ᠢᠦᠢ ᠴᠢᠦᠸᠠᠨ ᠲᠤᠭᠤᠷᠢᠭ ᠪᠠᠶᠠᠷ ᠤᠨ ᠡᠳᠤᠷ ᠠᠴᠠ ᠡᠮᠦᠨᠡᠬᠢ ᠠᠶᠤᠯ ᠦᠭᠡᠢ ᠣᠶᠢᠯᠡᠳᠪᠣᠷᠢᠯᠡᠯ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-30
     1ᠳ᠋ᠦ᠋ᠭᠡᠷ ᠰᠠᠷ᠎ᠠ ᠶᠢᠨ 22 ᠤ ᠡᠳᠤᠷ᠂ ᠬᠦᠬᠡᠬᠤᠲᠠ ᠶᠢᠨ ᠠᠶᠤᠯ ᠦᠭᠡᠢ ᠣᠶᠢᠯᠡᠳᠪᠣᠷᠢᠯᠡᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠨᠢ ᠣᠶᠢᠷ᠎ᠠ ᠬᠤᠭᠤᠴᠠᠭ᠎ᠠ ᠶᠢᠨ ᠠᠶᠤᠯ ᠦᠭᠡᠢ ᠤᠶᠢᠯᠡᠳᠪᠤᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠦ᠂ ︽ᠴᠠᠭᠠᠨ ᠰᠠᠷ᠎ᠠ︾᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠦᠶ ᠴᠢᠤᠸᠠᠨ ᠲᠣᠭᠤᠷᠢᠭ ᠪᠦᠬᠦ ᠲᠣᠭᠤᠷᠢᠭ ᠤᠨ ᠴᠠᠭᠠᠨ ᠰᠠᠷ᠎ᠠ ᠠᠴᠠ ᠡᠮᠦᠨᠡᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠤᠬᠢᠶᠠᠨ ᠪᠠᠶᠢᠭᠤᠯᠪᠠ᠃      ᠬᠤᠷᠠᠯ ᠠᠴᠠ ᠬᠥᠬᠡᠬᠤᠲᠠ ᠶᠢᠨ ᠠᠶᠤᠯ ᠦᠭᠡᠢ ᠣᠶᠢᠯᠡᠳᠪᠣᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠲᠤᠭᠤᠷᠢᠭ ᠤᠨ 2018 ᠣᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠢ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠤᠭᠤᠷᠢᠭ ᠤᠨ ᠠᠶᠤᠯ ᠦᠭᠡᠢ ᠣᠶᠢᠯᠡᠳᠪᠣᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ 2018 ᠣᠨ ᠤ ᠪᠦᠬᠦ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳ᠋ᠦᠩᠨᠡᠵᠦ᠂ ᠡᠯ᠎ᠡ ᠰᠠᠯᠠᠭ᠎ᠠ ᠮᠥᠴᠢᠷ ᠲᠤᠰ ᠲᠤᠰ ᠤᠨ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠳᠤ ᠳ᠋ᠦᠩᠨᠡᠯᠲᠡ ᠶᠢᠨ ᠶᠠᠷᠢᠶ᠎ᠠ ᠬᠢᠭᠰᠡᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠴᠦ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠠᠶᠤᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠠᠷᠢᠶ᠎ᠠ ᠭᠠᠵᠠᠷ᠂ ᠰᠠᠯᠠᠭ᠎ᠠ ᠮᠥᠴᠢᠷ ᠡᠷᠬᠡᠪᠰᠢ ᠲᠠᠯᠳᠠ ᠠᠶᠤᠯ ᠤᠨ ᠵᠢᠭᠰᠠᠭᠠᠨ ᠪᠠᠶᠢᠴᠠᠭᠠᠬᠤ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠤ ᠳᠠᠯᠳᠠ ᠠᠶᠤᠯ ᠢ ᠣᠯᠵᠤ ᠮᠡᠳᠡᠪᠡᠯ ᠳᠠᠷᠤᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠡᠬᠦᠨᠴᠢᠯᠡᠨ ᠳᠥᠰᠦᠭᠡᠯᠡᠵᠤ᠂ ᠠᠶᠤᠯ ᠥᠭᠡᠢ ᠦᠢᠯᠡᠳᠪᠦᠷᠢᠯᠡᠯ ᠤᠨ ᠳᠤᠲᠠᠭᠳᠠᠯ ᠢ ᠪᠠᠲᠤᠲᠠᠢ ᠨᠦᠬᠦᠪᠦᠷᠢᠯᠡᠬᠦ ᠬᠡᠷᠡᠭᠲᠡᠢ︔ ᠬᠤᠶᠠᠷ ᠲᠤ ᠴᠢᠩᠭ᠎ᠠ ᠪᠥᠭᠡᠳ ᠪᠣᠳᠠᠲᠠᠶ ᠣᠷᠣᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠠᠶᠤᠯ ᠦᠭᠡᠢ ᠣᠶᠢᠯᠡᠳᠪᠣᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢᠨ ᠮᠥᠨ ᠴᠢᠨᠠᠷ ᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠵᠠᠰᠠᠭ ᠤᠨ ᠤᠳᠤᠷᠢᠳᠤᠯᠭ᠎ᠠ ᠨᠢ ᠠᠶᠤᠯ ᠦᠭᠡᠶ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠠᠶᠤᠯ ᠥᠭᠡᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠶ ᠲᠦᠯᠬᠢᠨ ᠠᠬᠢᠭᠤᠯᠬᠤ ᠬᠡᠷᠡᠭᠲᠡᠢ︔ ᠭᠤᠷᠪᠠ ᠳᠤ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠪᠠᠷ ᠵᠢᠵᠢᠭᠦᠷᠯᠡᠨ ᠰᠠᠬᠢᠬᠤ ᠶᠢ ᠬᠦᠢᠴᠡᠳ ᠠᠳᠬᠤᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠡᠯ᠎ᠡ ᠨᠢᠭᠡᠴᠡ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠳᠡᠯ ᠢ ᠪᠠᠴᠢᠮ ᠠᠷᠭᠠᠴᠠᠬᠤ ᠪᠡᠯᠡᠳᠬᠡᠯ ᠲᠥᠰᠦᠯ ᠢ ᠨᠠᠷᠢᠨ ᠬᠢᠨᠠᠮᠠᠭᠠᠶ ᠲᠣᠭᠲᠠᠭᠠᠨ ᠲᠡᠭᠦᠯᠳᠡᠷᠵᠢᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ  ᠪᠣᠯᠣᠨ ᠴᠢᠭᠯᠡᠯᠲᠡ ᠲᠦᠷᠦ ᠶᠢᠨ ᠪᠤᠳᠤᠯᠭ᠎ᠠ ᠶᠢ ᠣᠬᠠᠭᠤᠯᠬᠤ ᠪᠠᠨ ᠴᠢᠩᠭᠠᠳᠬᠠᠵᠤ᠂ ᠲᠤᠰᠬᠠᠢ ᠬᠥᠮᠦᠨ ᠵᠢᠵᠢᠭᠦᠷᠯᠡᠬᠦ  ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠬᠠᠮᠲᠤᠷᠠᠨ ᠵᠢᠵᠢᠭᠦᠷᠯᠡᠬᠦ  ᠪᠣᠯᠣᠨ ᠠᠳᠡᠯ ᠤᠨ ᠲᠤᠰᠬᠠᠶᠢᠯᠠᠨ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠮᠤᠷ ᠲᠦᠪᠰᠢᠨ ᠤ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠢ ᠪᠠᠳᠤᠯᠠᠬᠤ ᠬᠡᠷᠡᠭᠲᠡᠢ ᠭᠡᠪᠡ᠃      ᠬᠠᠮᠢᠶ᠎ᠠ ᠪᠥᠬᠦᠶ ᠲᠤᠭᠤᠷᠢᠭ ᠤᠨ ᠳᠡᠰ ᠤᠨ ᠤᠳᠤᠷᠢᠳᠤᠯᠭ᠎ᠠ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠣᠰ ᠤᠳᠠᠭᠠᠨ ᠤ ᠬᠤᠷᠠᠯ ᠳᠤ ᠣᠷᠣᠯᠴᠠᠪᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号