ᠵᠠᠩ ᠯᠢᠨ ᠯᠢᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠣᠨ ᠬᠡᠰᠡᠭ ᠬᠠᠣᠯᠢ ᠶᠢᠨ ᠡᠷᠬᠡᠲᠡᠨ ᠤ ᠨᠢᠭᠡᠴᠡ  ᠳᠤ ᠭᠦᠨᠵᠡᠭᠡᠶᠢᠷᠡᠵᠦ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠣᠳᠣᠯᠵᠣ ᠵᠢᠯᠣᠭᠤᠳᠣᠯᠭ᠎ᠠ ᠬᠢᠪᠡ
ᠨᠡᠶᠢᠲᠡᠯᠡᠭᠰᠡᠨ ᠴᠠᠭ᠄
2019-01-03
     2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠰᠢᠶᠠᠨ ᠤ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠣᠳᠣᠷᠢᠳᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ ᠵᠠᠩ ᠯᠢᠨ ᠯᠢᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯᠣᠨ ᠬᠡᠰᠡᠭ ᠬᠠᠣᠯᠢ ᠶᠢᠨ ᠡᠷᠬᠡᠲᠡᠨ ᠤ ᠨᠢᠭᠡᠴᠡ ᠳᠤ ᠭᠦᠨᠵᠡᠭᠡᠶᠢᠷᠡᠵᠦ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠣᠳᠣᠯᠵᠣ ᠵᠢᠯᠣᠭᠤᠳᠣᠯᠭ᠎ᠠ ᠬᠢᠪᠡ᠃      ᠵᠠᠩ ᠯᠢᠨ ᠯᠢᠨ ᠠᠮᠠᠷᠠᠯᠲᠠ ᠶᠢᠨ ᠴᠠᠭ ᠢᠶᠠᠨ ᠦᠷᠡᠭᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠭᠤᠷᠬᠠᠶᠢᠯᠠᠨ ᠬᠢᠵᠦ ᠪᠠᠶᠢᠭ᠎ᠠ ᠥᠷᠭᠡᠨ ᠤᠯᠠᠨ ᠪᠠᠶᠢᠴᠠᠭᠠᠭᠴᠢ ᠪᠣᠯᠣᠨ ᠵᠢᠯᠣᠭᠤᠳᠣᠭᠴᠢ ᠨᠠᠷ ᠲᠤ ᠲᠠᠯᠠᠷᠬᠠᠵᠣ ᠪᠠᠶᠢᠭ᠎ᠠ ᠪᠠᠨ ᠢᠯᠡᠳᠬᠡᠪᠡ︔ ᠨᠢᠳᠣᠨᠣᠨ ᠵᠢᠯ ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠪᠠᠶᠢᠴᠠᠭᠠᠯᠲᠠ ᠶᠢᠨ ᠱᠠᠲᠣᠨ ᠳᠤ ᠨᠡᠯᠢᠶᠡᠳ ᠰᠠᠶᠢᠨ ᠦᠷ᠎ᠡ ᠪᠦᠲᠦᠮᠵᠢ ᠣᠯᠵᠣ ᠰᠢᠷᠭᠠᠭᠤ ᠠᠵᠢᠯᠯᠠᠭᠰᠠᠨ ᠪᠠᠶᠢᠴᠠᠭᠠᠭᠴᠢ ᠪᠣᠯᠣᠨ ᠵᠢᠯᠣᠭᠤᠳᠣᠭᠴᠢ ᠨᠠᠷ ᠲᠤ ᠲᠠᠯᠠᠷᠬᠠᠯ ᠳᠡᠪᠰᠢᠭᠦᠯᠪᠡ︔ ᠪᠦᠬᠦ ᠰᠢᠶᠠᠨ ᠤ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠹᠷᠣᠨᠲ ᠳᠤ ᠲᠡᠮᠡᠴᠡᠨ ᠠᠵᠢᠯᠯᠠᠵᠣ ᠪᠠᠶᠢᠭ᠎ᠠ ᠠᠵᠢᠯᠲᠠᠨ ᠠᠵᠢᠯᠴᠢᠨ ᠳᠤ ᠪᠠᠶᠠᠷ ᠨᠠᠶᠢᠷ ᠤᠨ ᠬᠠᠯᠠᠭᠤᠨ ᠮᠡᠨᠳᠦᠴᠢᠯᠡᠯ ᠳᠡᠪᠰᠢᠭᠦᠯᠦᠭᠰᠡᠨ ᠪᠠᠶᠢᠨ᠎ᠠ᠃       ᠵᠠᠩ ᠯᠢᠨ ᠯᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠣᠬᠠᠢ ᠲᠠᠨᠢᠯᠴᠠᠭᠤᠯᠭ᠎ᠠ ᠶᠢ  ᠰᠣᠨᠣᠰᠴᠣ᠂ ᠪᠠᠶᠢᠴᠠᠭᠠᠯᠲᠠ ᠶᠢᠨ ᠱᠠᠲᠣᠨ ᠤ ᠠᠵᠢᠯ ᠢ ᠭᠦᠢᠴᠡᠳ ᠨᠣᠲᠠᠯᠠᠪᠠ᠃ ᠲᠡᠷᠡ ᠱᠠᠭᠠᠷᠳᠠᠭᠰᠠᠨ ᠨᠢ᠂ ᠨᠢᠭᠡ ᠳᠤ ᠲᠤᠭ᠎ᠠ ᠪᠠᠷᠢᠮᠲᠠ ᠶᠢᠨ ᠴᠢᠨᠠᠷ ᠢ ᠪᠠᠲᠣᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠣᠮᠵᠢ ᠪᠣᠯᠣᠨ ᠪᠠᠶᠢᠴᠠᠭᠠᠭᠴᠢ ᠨᠠᠷ ᠳᠠᠩᠰᠠᠯᠠᠵᠣ ᠪᠠᠶᠢᠭ᠎ᠠ ᠦᠶᠡᠰ ᠵᠠᠪᠠᠯ ᠨᠠᠷᠢᠨ ᠬᠢᠨᠠᠮᠠᠭᠠᠢ ᠪᠠᠶᠢᠵᠣ᠂ ᠪᠣᠷᠣᠭᠤ ᠭᠠᠷᠭᠠᠵᠣ ᠪᠣᠯᠬᠤ ᠦᠭᠡᠢ︔ ᠬᠤᠶᠠᠷ ᠲᠤ ᠬᠠᠥᠯᠢ ᠲᠣᠭᠲᠠᠭᠠᠯ ᠶᠣᠰᠣᠭᠠᠷ ᠪᠠᠶᠢᠴᠠᠭᠠᠨ ᠳᠠᠩᠰᠠᠯᠠᠬᠤ ᠠᠵᠢᠯ ᠢ ᠥᠷᠨᠢᠭᠦᠯᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠣᠮᠵᠢ ᠪᠣᠯᠣᠨ ᠪᠠᠶᠢᠴᠠᠭᠠᠭᠴᠢ ᠨᠠᠷ ᠵᠠᠪᠠᠯ ᠦᠨᠡᠨ ᠠᠴᠠ ᠵᠥᠪ ᠢ ᠡᠷᠢᠵᠦ᠂ ᠪᠣᠰᠣᠳᠴᠢ ᠦᠨᠡᠨ ᠪᠣᠲᠠᠲᠠᠢ ᠪᠠᠷ ᠬᠦᠰᠦᠨᠦᠭᠲᠦ ᠶᠢ ᠲᠠᠭᠯᠠᠵᠣ᠂ ᠬᠤᠳᠠᠯ ᠬᠠᠭᠤᠷᠮᠠᠭ ᠵᠦᠢᠯ ᠵᠣᠭᠢᠶᠠᠵᠣ ᠪᠣᠯᠬᠤ ᠦᠭᠡᠢ᠂ ᠵᠠᠪᠠᠯ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠪᠣᠰᠣᠳᠴᠢ ᠦᠨᠡᠨ ᠪᠣᠲᠠᠲᠠᠢ᠂ ᠣᠨᠣᠪᠴᠢᠲᠠᠢ ᠪᠠᠶᠢᠬᠤ ᠶᠢ ᠪᠠᠲᠣᠯᠠᠬᠤ ᠬᠡᠷᠡᠭᠲᠡᠢ︔ ᠭᠤᠷᠪᠠ ᠳᠤ ᠬᠠᠣᠯᠢ ᠶᠢ ᠲᠦᠭᠡᠮᠡᠯᠵᠢᠭᠦᠯᠦᠨ ᠣᠬᠠᠭᠤᠯᠬᠤ ᠶᠢ ᠴᠢᠩᠭᠠᠳᠬᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠬᠠᠣᠯᠢ ᠳᠦᠷᠢᠮ ᠤᠨ ᠣᠬᠠᠭᠤᠯᠭ᠎ᠠ ᠶᠢᠨ ᠬᠦᠴᠦᠯᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠷᠦᠬᠡ ᠪᠣᠯᠭᠠᠨ ᠳᠤ ᠮᠡᠳᠡᠭᠦᠯᠬᠦ ᠠᠵᠢᠯ ᠢ ᠰᠠᠶᠢᠲᠣᠷ ᠬᠢᠵᠦ ᠂ ᠨᠡᠶᠢᠭᠡᠮ ᠤᠨ ᠡᠯ᠎ᠡ ᠡᠲᠡᠭᠡᠳ ᠤᠨ ᠬᠢᠨ ᠣᠨᠴᠠᠭᠠᠶᠢᠯᠠᠨ ᠪᠠᠶᠢᠴᠠᠭᠠᠭᠳᠠᠭᠴᠢ ᠶᠢᠨ ᠳᠡᠮᠵᠢᠯᠭᠡ ᠪᠣᠯᠣᠨ ᠬᠠᠮᠵᠢᠯᠴᠠᠭ᠎ᠠ ᠶᠢ ᠣᠯᠬᠤ ᠬᠡᠷᠡᠭᠲᠡᠢ ᠭᠡᠪᠡ᠃      ᠵᠠᠩ ᠯᠢᠨ ᠯᠢᠨ ᠴᠢᠩᠭᠠᠳᠬᠠᠭᠰᠠᠨ ᠨᠢ᠂ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠬᠤᠢ ᠲᠠᠯᠠᠪᠠᠢ  ᠳᠤ ᠳᠠᠩᠰᠠᠯᠠᠬᠤ ᠠᠵᠢᠯ ᠵᠢᠩᠬᠢᠨᠢ ᠪᠠᠷ ᠡᠬᠢᠯᠡᠬᠦ ᠪᠣᠯᠣᠨ᠎ᠠ᠃ ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠠᠯᠠᠭ᠎ᠠ ᠮᠦᠴᠢᠷ ᠬᠠᠷᠢᠭᠤᠴᠠᠯᠭᠠᠲᠣ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠬᠦᠴᠢᠷ ᠪᠡᠷᠬᠡ ᠶᠢ ᠲᠣᠭᠤᠯᠬᠤ ᠠᠵᠢᠯ ᠤᠨ ᠣᠪᠣᠷ ᠰᠤᠷᠲᠠᠯ ᠢ ᠦᠷᠭᠦᠯᠵᠢᠯᠡᠨ ᠪᠠᠳᠠᠷᠠᠭᠤᠯᠵᠣ᠂ ᠡᠬᠢ ᠰᠣᠷᠪᠣᠯᠵᠢ ᠶᠢᠨ ᠴᠢᠨᠠᠷᠲᠠᠢ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠪᠠᠲᠣᠯᠠᠵᠣ᠂ ᠲᠣᠭᠲᠠᠭᠰᠠᠨ ᠴᠠᠭ ᠤᠨ ᠳᠣᠲᠣᠷ᠎ᠠ ᠳᠠᠩᠰᠠᠯᠠᠬᠤ ᠡᠭᠦᠷᠭᠡ ᠪᠠᠨ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠣᠳᠠᠯ ᠤᠨ ᠬᠤᠷᠢᠶ᠎ᠠ ᠳᠤ ᠬᠠᠨᠣᠮᠵᠢᠲᠠᠢ ᠬᠠᠷᠢᠭᠤᠯᠲᠠ ᠶᠢᠨ ᠬᠠᠭᠤᠲᠠᠰᠣ ᠲᠣᠰᠢᠶᠠᠬᠤ ᠶᠢ ᠪᠠᠲᠣᠯᠠᠬᠤ ᠬᠡᠷᠡᠭᠲᠡᠢ ᠭᠡᠵᠡᠢ᠃      ᠵᠠᠩ ᠯᠢᠨ ᠯᠢᠨ ᠰᠢᠶᠠᠨ ᠪᠠᠯᠭᠠᠰᠣ ᠬᠤᠶᠠᠷ ᠱᠠᠲᠣᠨ ᠤ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠢ ᠬᠠᠮᠲᠣ ᠮᠠᠨ ᠤ ᠰᠢᠶᠠᠨ ᠤ ᠬᠠᠣᠯᠢ ᠶᠢᠨ ᠡᠷᠬᠡᠲᠡᠨ ᠤ ᠨᠢᠭᠡᠴᠡ᠂ ᠠᠵᠣ ᠦᠢᠯᠡᠰ ᠤᠨ ᠠᠵᠢᠯᠯᠠᠭᠠᠨ ᠤ ᠨᠢᠭᠡᠴᠡ ᠪᠣᠯᠣᠨ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠳᠤ ᠭᠦᠨᠵᠡᠭᠡᠶᠢᠷᠡᠵᠦ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠵᠢᠩᠬᠢᠨᠢ ᠪᠠᠷ ᠡᠬᠢᠯᠡᠭᠦᠯᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号