪᠠᠶᠢᠭᠤᠯᠤᠭᠳᠠᠭᠰᠠᠨ 70 ᠵᠢᠯ ᠤᠨ | ᠣᠢ ᠶᠢ ᠪᠠᠶᠠᠷᠯᠠᠨ ᠪᠡᠯᠭᠡᠯᠡᠶ᠎ᠡ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ᠄ | ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠰᠠᠭᠤᠭᠠᠯᠢᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠦᠰᠦᠯᠲᠡ ᠶᠢᠨ ᠬᠡᠮᠵᠢᠶ᠎ᠠ ᠶᠢ 3% ᠣᠷᠴᠢᠮ ᠪᠠᠶᠢᠯᠭᠠᠵᠤ᠂ ᠬᠤᠲᠠᠬᠦ᠋ᠳᠡᠭᠡ ᠶᠢᠨ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠵᠢᠲ᠋ᠤᠰ ᠲᠤᠰ 7% ᠪᠣᠯᠣᠨ 8% ᠣᠷᠴᠢᠮ ᠨᠡᠮᠡᠭᠳᠡᠭᠦᠯᠦᠨ᠎ᠠ︔ ᠬᠤᠲᠠ ᠪᠠᠯᠭᠠᠰᠤ ᠶᠢᠨ ᠠᠵᠢᠯ | ᠣᠯᠤᠭᠰᠠᠳ ᠢ 22 ᠲᠦᠮᠡᠨᠬᠦ᠋ᠮᠦᠨ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ᠂ | ᠳᠠᠩᠰᠠᠯᠠᠨ ᠲᠡᠮᠲᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5.5% ᠤᠷᠴᠢᠮ ᠪᠠ 4.5% ᠵᠢᠨᠬᠡᠪᠴᠢᠶᠡᠨ ᠳᠤ ᠬᠢᠵᠠᠭᠠᠷᠯᠠᠨ᠎ᠠ︔ | ᠤᠯᠤᠰ ᠠᠴᠠ ᠳᠠᠭᠠᠭᠠᠯᠭᠠᠭᠰᠠᠨ ᠣᠨ ᠤ ᠡᠨᠧᠷᠬᠢ ᠠᠷᠪᠢᠯᠠᠵᠤ ᠪᠤᠬᠢᠷ ᠪᠤᠳᠠᠰᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠᠳᠤ ᠡᠭᠦᠷᠬᠡ ᠶᠢ | ᠪᠡᠶᠡᠯᠡᠭᠦᠯᠦᠨ᠎ᠡ᠃ | ︵ᠨᠢᠬᠡ︶ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠨᠢᠭᠡᠨᠲᠡᠤᠯᠤᠭᠰᠠᠨ ᠦᠷ᠎ᠡ ᠪᠦᠲᠦᠮᠵᠢ ᠪᠠᠨ | ᠪᠠᠬᠢᠵᠢᠭᠦᠯᠵᠦ᠂ ᠳᠤᠪᠤᠶᠢᠮ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢᠲ᠋ᠠᠶᠢᠯᠠᠯᠳᠤᠭᠠᠨ ᠢ ᠰᠠᠶᠢᠲᠤᠷ ᠬᠢᠨ᠎ᠡ᠃ | ︵ᠬᠤᠶᠠᠷ︶ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠢᠯᠡᠳᠬᠦ ᠦᠢᠯᠡᠰ ᠤᠨᠬᠥ᠋ᠭᠵᠢᠯᠲᠡ ᠶᠢᠨ ᠴᠢᠭᠯᠡᠯ ᠢ | ᠣᠨᠣᠪᠴᠢᠲᠠᠢ ᠡᠵᠡᠮᠰᠢᠵᠦ᠂ ᠲᠡᠷᠢᠭᠦᠨ ᠤ ᠦᠢᠯᠡᠳᠬᠦ ᠦᠢᠯᠡᠰ ᠬᠢᠭᠡᠳ ᠣᠳᠣ ᠦᠶ᠎ᠡ ᠵᠢᠨᠦᠢᠯᠡᠴᠢᠯᠡᠭᠡᠨ ᠤ ᠦᠢᠯᠡᠰ ᠤᠨ ᠭᠦᠨᠵᠡᠭᠡᠢ | ᠠᠭᠤᠰᠤᠯᠴᠠᠬᠤ ᠶᠢ ᠠᠬᠢᠭᠤᠯᠤᠨ᠎ᠠ᠃ | ︵ᠭᠤᠷᠪᠠ︶ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠣ ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠵᠢᠦᠷᠭᠡᠣᠡᠭᠡᠨᠠ᠃ | ︵ᠲᠦᠷᠪᠠ︶ ᠭᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠭᠦᠨᠵᠡᠭᠡᠶᠢᠷᠡᠭᠦᠯᠦᠨᠬᠡᠷᠡᠭᠵᠢᠭᠦᠯᠦᠨᠡ᠃ ᠲᠠᠷᠢᠶᠠᠯᠠᠩ | ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠢ ᠡᠩ ᠲᠡᠷᠢᠭᠦᠨ ᠳᠤ ᠬᠥᠭᠵᠢᠭᠦᠯᠵᠦ᠂ᠬᠦᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ | ᠲᠦᠷᠭᠡᠳᠭᠡᠨ ᠠᠬᠢᠭᠤᠯᠤᠨ᠎ᠠ᠃ | ︵ᠲᠠᠪᠤ︶ ᠭᠤᠤᠯᠳᠠᠯᠭ᠎ᠠ ᠲᠠᠢ ᠬᠥᠷᠢᠶ᠎ᠡ ᠴᠠᠷᠠᠭᠠᠨ ᠳᠠᠬᠢ ᠥᠭᠡᠷᠡᠴᠢᠯᠡᠯᠲᠠ ᠶᠢ ᠭᠥᠨᠵᠡᠭᠡᠶᠢᠷᠡᠭᠦᠯᠤᠨᠡ᠃ | ︵ᠵᠢᠷᠭᠤᠭ᠎ᠠ︶ ᠪᠥᠬᠦ ᠲᠠᠯ᠎ᠠ ᠪᠠᠷ ᠭᠠᠳᠠᠭᠠᠳᠤ ᠳᠤ ᠨᠡᠭᠡᠭᠡᠯᠲᠠ ᠬᠢᠬᠦ ᠶᠢ ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦᠡᠷᠴᠢᠮ ᠢᠶᠠᠨ ᠴᠢᠩᠭᠠᠷᠠᠭᠤᠯᠵᠤ᠂ | ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨᠪᠠᠶᠢᠭᠤᠯᠤᠯᠲᠠ ᠶᠢ ᠲᠥᠷᠭᠡᠳᠬᠡᠵᠤ᠂ ︽ᠨᠢᠭᠡ ᠪᠥᠰᠡ ᠨᠢᠭᠡ ᠵᠠᠮ︾ | ᠯᠤᠭ᠎ᠠ ᠭᠦᠨ ᠠᠭᠤᠰᠤᠯᠴᠠᠨ᠂ ᠥᠨᠳᠥᠷ ᠬᠢᠷᠢ ᠲᠥᠪᠰᠢᠨᠪᠥ᠋ᠬᠦᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠲᠠᠢ ᠪᠣᠯᠬᠤ ᠶᠢ ᠠᠬᠢᠭᠤᠯᠤᠨ᠎ᠠ᠃ | ︵ᠳᠣᠯᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠭᠦᠯᠦᠨ ᠬᠦᠴᠦᠷᠬᠡᠭᠵᠢᠭᠦᠯᠦᠨ᠎ᠡ᠃ ︽ᠬᠤᠶᠠᠷ ᠢᠤᠬᠳᠤ ᠭᠤᠶᠢᠪᠢᠰᠢ ᠦᠭᠡᠢ︾ | ᠪᠠᠶᠢᠬᠤ ᠶᠢ ᠪᠠᠷᠢᠮᠲᠠᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠵᠢᠨᠬᠠᠷᠰᠢ ᠰᠠᠭᠠᠳ ᠢ ᠡᠷᠡᠰ ᠠᠷᠢᠯᠭᠠᠵᠤ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠬᠦ ᠬᠦᠴᠦᠨᠪᠠ ᠠᠮᠢᠵᠢᠷᠠᠯ ᠤᠨ ᠬᠦᠴᠦᠨ ᠢ ᠭᠦᠭᠵᠢᠬᠡᠨᠠ᠃ | ︵ᠨᠠᠢᠮᠠ︶ ᠪᠣᠬᠢᠷᠳᠦᠯ ᠦᠭᠡᠢ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠠᠮᠢᠠᠬᠤᠢ ᠶᠢᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠤᠨ᠎ᠠ᠃ | ︵ᠶᠢᠰᠦ︶ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ︵ᠠᠷᠪᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ᠦᠨᠳᠦᠰᠦᠨ ᠰᠠᠭᠤᠷᠢ ᠠᠴᠠ ᠨᠢ | ᠪᠠᠲᠤᠯᠠᠬᠤ ᠶᠢ ᠴᠢᠬᠤᠯᠠᠴᠢᠯᠠᠨ᠂ ᠣᠯᠠᠨ ᠲᠦᠮᠡᠨ ᠤ ᠬᠠᠮᠤᠭ ᠠᠴᠠ ᠠᠩᠬᠠᠷᠤᠨ ᠬᠠᠯᠠᠮᠵᠢᠯᠠᠵᠤᠪᠠᠶᠢᠭᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | |