| ᠬᠦᠬᠡᠬᠤᠲᠠ ᠵᠠᠰᠠᠭ ᠲᠠᠷᠬᠠᠭᠠᠭᠰᠠᠨ〔2018〕28 ᠳ᠋ᠤᠭᠠᠷ ᠲᠣᠭᠠᠲᠤ | 2018 ᠣᠨ ᠤ 5 ᠳ᠋ᠤᠭᠠᠷ ᠰᠠᠷ᠎ᠠ ᠶᠢᠨ 5 ᠤ ᠡᠳᠤᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ᠂ ᠬᠤᠲᠠ ᠶᠢᠨ ᠬᠠᠮᠢᠶ᠎ᠠ ᠪᠥᠬᠦᠢ | ᠰᠠᠯᠠᠭ᠎ᠠ ᠮᠦᠴᠢᠷ᠄ | 《 ᠬᠦᠬᠡᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠡᠲᠡᠬᠡᠳ ᠢ ᠨᠣᠲᠠᠯᠠᠨ | ᠲᠣᠭᠲᠠᠭᠠᠬᠤ ᠲᠦᠷ ᠬᠡᠷᠡᠭᠵᠢᠭᠦᠯᠬᠦ ᠠᠷᠭ᠎ᠠ 》 ᠶᠢ 2018 ᠣᠨ ᠤ 4 ᠳ᠋ᠦ᠋ᠭᠡᠷ ᠰᠠᠷ᠎ᠠ ᠶᠢᠨ 22 ᠤᠨ ᠡᠳᠤᠷ ᠲᠤ | ᠬᠤᠲᠠ ᠶᠢᠨ ᠵᠠᠰᠠᠭ ᠤᠨ ᠣᠷᠳᠤᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠠᠳ᠂ | ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | | | ᠬᠦᠬᠡᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ | ᠡᠲᠡᠬᠡᠳ ᠢ ᠨᠣᠲᠠᠯᠠᠨ ᠲᠣᠭᠲᠠᠭᠠᠬᠤ ᠲᠦᠷ ᠬᠡᠷᠡᠭᠵᠢᠭᠦᠯᠬᠦ ᠠᠷᠭ᠎ᠠ | | ᠨᠢᠭᠡᠳᠦᠭᠡᠷ ᠪᠥᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠠᠴᠠ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠠᠵᠢᠯ ᠢ ᠲᠤᠬᠠᠢ ᠶᠢᠨ ᠭᠠᠵᠠᠷ ᠤᠨ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠳᠤ ᠣᠷᠤᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢ | ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠤᠨ ᠠᠴᠠ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠦ ᠶᠢᠨ ᠪᠣᠳᠤᠯᠭ᠎ᠠ ᠶᠢ ᠲᠣᠭᠲᠠᠭᠠᠬᠤ᠂ ᠪᠡᠯᠡ | ᠮᠥᠩᠭᠦ ᠣᠷᠣᠭᠤᠯᠬᠤ᠂ ᠠᠵᠢᠯ ᠤᠨ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ | ᠡᠭᠦᠷᠭᠡᠯᠡᠵᠤ᠂ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠡᠳᠡᠬᠡᠳ ᠢ ᠬᠢᠨᠠᠨ ᠬᠠᠷᠭᠤᠭᠤᠯᠵᠤ ᠨᠣᠲᠠᠯᠠᠨ ᠲᠣᠭᠲᠠᠭᠠᠬᠤ | ᠠᠵᠢᠯ ᠢ ᠨᠠᠷᠢᠨ ᠬᠢᠨᠠᠮᠠᠭᠠᠢ᠂ ᠨᠠᠷᠢᠯᠢᠭ᠂ ᠪᠥᠬᠦ ᠲᠠᠯ᠎ᠠ ᠪᠠᠷ ᠥᠷᠨᠢᠭᠦᠯᠵᠤ᠂ ᠲᠤᠰᠬᠤᠨ ᠤ ︵ᠰᠠᠭᠤᠭᠠᠯᠢ︶ | ᠠᠷᠠᠳ ᠤᠨ ᠵᠦᠪᠯᠡᠯ ᠠᠴᠠ ᠬᠠᠮᠵᠢᠯᠴᠠᠨ ᠬᠤᠯᠪᠤᠭᠳᠠᠯ ᠪᠥᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠣᠯ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠮᠦᠨ᠃ ᠬᠤᠲᠠ ᠶᠢᠨ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠠᠴᠠ ᠪᠥᠬᠦ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ | ᠲᠥᠷᠦ ᠶᠢᠨ ᠪᠣᠳᠤᠯᠭ᠎ᠠ ᠲᠣᠭᠲᠠᠭᠠᠬᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠯ᠂ ᠬᠢᠨᠠᠯᠲᠠ ᠲᠠᠯᠪᠢᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤ ᠰᠢᠶᠠᠨ ᠲᠣᠭᠤᠷᠢᠭ ᠤᠨ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠣᠷᠤᠨ ᠤ ᠳᠣᠲᠤᠷᠠᠬᠢ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠡᠲᠡᠬᠡᠳ ᠢ ᠬᠢᠨᠠᠨ ᠵᠦᠪᠰᠢᠶᠡᠷᠡᠬᠦ ᠪᠠ ᠬᠢᠨᠠᠯᠲᠠ ᠲᠠᠯᠪᠢᠨ ᠬᠠᠮᠢᠶᠠᠷᠬᠤ ᠠᠵᠢᠯ ᠢ | ᠬᠠᠷᠢᠭᠤᠴᠠᠨ᠎ᠠ︔ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ | ᠵᠠᠰᠠᠭ ᠤᠨ ᠣᠷᠳᠤᠨ ᠲᠤᠰ ᠵᠠᠰᠠᠭ ᠵᠠᠬᠢᠷᠭᠠᠨ ᠤ ᠣᠷᠤᠨ ᠤ ᠳᠣᠲᠤᠷᠠᠬᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠡᠲᠡᠬᠡᠳ ᠢ ᠬᠦᠯᠢᠶᠡᠨ ᠠᠪᠬᠤ᠂ ᠬᠢᠨᠠᠨ ᠬᠠᠷᠭᠤᠭᠤᠯᠬᠤ᠂ ᠳᠠᠬᠢᠨ ᠬᠢᠨᠠᠬᠤ᠂ ᠬᠦᠳᠡᠯᠦᠩᠭᠦᠢ ᠬᠠᠮᠢᠶᠠᠷᠬᠤ ᠵᠡᠷᠭᠡ | ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠵᠦᠢᠯ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠳᠤ ᠪᠠᠲᠤᠯᠠᠬᠤ ᠶᠤᠰᠤᠲᠠᠢ ᠶᠢ ᠨᠢ | ᠠᠯᠢ ᠴᠢᠳᠠᠬᠤ ᠪᠠᠷ ᠪᠠᠲᠤᠯᠠᠬᠤ᠂ ᠭᠠᠷᠭᠠᠬᠤ ᠶᠤᠰᠤᠲᠠᠢ ᠶᠢ ᠨᠢ ᠠᠯᠢ ᠴᠢᠳᠠᠬᠤ ᠪᠠᠷ ᠭᠠᠷᠭᠠᠬᠤ᠂ ᠡᠷᠦᠬᠡ ᠪᠠᠷ ᠨᠢᠭᠡᠴᠡ | ᠪᠣᠯᠭᠠᠵᠤ ᠪᠠᠲᠤᠯᠠᠭ᠎ᠠ ᠶᠢ ᠬᠡᠷᠡᠭᠵᠢᠭᠦᠯᠬᠦ᠂ ᠵᠦᠷᠢᠶ᠎ᠡ ᠪᠠᠷ ᠲᠤᠰᠠᠯᠠᠬᠤ᠂ ᠬᠦᠳᠡᠯᠦᠩᠭᠦᠢ ᠬᠠᠮᠢᠶᠠᠷᠤᠯᠲᠠ ᠶᠢᠨ ᠵᠠᠷᠴᠢᠮ ᠢ | ᠪᠠᠷᠢᠮᠲᠠᠯᠠᠬᠤ ᠬᠡᠷᠡᠭᠲᠡᠢ᠃ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠬᠦᠮᠦᠨ ᠤ ᠳᠤᠮᠳᠠᠴᠢ | ᠨᠥᠬᠦᠪᠦᠷᠢ ᠪᠠᠲᠤᠯᠠᠭ᠎ᠠ ᠶᠢᠨ ᠵᠦᠷᠢᠶ᠎ᠡ ᠮᠥᠩᠭᠦ ᠨᠢ120 ᠲᠥᠭᠦᠷᠢᠭ ᠠᠴᠠ ᠪᠠᠭ᠎ᠠ ᠪᠠᠶᠢᠪᠠᠯ 120 ᠲᠥᠭᠦᠷᠢᠭ ᠤᠨ | ᠨᠥᠬᠦᠪᠦᠷᠢ ᠮᠥᠩᠭᠦ ᠣᠯᠭᠤᠵᠣ᠂ ᠬᠦᠳᠡᠭᠡ ᠲᠤᠰᠬᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ | ᠬᠥᠮᠦᠨ ᠤ ᠳᠣᠮᠳᠠᠴᠢ ᠨᠥᠬᠦᠪᠦᠷᠢ ᠪᠠᠲᠤᠯᠠᠭ᠎ᠠ ᠶᠢᠨ ᠮᠥᠩᠭᠦ ᠶᠢᠨ ᠵᠦᠷᠢᠶ᠎ᠡ ᠨᠢ 100 ᠲᠥᠭᠦᠷᠢᠭ ᠠᠴᠠ ᠪᠠᠭ᠎ᠠ | ᠪᠠᠶᠢᠪᠠᠯ 100 ᠲᠥᠭᠦᠷᠢᠭ ᠤᠨ ᠨᠥᠬᠦᠪᠦᠷᠢ ᠮᠥᠩᠭᠦ ᠣᠯᠭᠤᠨ᠎ᠠ᠃ ᠬᠠᠮᠢᠶᠠᠷᠬᠤ ᠳᠤ ᠳᠥᠭᠦᠮ ᠤᠨ ᠲᠤᠰᠠᠲᠠ᠂ | ᠲᠤᠰᠠᠯᠠᠮᠵᠢ ᠶᠢᠨ ᠮᠥᠩᠭᠦ ᠶᠢ ᠭᠤᠷᠪᠠᠨ ᠲᠥᠷᠦᠯ ᠳᠤ ᠬᠤᠪᠢᠶᠠᠵᠤ᠂ ᠲᠤᠰᠠᠯᠠᠮᠵᠢ ᠶᠢᠨ ᠮᠥᠩᠭᠦ ᠨᠢ ᠪᠠᠲᠤᠯᠠᠭ᠎ᠠ ᠶᠢᠨ | ᠪᠠᠷᠢᠮᠵᠢᠶ᠎ᠠ ᠶᠢᠨ 90% ︵ᠪᠠᠭᠲᠠᠭᠠᠨ᠎ᠠ︶ ᠠᠴᠠ ᠳᠡᠭᠡᠭᠰᠢ ᠪᠣᠯ A ᠲᠥᠷᠦᠯ ᠤᠨ ᠪᠠᠲᠤᠯᠠᠭ᠎ᠠ ᠶᠢᠨ ᠬᠡᠪᠴᠢᠶᠡᠨ ᠳᠤ | ᠣᠷᠤᠭᠤᠯᠵᠤ᠂ ᠲᠤᠰᠠᠯᠠᠮᠵᠢ ᠶᠢᠨ ᠮᠥᠩᠭᠦ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% ︵ᠪᠠᠭᠲᠠᠭᠠᠨ᠎ᠠ︶ ᠠᠴᠠ | ᠳᠡᠭᠡᠭᠰᠢ 90 % ᠳᠣᠷᠤᠭᠰᠢ ᠪᠠᠶᠢᠪᠠᠯ B ᠲᠥᠷᠦᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠵᠤ᠂ | ᠲᠤᠰᠠᠯᠠᠮᠵᠢ ᠶᠢᠨ ᠮᠥᠩᠭᠦ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% ᠠᠴᠠ ᠪᠠᠭ᠎ᠠ ᠪᠣᠯ C ᠲᠥᠷᠦᠯ ᠤᠨ | ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ᠃ | ᠬᠤᠶᠠᠳᠤᠭᠠᠷ ᠪᠥᠯᠦᠭ ᠨᠣᠲᠠᠯᠠᠨ ᠲᠣᠭᠲᠠᠭᠠᠬᠤ ᠨᠥᠬᠦᠴᠡᠯ | ᠳᠦᠷᠪᠡᠳᠦᠭᠡᠷ ᠵᠦᠢᠯ ᠡᠷᠦᠬᠡ ᠠᠮᠠ ᠶᠢᠨ ᠨᠥᠬᠦᠴᠡᠯ᠃ ᠲᠤᠰ ᠠᠷᠭ᠎ᠠ ᠶᠢ ᠬᠦᠬᠡᠬᠤᠲᠠ ᠶᠢᠨ ᠵᠠᠰᠠᠭ | ᠵᠠᠬᠢᠷᠭᠠᠨ ᠤ ᠬᠡᠪᠴᠢᠶᠡᠨ ᠳᠠᠬᠢ ᠲᠤᠰ ᠬᠤᠲᠠ ᠶᠢᠨ ᠡᠷᠦᠬᠡ ᠠᠮᠠ ᠪᠥᠬᠦᠢ ᠶᠠᠳᠠᠭᠤ ᠬᠦᠴᠢᠷᠳᠡᠯᠲᠠᠢ ᠭᠡᠷ ᠪᠦᠯᠢ ᠳᠤ | ᠬᠡᠷᠡᠭᠯᠡᠨ᠎ᠡ᠂ ᠥᠭᠡᠷ᠎ᠡ ᠠᠶᠢᠮᠠᠭ ᠬᠤᠲᠠ ᠠᠴᠠ ᠨᠡᠭᠦᠵᠤ ᠢᠷᠡᠭᠰᠡᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢ | ᠳᠠᠬᠢᠨ ᠨᠣᠲᠠᠯᠠᠨ ᠲᠣᠭᠲᠠᠭᠠᠨ᠎ᠠ᠃ ᠡᠷᠦᠬᠡ ᠠᠮᠠ ᠶᠢᠨ ᠪᠠᠶᠢᠭ᠎ᠠ ᠭᠠᠵᠠᠷ ᠪᠣᠯᠣᠨ ᠣᠷᠤᠰᠢᠨ ᠰᠠᠭᠤᠭ᠎ᠠ ᠭᠠᠵᠠᠷ ᠨᠢ | ᠠᠳᠠᠯᠢ ᠦᠭᠡᠢ ᠭᠡᠷ ᠪᠦᠯᠢ ᠨᠢ ᠡᠷᠦᠬᠡ ᠠᠮᠠ ᠪᠠᠶᠢᠭ᠎ᠠ ᠭᠠᠵᠠᠷ ᠤᠨ ᠢᠶᠠᠨ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠭᠤᠶᠤᠴᠢᠯᠠᠯ ᠳᠡᠪᠰᠢᠭᠦᠯᠬᠦ ᠴᠢᠬᠤᠯᠠᠲᠠᠢ᠃ | ᠲᠠᠪᠤᠳᠤᠭᠠᠷ ᠵᠦᠢᠯ ᠭᠡᠷ ᠪᠦᠯᠢ ᠶᠢᠨ ᠪᠦᠷᠢᠯᠳᠦᠭᠦᠨ ᠤ ᠨᠥᠬᠦᠴᠡᠯ᠃ ᠨᠠᠭᠠᠲᠤ ᠵᠠᠬ᠎ᠠ ᠶᠢᠨ ᠪᠠᠲᠤᠯᠠᠭ᠎ᠠ ᠶᠢ | ᠡᠷᠡᠮᠡᠯᠵᠢᠯᠡᠬᠦ ᠭᠡᠷ ᠪᠦᠯᠢ ᠶᠢᠨ ᠪᠦᠷᠢᠯᠳᠦᠭᠦᠨ ᠨᠢ ᠡᠷᠬᠡᠪᠰᠢ ᠤᠷᠲᠤ ᠬᠤᠭᠤᠴᠠᠭ᠎ᠠ ᠬᠠᠮᠲᠤ ᠠᠮᠢᠳᠤᠷᠠᠭᠰᠠᠨ ᠳᠣᠣᠷ᠎ᠠ | ᠵᠢᠭᠰᠠᠭᠠᠭᠰᠠᠨ ᠪᠦᠷᠢᠯᠳᠦᠭᠦᠨ ᠪᠠᠶᠢᠬᠤ ᠬᠡᠷᠡᠭᠲᠡᠢ᠄ ᠬᠠᠨᠢ ᠨᠥᠬᠦᠷ᠂ ᠨᠠᠰᠤᠨ ᠳᠤ ᠬᠦᠷᠦᠭᠡ ᠦᠭᠡᠢ ᠦᠷ᠎ᠡ ᠬᠡᠤᠬᠡᠳ᠂ | ᠡᠴᠢᠭᠡ ᠡᠬᠡ᠂ ᠨᠠᠰᠤᠨ ᠳᠤ ᠬᠦᠷᠦᠭᠰᠡᠨ ᠴᠦ ᠲᠤᠰᠠᠭᠠᠷ ᠠᠮᠢᠳᠤᠷᠠᠵᠤ ᠴᠢᠳᠠᠬᠤ ᠦᠬᠡᠢ ᠬᠦᠨᠳᠤ ᠡᠪᠡᠳᠴᠢᠨ ᠲᠠᠢ᠂ | ᠬᠦᠨᠳᠤ ᠳᠡᠰ ᠤᠨ ᠵᠡᠮᠳᠡᠭ ᠦᠷ᠎ᠡ ᠬᠡᠤᠬᠡᠳ ᠪᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠶᠡᠭᠡ ᠰᠤᠷᠭᠠᠭᠤᠯᠢ ᠶᠢᠨ | ᠦᠨᠳᠦᠰᠦᠨ ᠠᠩᠬᠢ ᠶᠢᠨ ᠵᠢᠴᠢ ᠡᠭᠦᠨ ᠠᠴᠠ ᠳᠣᠭᠤᠭᠰᠢᠬᠢ ᠰᠤᠷᠤᠯᠭ᠎ᠠ ᠶᠢᠨ ᠬᠢᠷᠢ ᠬᠡᠮᠵᠢᠶ᠎ᠡ ᠲᠠᠢ ᠦᠷ᠎ᠡ ᠬᠡᠤᠬᠡᠳ᠂ | ᠪᠣᠰᠤᠳ ᠬᠠᠤᠯᠢ ᠳᠤ ᠲᠣᠭᠲᠠᠭᠠᠭᠰᠠᠨ ᠠᠰᠠᠷᠠᠨ ᠲᠡᠵᠢᠭᠡᠬᠦ ᠂ ᠬᠠᠷᠠᠭᠠᠯᠵᠠᠨ ᠲᠡᠵᠢᠭᠡᠬᠦ᠂ ᠲᠡᠵᠢᠭᠡᠬᠦ ᠡᠭᠦᠷᠭᠡ ᠶᠢᠨ | ᠬᠠᠷᠢᠴᠠᠭ᠎ᠠ ᠲᠠᠢ ᠪᠥᠭᠡᠳ ᠤᠷᠲᠤ ᠬᠤᠭᠤᠴᠠᠭ᠎ᠠ ᠬᠠᠮᠲᠤ ᠠᠮᠢᠳᠤᠷᠠᠭᠰᠠᠨ ᠬᠥᠮᠦᠨ᠃ | ︵ᠨᠢᠭᠡ︶ ᠶᠠᠳᠠᠭᠤ ᠬᠦᠴᠢᠷᠳᠡᠯᠲᠠᠢ ᠭᠡᠷ ᠪᠦᠯᠢ ᠶᠢᠨ ᠳᠣᠲᠤᠷ᠎ᠠ᠂ ᠭᠡᠷ ᠪᠦᠯᠢ ᠶᠢᠨ ᠠᠰᠠᠷᠠ ᠲᠡᠵᠢᠭᠡᠬᠦ ᠳᠤ | ᠲᠦᠰᠢᠭᠯᠡᠵᠦ ᠪᠣᠢ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠨᠠᠰᠤᠨ ᠳᠤ ᠬᠦᠷᠦᠭᠰᠡᠨ ᠬᠦᠨᠳᠤ ᠡᠪᠡᠳᠴᠢᠨ ᠲᠠᠢ᠂ | ᠬᠦᠨᠳᠤ ᠳᠡᠰ ᠤᠨ ᠵᠡᠮᠳᠡᠭ ᠦᠷ᠎ᠡ ᠬᠡᠤᠬᠡᠳ ᠢ ᠲᠤᠰᠠᠭᠠᠷ ᠡᠷᠦᠬᠡ ᠪᠠᠷ ᠦᠵᠡᠵᠤ᠂ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠭᠤᠶᠤᠴᠢᠯᠠᠵᠤ ᠪᠣᠯᠤᠨ᠎ᠠ︔ | ︵ᠬᠤᠶᠠᠷ︶ ᠤᠷᠲᠤ ᠬᠤᠭᠤᠴᠠᠭ᠎ᠠ ᠪᠠᠷ ᠨᠠᠰᠤᠲᠠᠨ ᠲᠠᠢ ᠬᠠᠮᠲᠤ ᠠᠮᠢᠳᠤᠷᠠᠭᠰᠠᠨ ᠣᠮᠪᠤᠯᠤ ︵ᠵᠢᠭᠡ ᠣᠮᠪᠤᠯᠤ | ︶ ᠶᠢᠨ ᠡᠴᠢᠭᠡ ᠡᠬᠡ ᠶᠢᠨ ᠬᠢᠨ ᠤ ᠨᠢᠭᠡ ᠨᠢ ᠨᠠᠰᠤ ᠪᠠᠷᠠᠬᠤ᠂ ᠡᠷᠡᠭᠦᠤ ᠰᠢᠢᠳᠬᠡᠯ ᠭᠦᠢᠴᠡᠳᠭᠡᠬᠦ᠂ ᠯᠠᠮᠠ ᠬᠤᠸᠠᠷᠠᠭ | ᠪᠣᠯᠬᠤ᠂ ᠠᠯᠠᠭ᠎ᠠ ᠪᠣᠯᠤᠭᠰᠠᠨ ᠥᠶ᠎ᠡ ᠳᠤ ᠨᠥᠭᠦᠭᠡᠳᠦᠬᠢ ᠨᠢ ᠳᠠᠬᠢᠨ ᠤᠷᠤᠭᠯᠠᠪᠠᠯ᠂ ᠲᠤᠰ ᠭᠡᠷ ᠪᠦᠯᠢ ᠶᠢᠨ | ᠨᠠᠰᠤᠨ ᠳᠤ ᠬᠦᠷᠦᠭᠡ ᠦᠭᠡᠢ ᠦᠷ᠎ᠡ ᠬᠡᠤᠬᠡᠳ᠂ ᠡᠴᠢᠭᠡ ᠡᠬᠡ ᠶᠢᠨ ᠬᠢᠨ ᠤ ᠨᠢᠭᠡ ᠡᠲᠡᠬᠡᠳ ᠤᠨ ᠠᠰᠠᠷᠠᠨ ᠲᠡᠵᠢᠭᠡᠬᠦ | ᠵᠠᠷᠤᠳᠠᠯ ︵ᠠᠰᠠᠷᠠᠨ ᠲᠡᠵᠢᠭᠡᠬᠦ ᠵᠠᠷᠤᠳᠠᠯ ᠢᠶᠠᠷ ᠯᠠᠪᠯᠠᠯᠲᠠ ᠪᠤᠯᠭᠠᠨ᠎ᠠ︶ ᠢ ᠭᠡᠷ ᠪᠦᠯᠢ ᠶᠢᠨ ᠣᠷᠤᠯᠭ᠎ᠠ ᠳᠤ ᠪᠠᠭᠲᠠᠭᠠᠵᠤ | ᠂ ᠣᠮᠪᠣᠯᠣ ︵ᠵᠢᠭᠡ ᠣᠮᠪᠣᠯᠣ︶ ᠳᠤ ᠨᠢ ᠲᠤᠰᠠᠭᠠᠷ ᠵᠦᠷᠢᠶᠡᠲᠤ ᠪᠠᠲᠤᠯᠠᠭ᠎ᠠ ᠣᠯᠭᠤᠵᠤ᠂ ᠨᠠᠰᠤᠨ ᠳᠤ ᠬᠦᠷᠦᠭᠰᠡᠨ | ᠰᠤᠷᠭᠠᠭᠤᠯᠢ ᠳᠤ ᠪᠠᠶᠢᠭ᠎ᠠ ᠰᠤᠷᠤᠭᠴᠢ ︵ᠰᠣᠳᠤᠯᠬᠤ ᠰᠤᠷᠤᠭᠴᠢ ᠶᠢ ᠪᠠᠭᠲᠠᠭᠠᠬᠤ ᠦᠭᠡᠢ︶ ᠳᠤ ᠲᠤᠰᠠᠭᠠᠷ ᠪᠥᠬᠦ | ᠲᠣᠭᠠᠨ ᠤ ᠪᠠᠲᠤᠯᠠᠭ᠎ᠠ ᠣᠯᠭᠤᠨ᠎ᠠ︔ ᠡᠴᠢᠭᠡ ᠡᠬᠡ ᠨᠢ ᠪᠦᠷ ᠠᠯᠠᠭ᠎ᠠ ᠪᠤᠯᠵᠤ᠂ ᠳᠣᠲᠤᠭᠠᠳᠤ ᠶᠢ ᠬᠠᠮᠠᠭᠠᠯᠠᠬᠤ | ᠰᠠᠯᠠᠭ᠎ᠠ ᠮᠦᠴᠢᠷ ᠠᠴᠠ ᠭᠡᠷᠡᠴᠢ ᠪᠢᠴᠢᠭ ᠬᠠᠩᠭᠠᠵᠤ᠂ ᠥᠨᠦᠴᠢᠨ ᠬᠡᠤᠬᠡᠳ ᠤᠨ ᠲᠤᠰᠠᠯᠠᠮᠵᠢ ᠭᠤᠶᠤᠴᠢᠯᠠᠭᠰᠠᠨ︔ | ᠳᠣᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠭᠡᠷᠡᠴᠢ ᠪᠢᠴᠢᠭ ᠬᠠᠩᠭᠠᠵᠤ ᠳᠡᠶᠢᠯᠬᠦ ᠦᠭᠡᠢ᠂ ᠲᠤᠰᠬᠤᠨ ᠤ | ︵ᠰᠠᠭᠤᠭᠠᠯᠢ︶ ᠠᠷᠠᠳ ᠤᠨ ᠵᠦᠪᠯᠡᠯ ᠠᠴᠠ ᠭᠡᠷᠡᠴᠢ ᠪᠢᠴᠢᠭ ᠭᠠᠷᠭᠠᠵᠤ᠂ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠣᠬᠢᠶᠠᠨ ᠪᠠᠶᠢᠭᠤᠯᠤᠯᠲᠠ ᠠᠴᠠ ᠠᠷᠠᠳᠴᠢᠯᠠᠯ ᠢᠶᠠᠷ ᠦᠨᠡᠯᠡᠵᠤ | ᠨᠣᠲᠠᠯᠠᠨ ᠲᠣᠭᠲᠠᠭᠠᠭᠰᠠᠨ ᠪᠠᠶᠢᠪᠠᠯ ᠲᠤᠰᠠᠭᠠᠷ ᠳᠤ ᠨᠢ ᠪᠥᠬᠦ ᠲᠣᠭᠠᠨ ᠤ ᠪᠠᠲᠤᠯᠠᠭ᠎ᠠ ᠣᠯᠭᠤᠵᠤ ᠪᠣᠯᠤᠨ᠎ᠠ᠃ | ᠵᠢᠷᠭᠤᠳᠤᠭᠠᠷ ᠵᠦᠢᠯ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠰᠠᠯᠠᠮᠵᠢ ᠶᠢ ᠭᠤᠶᠤᠴᠢᠯᠠᠬᠤ ᠭᠡᠷ | ᠪᠦᠯᠢ ᠶᠢᠨ ᠬᠠᠩᠭᠠᠬᠤ ᠴᠢᠬᠤᠯᠠᠲᠠᠢ ᠪᠢᠴᠢᠭ ᠮᠠᠲ᠋ᠧᠷᠢᠶᠠᠯ᠃ ᠡᠷᠦᠬᠡ ᠶᠢᠨ ᠡᠵᠡᠨ ᠪᠣᠶᠤ ᠣᠷᠤᠯᠠᠨ | ᠭᠦᠢᠴᠡᠳᠬᠡᠭᠴᠢ ᠠᠴᠠ ᠡᠷᠦᠬᠡ ᠠᠮᠠ ᠪᠠᠶᠢᠭ᠎ᠠ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ︶ ᠳᠤ ᠪᠢᠴᠢᠭ ᠤᠨ ᠭᠤᠶᠤᠴᠢᠯᠠᠯ ᠭᠠᠷᠭᠠᠬᠤ ᠪᠥᠭᠡᠳ ᠳᠣᠣᠷᠠᠬᠢ ᠪᠢᠴᠢᠭ ᠮᠠᠲ᠋ᠧᠷᠢᠶᠠᠯ ᠢ ᠬᠠᠩᠭᠠᠨ᠎ᠠ᠄ ᠭᠡᠷ ᠪᠦᠯᠢ ᠶᠢᠨ | ᠡᠷᠦᠬᠡ ᠠᠮᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ ᠤᠷᠤᠭ | ᠰᠠᠯᠤᠭᠰᠠᠨᠨ ᠭᠡᠷᠡᠴᠢ ︵ᠲᠠᠰᠤᠯᠠᠯᠲᠠ ᠶᠢᠨ ᠪᠢᠴᠢᠭ︶᠂ ᠵᠡᠮᠳᠡᠭ ᠤᠨ ᠦᠨᠡᠮᠯᠡᠯ᠂ ᠰᠤᠷᠭᠠᠭᠤᠯᠢ ᠶᠢᠨ ᠭᠡᠷᠡᠴᠢ ᠲᠡᠮᠳᠡᠭ | ᠂ ᠠᠵᠢᠯ ᠣᠯᠣᠭᠰᠠᠨ ᠪᠠᠶᠢᠳᠠᠯ ᠤᠨ ᠭᠡᠷᠡᠴᠢ ᠲᠡᠮᠳᠡᠭ᠂ ᠡᠪᠡᠳᠴᠢᠨ ᠤ ᠪᠠᠶᠢᠳᠠᠯ ᠤᠨ ᠣᠨᠤᠰᠢᠯᠠᠯᠲᠠ ᠶᠢᠨ ᠪᠢᠴᠢᠭ᠂ | ᠠᠷᠬᠠᠭ ᠡᠪᠡᠳᠴᠢᠨ ᠤ ᠭᠠᠷ ᠳᠡᠪᠲᠡᠷ᠂ ᠭᠡᠷ ᠪᠦᠯᠢ ᠶᠢᠨ ᠣᠷᠤᠯᠭ᠎ᠠ ᠶᠢᠨ ᠭᠡᠷᠡᠴᠢ ︵ᠲᠣᠭᠲᠠᠭᠰᠠᠨ ᠠᠵᠢᠯ ᠲᠠᠢ ᠪᠣᠯ | ᠣᠶᠢᠷ᠎ᠠ ᠶᠢᠨ ᠭᠤᠷᠪᠠᠨ ᠰᠠᠷ᠎ᠠ ᠶᠢᠨ ᠪᠠᠩᠬᠢ ᠶᠢᠨ ᠲᠠᠮᠠᠭ᠎ᠠ ᠪᠥᠬᠦᠢ ᠴᠠᠯᠢᠩ ᠣᠯᠭᠤᠮᠵᠢ ᠶᠢᠨ ᠴᠣᠪᠤᠷᠠᠭᠤᠯ ᠳᠠᠩᠰᠠ ᠶᠢ | ᠬᠠᠩᠭᠠᠨ᠎ᠠ︶ ᠵᠡᠷᠭᠡ ᠪᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ | ᠬᠠᠩᠭᠠᠬᠤ ᠴᠢᠬᠤᠯᠠᠲᠠᠢ ᠭᠡᠷᠡᠴᠢ ᠪᠢᠴᠢᠭ᠃ | ᠭᠤᠷᠪᠠᠳᠤᠭᠠᠷ ᠪᠥᠯᠦᠭ ᠭᠡᠷ ᠪᠦᠯᠢ ᠶᠢᠨ ᠣᠷᠤᠯᠭ᠎ᠠ | ᠳᠣᠯᠤᠳᠤᠭᠠᠷ ᠵᠦᠢᠯ ᠬᠤᠪᠢ ᠬᠥᠮᠦᠨ ᠤ ᠬᠦᠳᠡᠯᠮᠦᠷᠢ ᠶᠢᠨ ᠬᠦᠴᠦᠨ ᠤ ᠢᠯᠡᠳᠬᠡᠮᠵᠢ ᠨᠢ ᠨᠠᠰᠤ᠂ | ᠵᠡᠮᠳᠡᠭ ᠤᠨ ᠬᠡᠮᠵᠢᠶ᠎ᠡ᠂ ᠡᠪᠡᠳᠴᠢᠨ ᠤ ᠪᠠᠶᠢᠳᠠᠯ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠠᠴᠠ ᠲᠣᠭᠲᠠᠭᠠᠭᠳᠠᠨ᠎ᠠ | ︵ᠬᠦᠨᠳᠤ ᠣᠨᠴᠠ ᠶᠡᠭᠡ ᠡᠪᠡᠳᠴᠢᠨ ᠣᠯᠣᠭᠠᠳ 3 ᠵᠢᠯ ᠪᠣᠯᠣᠭᠰᠠᠨ᠂ ᠬᠦᠳᠡᠯᠮᠦᠷᠢᠯᠡᠬᠦ ᠴᠢᠳᠠᠪᠤᠷᠢ ᠲᠠᠢ ᠪᠣᠯ | ᠠᠷᠬᠠᠭ ᠡᠪᠡᠳᠴᠢᠨ ᠢᠶᠠᠷ ᠪᠣᠳᠤᠨ᠎ᠠ︶᠂ ᠪᠥᠬᠦᠯᠢ 65 ᠨᠠᠰᠤ ᠬᠦᠷᠦᠭᠰᠡᠨ ᠲᠣᠭᠲᠠᠭᠰᠠᠨ ᠣᠷᠤᠯᠭ᠎ᠠ ᠦᠭᠡᠢ ᠪᠣᠯ | ᠬᠦᠳᠡᠯᠮᠦᠷᠢᠯᠡᠬᠦ ᠴᠢᠳᠠᠪᠤᠷᠢ ᠦᠭᠡᠢ ᠪᠠᠷ ᠦᠵᠡᠨ᠎ᠡ᠃ | ᠨᠠᠢᠮᠠᠳᠤᠭᠠᠷ ᠵᠦᠢᠯ ᠬᠦᠳᠡᠯᠮᠦᠷᠢ ᠶᠢᠨ ᠬᠦᠴᠦᠨ ᠤ ᠢᠯᠡᠳᠬᠡᠮᠵᠢ᠃ ᠲᠠᠷᠢᠶᠠᠯᠠᠩ ᠤᠨ ᠣᠷᠤᠯᠭ᠎ᠠ ᠪᠣᠯᠣᠨ | ᠭᠠᠳᠠᠭᠰᠢ ᠭᠠᠷᠴᠤ ᠬᠦᠴᠤ ᠶᠠᠪᠤᠭᠰᠠᠨ ᠣᠷᠤᠯᠭ᠎ᠠ ᠶᠢ ᠬᠦᠳᠡᠯᠮᠦᠷᠢ ᠶᠢᠨ ᠬᠦᠴᠦᠨ ᠤ ᠢᠯᠡᠳᠬᠡᠮᠵᠢ ᠶᠢᠨ ᠠᠷᠭ᠎ᠠ ᠪᠠᠷ | ᠣᠷᠤᠯᠭ᠎ᠠ ᠶᠢ ᠪᠣᠳᠤᠵᠤ᠂ ᠪᠤᠳᠠᠲᠠᠢ ᠣᠷᠤᠯᠭ᠎ᠠ ᠲᠠᠢ ᠨᠡᠯᠢᠶᠡᠳ ᠵᠦᠷᠢᠶ᠎ᠡ ᠲᠠᠢ ᠪᠠᠶᠢᠬᠤ ᠦᠶᠡᠰ ᠪᠤᠳᠠᠲᠠᠢ | ᠣᠷᠤᠯᠭ᠎ᠠ ᠪᠠᠷ ᠪᠣᠳᠤᠨ᠎ᠠ᠃ | ︵ᠨᠢᠭᠡ︶ ᠬᠦᠳᠡᠭᠡ ᠲᠤᠰᠬᠤᠨ ᠤ ᠡᠩ ᠤᠨ ᠭᠡᠷ ᠪᠦᠯᠢ ᠶᠢᠨ ᠣᠷᠤᠯᠭ᠎ᠠ ᠶᠢᠨ ᠲᠣᠭᠠᠴᠠᠭ᠎ᠠ᠃ ᠡᠯ᠎ᠡ | ᠬᠤᠰᠢᠭᠤ ᠰᠢᠶᠠᠨ ᠲᠣᠭᠤᠷᠢᠭ ᠳᠡᠭᠡᠷ᠎ᠡ ᠵᠢᠯ ᠤᠨ ᠲᠤᠰ ᠭᠠᠵᠠᠷ ᠤᠨ ᠪᠦᠷᠢᠳᠬᠡᠯ ᠤᠨ ᠣᠨ ᠤ ᠣᠶᠢᠯᠠᠪᠤᠷᠢ ᠳᠤ | ᠨᠡᠶᠢᠲᠡᠯᠡᠭᠰᠡᠨ ᠲᠠᠷᠢᠶᠠᠴᠢᠳ ᠤᠨ ᠳᠤᠮᠳᠠᠴᠢ ᠴᠡᠪᠡᠷ ᠣᠷᠤᠯᠭ᠎ᠠ ᠪᠠᠷ ᠰᠠᠭᠤᠷᠢ ᠲᠤᠭ᠎ᠠ ᠪᠣᠯᠭᠠᠵᠤ᠂ ᠭᠠᠵᠠᠷ ᠣᠷᠤᠨ ᠤ | ᠲᠥᠷᠦᠯ ᠬᠤᠪᠢᠶᠠᠭᠰᠠᠨ ᠬᠠᠷᠢᠴᠠᠯ ᠢᠶᠠᠷ ᠦᠷᠡᠵᠢᠭᠦᠯᠵᠤ᠂ ᠬᠠᠮᠤᠭ ᠡᠴᠦᠰ ᠲᠤ ᠨᠢ ᠲᠤᠰ ᠭᠠᠵᠠᠷ ᠤᠨ | ᠲᠠᠷᠢᠶᠠᠴᠢᠳ ᠤᠨ ᠳᠤᠮᠳᠠᠴᠢ ᠴᠡᠪᠡᠷ ᠣᠷᠤᠯᠭ᠎ᠠ ᠶᠢᠨ ᠭᠦᠢᠴᠡᠳᠬᠡᠯ ᠲᠤᠭ᠎ᠠ ᠶᠢ ᠪᠣᠳᠤᠵᠤ ᠭᠠᠷᠭᠠᠨ᠎ᠠ᠃ ᠡᠯ᠎ᠡ | ᠬᠤᠰᠢᠭᠤ ᠰᠢᠶᠠᠨ ᠲᠣᠭᠤᠷᠢᠭ ᠶᠢᠨ ᠬᠢᠨ ᠵᠢᠯ ᠪᠦᠷᠢ ᠲᠥᠷᠦᠯ ᠬᠤᠪᠢᠶᠠᠭᠰᠠᠨ ᠬᠠᠷᠢᠴᠠᠯ ᠢ ᠦᠨᠳᠦᠰᠦᠯᠡᠨ | ᠭᠦᠢᠴᠡᠳᠬᠡᠯ ᠲᠤᠭ᠎ᠠ ᠪᠠᠷᠢᠮᠲᠠ ᠲᠣᠭᠲᠠᠭᠠᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ | ᠳᠠᠩᠰᠠᠯᠠᠭᠤᠯᠤᠨ᠎ᠠ᠂ ᠬᠡᠷᠪᠡ ᠬᠤᠰᠢᠭᠤ ᠰᠢᠶᠠᠨ ᠲᠣᠭᠤᠷᠢᠭ ᠤᠨ ᠬᠤᠭᠤᠷᠤᠨᠳᠤᠬᠢ ᠬᠦᠳᠡᠭᠡ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠤᠯᠭ᠎ᠠ ᠶᠢᠨ ᠵᠦᠷᠢᠶ᠎ᠡ ᠨᠡᠯᠢᠶᠡᠳ ᠶᠡᠭᠡ ᠪᠠᠶᠢᠪᠠᠯ᠂ ᠰᠢᠶᠠᠩ | ᠪᠠᠯᠭᠠᠰᠤ ᠶᠢ ᠦᠨᠳᠦᠰᠦᠯᠡᠨ ᠭᠦᠢᠴᠡᠳᠬᠡᠯ ᠲᠤᠭ᠎ᠠ ᠲᠣᠭᠲᠠᠭᠠᠵᠤ ᠪᠣᠯᠤᠨ᠎ᠠ᠃ ᠬᠦᠳᠡᠭᠡ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠤᠯᠭ᠎ᠠ ᠶᠢᠨ ᠲᠣᠭᠠᠴᠠᠭᠠᠨ ᠤ ᠠᠷᠭ᠎ᠠ᠄ ᠬᠤᠪᠢ ᠬᠥᠮᠦᠨ ᠤ ᠵᠢᠯ ᠤᠨ | ᠣᠷᠤᠯᠭ᠎ᠠ = ᠬᠤᠪᠢ ᠬᠥᠮᠦᠨ ᠤ ᠬᠦᠳᠡᠯᠮᠦᠷᠢ ᠶᠢᠨ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ | ᠭᠠᠵᠠᠷ ᠤᠨ ᠲᠠᠷᠢᠶᠠᠴᠢᠳ ᠤᠨ ᠳᠤᠮᠳᠠᠴᠢ ᠴᠡᠪᠡᠷ ᠣᠷᠤᠯᠭ᠎ᠠ ᠶᠢᠨ ᠭᠦᠢᠴᠡᠳᠬᠡᠯ ᠲᠤᠭ᠎ᠠ᠃ | ︵ᠬᠤᠶᠠᠷ︶ ᠬᠦᠴᠦ ᠶᠠᠪᠤᠭᠴᠢ ᠶᠢᠨ ᠣᠷᠤᠯᠭ᠎ᠠ ᠶᠢᠨ ᠲᠣᠭᠠᠴᠠᠭᠠᠨ ᠤ ᠠᠷᠭ᠎ᠠ᠃ ᠬᠤᠪᠢ ᠬᠥᠮᠦᠨ ᠤ | ᠵᠢᠯ ᠤᠨ ᠣᠷᠤᠯᠭ᠎ᠠ = ᠬᠤᠪᠢ ᠬᠥᠮᠦᠨ ᠤ ᠵᠢᠯ ᠤᠨ ᠣᠷᠤᠯᠭ᠎ᠠ × ᠳᠡᠭᠡᠷ᠎ᠡ ᠵᠢᠯ ᠤᠨ ᠲᠤᠰ ᠭᠠᠵᠠᠷ ᠤᠨ ᠬᠠᠮᠤᠭ | ᠳᠣᠣᠷ᠎ᠠ ᠴᠠᠯᠢᠩ ᠣᠯᠭᠤᠮᠵᠢ ᠶᠢᠨ ᠪᠠᠷᠢᠮᠵᠢᠶ᠎ᠠ × 6-10 ᠰᠠᠷ᠎ᠠ ︵ᠬᠦᠴᠦ ᠶᠠᠪᠤᠭᠰᠠᠨ ᠴᠠᠭ ᠢᠶᠠᠷ ᠪᠠᠷᠢᠮᠵᠢᠶᠠᠯᠠᠨ᠎ᠠ︶ | ᠃ | ︵ᠭᠤᠷᠪᠠ︶ ᠲᠡᠵᠢᠭᠡᠪᠦᠷᠢ ᠶᠢᠨ ᠣᠷᠤᠯᠭ᠎ᠠ ᠶᠢ ᠪᠤᠳᠠᠲᠠᠢ ᠣᠷᠤᠯᠭ᠎ᠠ ᠪᠠᠷ ᠪᠣᠳᠤᠨ᠎ᠠ᠃ | ︵ᠳᠥᠷᠪᠡ︶ ᠪᠥᠬᠦᠯᠢ 60 ᠨᠠᠰᠤᠨ ᠠᠴᠠ ᠳᠡᠭᠡᠭᠰᠢᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ | ᠤᠯᠤᠰ ᠤᠨ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠵᠡᠷᠭᠡ ᠰᠢᠯᠵᠢᠯᠲᠡ ᠶᠢᠨ ᠴᠢᠨᠠᠷᠲᠠᠢ | ᠣᠷᠤᠯᠭ᠎ᠠ ᠶᠢ ᠪᠣᠳᠠᠲᠠᠢ ᠭᠠᠷᠳᠠᠨ ᠠᠪᠤᠭᠰᠠᠨ ᠲᠤᠭ᠎ᠠ ᠪᠠᠷ ᠪᠣᠳᠤᠨ᠎ᠠ ︵ᠠᠷᠪᠠᠨ ᠭᠤᠷᠪᠠᠳᠤᠭᠠᠷ ᠲᠠᠪᠤᠨ ᠵᠢᠯ ᠤᠨ | ᠬᠤᠭᠤᠴᠠᠭᠠᠨ ᠳᠠᠬᠢ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠶᠢ ᠭᠡᠷ ᠪᠦᠯᠢ ᠶᠢᠨ ᠣᠷᠤᠯᠭ᠎ᠠ ᠳᠤ ᠪᠣᠳᠤᠵᠤ | ᠣᠷᠤᠭᠤᠯᠬᠤ ᠦᠭᠡᠢ︶᠃ | ︵ᠲᠠᠪᠤ︶ ᠭᠠᠵᠠᠷ ᠰᠢᠷᠤᠢ᠂ ᠭᠡᠷ ᠪᠠᠶᠢᠰᠢᠩ ᠢ ᠲᠦᠷᠢᠶᠡᠰᠦᠯᠡᠬᠦ᠂ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ | ᠵᠡᠷᠭᠡ ᠡᠳ᠋ ᠬᠥᠷᠦᠩᠭᠡ ᠶᠢᠨ ᠴᠢᠨᠠᠷᠲᠠᠢ ᠣᠷᠤᠯᠭ᠎ᠠ ᠶᠢ ᠪᠤᠳᠠᠲᠠᠢ ᠲᠤᠭ᠎ᠠ ᠬᠡᠮᠵᠢᠶ᠎ᠡ ᠪᠠᠷ ᠪᠣᠳᠤᠨ᠎ᠠ᠃ | ︵ᠵᠢᠷᠭᠤᠭ᠎ᠠ︶ ᠭᠡᠷ ᠪᠦᠯᠢ ᠶᠢᠨ ᠳᠣᠲᠤᠷᠠᠬᠢ ᠨᠠᠰᠤᠨ ᠳᠤ ᠬᠦᠷᠦᠭᠡ ᠦᠭᠡᠢ ᠦᠷ᠎ᠡ ᠬᠡᠤᠬᠡᠳ ᠬᠦᠨᠳᠣ | ᠣᠨᠴᠠ ᠶᠡᠭᠡ ᠡᠪᠡᠳᠴᠢᠨ ᠣᠯᠤᠭᠰᠠᠨ ᠪᠣᠶᠣ ᠬᠦᠨᠳᠤ ᠳᠡᠰ ᠤᠨ ᠵᠡᠮᠳᠡᠭ ᠪᠣᠯᠤᠭᠰᠠᠨ᠂ ᠡᠬᠡ ᠡᠴᠢᠭᠡ ᠶᠢᠨ ᠬᠢᠨᠢ | ᠨᠢᠭᠡ ᠨᠢ ᠨᠠᠰᠤ ᠪᠠᠷᠠᠭᠰᠠᠨ ᠪᠠᠶᠢᠪᠠᠯ《 ᠬᠦᠳᠡᠯᠮᠦᠷᠢ ᠶᠢᠨ ᠬᠦᠴᠦᠨ ᠤ ᠢᠯᠡᠳᠬᠡᠮᠵᠢ》 ᠶᠢᠨ ᠬᠠᠭᠠᠰ ᠢ ᠨᠢ | ᠬᠠᠰᠣᠵᠣ ᠣᠷᠤᠯᠭ᠎ᠠ ᠶᠢ ᠪᠣᠳᠤᠨ᠎ᠠ᠂ ᠲᠣᠭᠲᠠᠭᠰᠠᠨ ᠣᠷᠤᠯᠭ᠎ᠠ ᠲᠠᠢ ᠪᠣᠯ ᠪᠣᠳᠠᠲᠠᠢ ᠣᠷᠤᠯᠭ᠎ᠠ ᠪᠠᠷ ᠨᠢ ᠪᠣᠳᠤᠨ᠎ᠠ᠃ | ︵ᠳᠣᠯᠤᠭ᠎ᠠ︶ ᠡᠷ᠎ᠡ ᠡᠮ᠎ᠡ ᠬᠤᠶᠠᠷ ᠤᠨ ᠨᠢᠭᠡ ᠨᠢ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠦᠨᠳᠤ | ᠣᠨᠴᠠ ᠶᠡᠭᠡ ᠡᠪᠡᠳᠴᠢᠨ ᠣᠯᠤᠭᠰᠠᠨ ᠪᠣᠶᠤ ᠬᠦᠨᠳᠤ ᠳᠡᠰ ᠤᠨ ᠵᠡᠮᠳᠡᠭ ᠪᠣᠯ ᠬᠠᠨᠢ ᠨᠥᠬᠦᠷ ᠤᠨ ᠬᠢᠨᠢ《 | ᠬᠦᠳᠡᠯᠮᠦᠷᠢ ᠶᠢᠨ ᠬᠦᠴᠦᠨ ᠤ ᠢᠯᠡᠳᠬᠡᠮᠵᠢ》 ᠶᠢ ᠬᠠᠭᠠᠰ ᠢᠶᠠᠷ ᠪᠣᠳᠤᠵᠤ᠂ ᠲᠣᠭᠲᠠᠭᠰᠠᠨ ᠣᠷᠤᠯᠭ᠎ᠠ ᠲᠠᠢ ᠪᠣᠯ | ᠪᠤᠳᠠᠲᠠᠢ ᠣᠷᠤᠯᠭ᠎ᠠ ᠪᠠᠷ ᠨᠢ ᠪᠣᠳᠤᠨ᠎ᠠ᠃ | ︵ᠨᠠᠢᠮᠠ︶ ᠦᠷ᠎ᠡ ᠬᠡᠤᠬᠡᠳ ᠤᠨ ᠠᠰᠠᠷᠠᠨ ᠲᠡᠵᠢᠭᠡᠬᠦ ᠵᠠᠷᠤᠳᠠᠯ ᠤᠨ ᠲᠣᠭᠠᠴᠠᠭ᠎ᠠ᠃ | 1.ᠦᠷ᠎ᠡ ᠬᠡᠤᠬᠡᠳ ᠨᠢ ᠲᠣᠭᠲᠠᠭᠰᠠᠨ ᠣᠷᠤᠯᠭ᠎ᠠ ᠲᠠᠢ ᠪᠣᠯ ᠬᠥᠮᠦᠨ ᠪᠦᠷᠢ ᠶᠢᠨ ᠵᠢᠯ ᠤᠨ ᠴᠠᠯᠢᠩ | ᠣᠯᠭᠤᠮᠵᠢ ᠶᠢᠨ 5% ᠶᠢ ᠡᠴᠢᠭᠡ ᠡᠬᠡ ᠪᠠᠨ ᠠᠰᠠᠷᠠᠨ ᠲᠡᠵᠢᠭᠡᠬᠦ ᠵᠠᠷᠤᠳᠠᠯ ᠢᠶᠠᠷ ᠪᠤᠳᠤᠨ᠎ᠠ︔ ᠦᠷ᠎ᠡ ᠬᠡᠤᠬᠡᠳ ᠶᠢᠨ | ᠬᠢᠨᠢ ᠳᠣᠲᠤᠷ᠎ᠠ ᠭᠠᠳᠠᠭᠰᠢ ᠭᠠᠷᠴᠤ ᠬᠦᠴᠦ ᠶᠠᠪᠤᠭᠴᠢ ᠪᠠᠶᠢᠪᠠᠯ ᠨᠡᠶᠢᠲᠡ600 ᠲᠥᠭᠦᠷᠢᠭ / ᠵᠢᠯ᠂ ᠦᠷ᠎ᠡ ᠬᠡᠤᠬᠡᠳ | ᠨᠢ ᠲᠠᠷᠢᠶᠠᠯᠠᠩ ᠤᠨ ᠠᠵᠢᠯ ᠡᠷᠬᠢᠯᠡᠵᠤ ᠪᠠᠶᠢᠭ᠎ᠠ ᠪᠣᠯ ᠨᠡᠶᠢᠲᠡ 500 ᠲᠥᠭᠦᠷᠢᠭ / ᠵᠢᠯ ᠢ ᠠᠰᠠᠷᠠᠨ ᠲᠡᠵᠢᠭᠡᠬᠦ | ᠵᠠᠷᠤᠳᠠᠯ ᠳᠤ ᠪᠣᠳᠤᠵᠤ ᠣᠷᠤᠭᠤᠯᠤᠨ᠎ᠠ᠃ | 2. ᠭᠠᠭᠴᠠ ᠬᠡᠤᠬᠡᠳ ᠨᠢ ᠲᠣᠭᠲᠠᠭᠰᠠᠨ ᠠᠵᠢᠯ ᠲᠠᠢ ᠪᠣᠯ ᠵᠢᠯ ᠤᠨ ᠴᠠᠯᠢᠩ ᠣᠯᠭᠤᠮᠵᠢ ᠶᠢᠨ ᠬᠢᠨᠢ | ᠶᠡᠷᠦᠩᠬᠡᠢ ᠲᠣᠭᠠᠨ ᠤ 2.5% ᠢ ᠠᠰᠠᠷᠠᠨ ᠲᠡᠵᠢᠭᠡᠬᠦ ᠵᠠᠷᠤᠳᠠᠯ ᠳᠤ ᠪᠣᠳᠤᠵᠤ ᠣᠷᠤᠭᠤᠯᠤᠨ᠎ᠠ᠂ ᠭᠠᠳᠠᠭᠰᠢ ᠭᠠᠷᠴᠤ | ᠬᠦᠴᠦ ᠶᠠᠪᠤᠭᠰᠠᠨ ᠪᠣᠯ 300 ᠲᠥᠭᠦᠷᠢᠭ ᠤᠨ ᠠᠰᠠᠷᠠᠨ ᠲᠡᠵᠢᠭᠡᠬᠦ ᠵᠠᠷᠤᠳᠠᠯ ᠢᠶᠠᠷ ᠪᠣᠳᠤᠵᠤ᠂ ᠲᠠᠷᠢᠶᠠᠯᠠᠩ ᠤᠨ | ᠠᠵᠢᠯ ᠡᠷᠬᠢᠯᠡᠵᠤ ᠪᠠᠶᠢᠭ᠎ᠠ ᠪᠣᠯ 200 ᠲᠥᠭᠦᠷᠢᠭ ᠤᠨ ᠠᠰᠠᠷᠠᠨ ᠲᠡᠵᠢᠭᠡᠬᠦ ᠵᠠᠷᠤᠳᠠᠯ ᠢᠶᠠᠷ ᠪᠣᠳᠤᠨ᠎ᠠ᠃ | 3.ᠦᠷ᠎ᠡ ᠬᠡᠤᠬᠡᠳ ᠨᠢ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠠᠯᠪᠠᠨ ᠤ ᠴᠡᠷᠢᠭ ︵ᠵᠢᠷᠤᠮ ᠤᠨ | ᠴᠡᠷᠢᠭ︶᠂ ᠱᠠᠰᠢᠨᠲᠠᠨ᠂ ᠭᠢᠨᠳᠠᠨ ᠳᠤ ᠡᠷᠡᠭᠦᠤ ᠰᠢᠢᠳᠬᠡᠯ ᠬᠦᠯᠢᠶᠡᠵᠤ ᠪᠠᠶᠢᠭ᠎ᠠ ᠬᠥᠮᠦᠨ᠂ ᠭᠡᠷ ᠪᠦᠯᠢ ᠳᠤ ᠨᠢ | ᠬᠦᠨᠳᠤ ᠣᠨᠴᠠ ᠶᠡᠭᠡ ᠡᠪᠡᠳᠴᠢᠨ ᠣᠯᠣᠭᠰᠠᠨ ᠪᠣᠶᠣ ᠬᠦᠨᠳᠤ ᠳᠡᠰ ᠤᠨ ᠵᠡᠮᠳᠡᠭ ᠬᠥᠮᠦᠨ ᠲᠠᠢ᠂ ᠭᠡᠷ ᠪᠦᠯᠢ ᠳᠤ ᠨᠢ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠶᠡᠭᠡ ᠰᠤᠷᠭᠠᠭᠤᠯᠢ ᠶᠢᠨ ᠤᠶᠤᠲᠠᠨ ᠪᠠᠶᠢᠬᠤ᠂ ᠪᠥᠬᠦᠯᠢ 60 ᠨᠠᠰᠤ | ᠬᠦᠷᠦᠭᠰᠡᠨ ᠵᠢᠴᠢ ᠪᠥᠬᠦᠯᠢ 18 ᠨᠠᠰᠤ ᠬᠦᠷᠦᠭᠡ ᠦᠭᠡᠢ ᠪᠣᠯ ᠠᠰᠠᠷᠠᠨ ᠲᠡᠵᠢᠭᠡᠬᠦ ᠵᠠᠷᠤᠳᠠᠯ ᠠᠪᠬᠤ ᠦᠭᠡᠢ᠃ | ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠠᠭᠤᠯᠭ᠎ᠠ ᠶᠢ ᠭᠡᠷ ᠪᠦᠯᠢ ᠶᠢᠨ ᠣᠷᠤᠯᠭ᠎ᠠ ᠳᠤ ᠪᠣᠳᠤᠬᠤ | ᠦᠭᠡᠢ᠃ | ︵ᠨᠢᠭᠡ︶ ᠠᠰᠠᠷᠠᠮᠵᠢ ᠬᠦᠷᠲᠡᠬᠦ ᠡᠲᠡᠬᠡᠳ ᠤᠨ ᠤᠯᠤᠰ ᠤᠨ ᠳᠦᠷᠢᠮ ᠲᠣᠭᠲᠠᠭᠠᠯ ᠶᠣᠰᠤᠭᠠᠷ ᠬᠦᠷᠲᠡᠭᠰᠡᠨ | ᠬᠠᠷᠠᠭᠠᠯᠵᠠᠯ᠃ | ︵ᠬᠤᠶᠠᠷ︶ ᠦᠨᠡᠨ ᠶᠣᠰᠤᠨ ᠤ ᠲᠥᠯᠦᠭᠡ ᠡᠷᠡᠯᠬᠡᠭᠯᠡᠨ ᠲᠡᠮᠡᠴᠡᠭᠰᠡᠨ ᠬᠥᠮᠦᠨ ᠤ ᠣᠯᠣᠭᠰᠠᠨ ᠨᠢᠭᠡ ᠯᠡ | ᠤᠳᠠᠭ᠎ᠠ ᠶᠢᠨ ᠴᠢᠨᠠᠷᠲᠠᠢ ᠱᠠᠩᠨᠠᠯ ᠤᠨ ᠮᠥᠩᠭᠦ︔ ᠠᠶᠢᠮᠠᠭ ᠬᠤᠲᠠ ᠶᠢᠨ ᠳᠡᠰ ᠠᠴᠠ ᠳᠡᠭᠡᠭᠰᠢᠬᠢ ᠬᠦᠳᠡᠯᠮᠦᠷᠢ ᠶᠢᠨ | ᠵᠢᠱᠢᠶᠡᠴᠢ ᠶᠢᠨ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠬᠦᠷᠲᠡᠬᠦ ᠢᠷᠠᠭᠤ ᠠᠯᠳᠠᠷ ᠤᠨ ᠨᠥᠬᠦᠪᠦᠷᠢ ᠮᠥᠩᠭᠦ᠃ | ︵ᠭᠤᠷᠪᠠ︶ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠣᠯᠤᠭᠰᠠᠨ ᠰᠤᠷᠤᠯᠭ᠎ᠠ ᠲᠡᠳᠬᠦᠬᠦ ᠮᠥᠩᠭᠦ᠂ | ᠶᠠᠳᠠᠭᠤ ᠬᠦᠴᠢᠷᠳᠡᠯᠲᠠᠢ ᠰᠤᠷᠤᠭᠴᠢ ᠶᠢᠨ ᠨᠥᠬᠦᠪᠦᠷᠢ ᠮᠥᠩᠭᠦ᠃ | ︵ᠳᠥᠷᠪᠡ︶ ᠡᠯ᠎ᠡ ᠱᠠᠲᠤᠨ ᠤ ᠵᠠᠰᠠᠭ ᠤᠨ ᠣᠷᠳᠤᠨ᠂ ᠨᠡᠶᠢᠭᠡᠮ ᠤᠨ ᠡᠯ᠎ᠡ ᠡᠲᠡᠬᠡᠳ ᠠᠴᠠ ᠣᠯᠭᠭᠤᠭᠰᠠᠨ | ᠲᠦᠷ ᠴᠠᠭ ᠤᠨ ᠴᠢᠨᠠᠷᠲᠠᠢ ᠠᠪᠤᠷᠠᠨ ᠲᠤᠰᠠᠯᠠᠬᠤ ᠡᠳ᠋ ᠪᠤᠳᠠᠰ᠃ | ︵ᠲᠠᠪᠤ︶ ᠲᠡᠳᠬᠦᠮᠵᠢ ᠶᠢᠨ ᠮᠥᠩᠭᠦ᠂ ᠣᠷᠤᠰᠢᠭᠤᠯᠭ᠎ᠠ ᠶᠢᠨ ᠵᠠᠷᠤᠳᠠᠯ᠃ | ︵ᠵᠢᠷᠭᠤᠭ᠎ᠠ︶ ᠬᠥᠮᠦᠨ ᠤ ᠪᠡᠶ᠎ᠡ ᠶᠢᠨ ᠭᠡᠮᠲᠦᠯ ᠤᠨ ᠲᠥᠯᠦᠪᠦᠷᠢ ᠮᠥᠩᠭᠦ ᠳᠤ ᠬᠢ ᠡᠮᠴᠢᠯᠡᠭᠡᠨ ᠤ ᠵᠠᠷᠤᠳᠠᠯ᠂ | ᠠᠰᠠᠷᠠᠨ ᠰᠣᠪᠢᠯᠠᠬᠤ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ ᠬᠤᠨᠤᠭ ᠤᠨ ᠵᠠᠷᠤᠳᠠᠯ᠂ ᠡᠮᠨᠡᠯᠭᠡ ᠳᠤ ᠰᠠᠭᠤᠬᠤ | ᠬᠤᠭᠤᠯᠠᠨ ᠤ ᠨᠥᠬᠦᠪᠦᠷᠢ᠂ ᠰᠢᠮ᠎ᠡ ᠲᠡᠵᠢᠭᠡᠯ ᠤᠨ ᠵᠠᠷᠤᠳᠠᠯ᠂ ᠵᠡᠮᠳᠡᠭᠴᠦᠳ ᠢ ᠲᠤᠰᠠᠯᠠᠬᠤ ᠪᠠᠭᠠᠵᠢ ᠬᠡᠷᠡᠭᠰᠡᠯ ᠤᠨ | ᠵᠠᠷᠤᠳᠠᠯ᠂ ᠡᠷᠡᠭᠦᠯᠵᠢᠯ ᠤᠨ ᠵᠠᠷᠤᠳᠠᠯ᠂ ᠦᠷᠬᠦᠯᠵᠢᠯᠡᠨ ᠡᠮᠴᠢᠯᠡᠬᠦ ᠵᠠᠷᠤᠳᠠᠯ᠃ | ︵ᠳᠣᠯᠤᠭ᠎ᠠ︶ ᠠᠵᠢᠯ ︵ᠠᠯᠪᠠᠨ︶ ᠠᠴᠠ ᠪᠣᠯᠵᠤ ᠭᠡᠮᠲᠦᠵᠤ ᠰᠢᠷᠬᠠᠲᠤᠭᠰᠠᠨ ᠠᠵᠢᠯᠴᠢᠨ ᠠᠵᠢᠯᠲᠠᠳ ᠤᠨ | ᠰᠠᠷ᠎ᠠ ᠪᠦᠷᠢ ᠶᠢᠨ ᠣᠯᠬᠤ ᠠᠵᠢᠯ ᠵᠣᠭᠰᠤᠭᠠᠵᠤ ᠴᠠᠯᠢᠩ ᠦᠯᠡᠳᠡᠭᠡᠬᠦ ᠴᠠᠯᠢᠩ ᠣᠯᠭᠤᠮᠵᠢ᠂ ᠭᠡᠮᠲᠦᠯ ᠤᠨ ᠨᠥᠬᠦᠪᠦᠷᠢ | ᠂ ᠠᠵᠢᠯ ︵ᠠᠯᠪᠠᠨ︶ ᠠᠴᠠ ᠪᠣᠯᠵᠤ ᠨᠠᠰᠤ ᠨᠥᠭᠴᠢᠭᠰᠡᠨ ᠠᠵᠢᠯᠴᠢᠨ ᠠᠵᠢᠯᠲᠠᠳ ᠤᠨ ᠠᠰᠠᠷᠠᠨ ᠲᠡᠵᠢᠭᠡᠬᠦ ᠲᠥᠷᠦᠯ | ᠰᠠᠳᠤᠨ ᠤ ᠠᠰᠠᠷᠠᠮᠵᠢ ᠶᠢᠨ ᠮᠥᠩᠭᠦ ᠠᠴᠠ ᠭᠠᠳᠠᠨᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠃ | ︵ᠨᠠᠢᠮᠠ︶ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠳᠣᠮᠳᠠᠬᠢ ᠬᠤᠪᠢ ᠬᠥᠮᠦᠨ ᠤ ᠳᠠᠩᠰᠠ ᠶᠢᠨ | ᠡᠮᠨᠡᠯᠭᠡ ᠶᠢᠨ ᠳᠠᠭᠠᠳᠬᠠᠯ ᠤᠨ ᠮᠥᠩᠭᠦ᠂ ᠡᠮᠨᠡᠯᠭᠡ ᠳᠤ ᠰᠠᠭᠤᠬᠤ ᠵᠢᠴᠢ ᠡᠭᠦᠳᠡᠨ ᠡᠮᠨᠡᠯᠭᠡ ᠶᠢᠨ ᠳᠠᠩᠰᠠ | ᠲᠠᠶᠢᠯᠤᠭᠰᠠᠨ ᠡᠮᠨᠡᠯᠭᠡ ᠶᠢᠨ ᠵᠠᠷᠤᠳᠠᠯ᠂ ᠡᠮᠨᠡᠯᠭᠡ ᠶᠢᠨ ᠨᠥᠬᠦᠪᠦᠷᠢ ᠮᠥᠩᠭᠦ᠃ | ︵ᠶᠢᠰᠦ︶ ᠲᠥᠯᠦᠪᠯᠡᠭᠡᠲᠤ ᠦᠷᠡᠵᠢᠯ ᠤᠨ ᠱᠠᠩᠨᠠᠯ ᠤᠨ ᠮᠥᠩᠭᠦ᠂ ᠰᠠᠷ᠎ᠠ ᠪᠦᠷᠢ ᠶᠢᠨ ᠣᠯᠬᠤ ᠦᠷᠡᠵᠢᠯ ᠤᠨ | ᠳᠠᠭᠠᠳᠬᠠᠯ ᠤᠨ ᠨᠥᠬᠦᠪᠦᠷᠢ ᠠᠴᠠ ᠭᠠᠳᠠᠨᠠᠬᠢ ᠦᠷᠡᠵᠢᠯ ᠤᠨ ᠡᠮᠨᠡᠯᠭᠡ ᠶᠢᠨ ᠳᠠᠭᠠᠳᠬᠠᠯ᠃ | ︵ᠠᠷᠪᠠ︶ ᠥᠨᠳᠦᠷ ᠨᠠᠰᠤᠲᠠᠨ ᠤ ᠨᠥᠬᠦᠪᠦᠷᠢ ᠮᠥᠩᠭᠦ︔ ᠵᠡᠮᠳᠡᠭᠴᠦᠳ ᠤᠨ ᠬᠤᠶᠠᠷ ᠲᠥᠷᠦᠯ ᠤᠨ | ᠨᠥᠬᠦᠪᠦᠷᠢ ᠮᠥᠩᠭᠦ᠃ | ︵ᠠᠷᠪᠠᠨ ᠨᠢᠭᠡ︶ ᠵᠢᠷᠠᠭᠠᠳ ᠣᠨ ᠤ ᠴᠥᠭᠡᠴᠢᠯᠡᠭᠳᠡᠭᠰᠡᠨ ᠲᠠᠷᠢᠶᠠᠯᠠᠩ ᠢ ᠲᠤᠰᠠᠯᠠᠬᠤ ᠬᠥᠮᠦᠰ ᠤᠨ | ᠠᠮᠢᠳᠤᠷᠠᠯ ᠤᠨ ᠲᠡᠳᠬᠦᠮᠵᠢ ᠶᠢᠨ ᠮᠥᠩᠭᠦ᠃ | ︵ᠠᠷᠪᠠᠨ ᠬᠤᠶᠠᠷ︶ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ | ᠲᠣᠭᠲᠠᠭᠠᠭᠰᠠᠨ ᠪᠣᠰᠤᠳ ᠵᠦᠢᠯ ᠤᠨ ᠣᠷᠣᠯᠭ᠎ᠠ᠃ | ᠳᠦᠷᠪᠡᠳᠦᠭᠡᠷ ᠪᠥᠯᠦᠭ ᠭᠡᠷ ᠪᠦᠯᠢ ᠶᠢᠨ ᠡᠳ᠋ ᠬᠥᠷᠦᠩᠭᠡ | ᠠᠷᠪᠠᠳᠤᠭᠠᠷ ᠵᠦᠢᠯ ᠨᠣᠲᠠᠯᠠᠨ ᠲᠣᠭᠲᠠᠭᠠᠯᠲᠠ ᠪᠠᠷ ᠳᠠᠮᠵᠢᠭᠠᠳ᠂ ᠭᠡᠷ ᠪᠦᠯᠢ ᠶᠢᠨ ᠬᠥᠮᠦᠨ ᠤ ᠳᠣᠮᠳᠠᠴᠢ | ᠣᠷᠤᠯᠭ᠎ᠠ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠣᠯᠬᠤ ᠭᠡᠷ ᠪᠦᠯᠢ ᠳᠤ᠂ ᠬᠤᠰᠢᠭᠤ | ᠰᠢᠶᠠᠨ ᠲᠣᠭᠤᠷᠢᠭ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠦᠵᠡᠬᠦ ᠰᠠᠯᠠᠭ᠎ᠠ | ᠮᠦᠴᠢᠷ ᠠᠴᠠ ᠭᠤᠶᠤᠴᠢᠯᠠᠭᠴᠢ ᠶᠢᠨ ᠭᠡᠷ ᠪᠦᠯᠢ ᠶᠢᠨ ᠪᠥᠬᠦ ᠪᠦᠷᠢᠯᠳᠦᠭᠦᠨ ᠤ ᠡᠷᠬᠡ ᠣᠯᠭᠤᠵᠣ ᠨᠠᠶᠢᠳᠠᠭᠰᠠᠨ | ᠶᠣᠰᠤᠭᠠᠷ᠂ ᠭᠡᠷ ᠪᠦᠯᠢ ᠶᠢᠨ ᠡᠳ᠋ ᠬᠥᠷᠦᠩᠭᠡ ᠳᠤ ᠮᠡᠳᠡᠭᠡ ᠵᠠᠩᠬᠢ ᠶᠢᠨ ᠬᠠᠷᠢᠴᠠᠭᠤᠯᠤᠯ ᠬᠢᠬᠦ ᠪᠥᠭᠡᠳ ᠬᠢᠨᠠᠨ | ᠬᠠᠷᠭᠤᠭᠤᠯᠤᠭᠰᠠᠨ ᠮᠡᠳᠡᠭᠦᠯᠦᠯᠲᠡ ᠶᠢᠨ ᠪᠢᠴᠢᠭ ᠭᠠᠷᠭᠠᠵᠤ᠂ ᠡᠳ᠋ ᠬᠥᠷᠦᠩᠭᠡ ᠶᠢᠨ ᠪᠠᠶᠢᠳᠠᠯ ᠨᠢ ᠳᠦᠷᠢᠮ | ᠲᠣᠭᠲᠠᠭᠠᠯ ᠳᠤ ᠨᠡᠶᠢᠴᠡᠬᠦ ᠦᠭᠡᠢ ᠪᠣᠯ ᠨᠣᠲᠠᠯᠠᠨ ᠲᠣᠭᠲᠠᠭᠠᠬᠤ ᠶᠢ ᠵᠣᠭᠰᠤᠭᠠᠨ᠎ᠠ᠃ ᠡᠯ᠎ᠡ ᠱᠠᠲᠤᠨ ᠤ ᠬᠢᠨᠠᠨ | ᠬᠠᠷᠭᠤᠭᠤᠯᠵᠤ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠪᠥᠲᠦᠭᠡᠨ | ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠭᠤᠶᠤᠴᠢᠯᠠᠭᠴᠢ ᠶᠢ ᠱᠠᠭᠠᠷᠳᠠᠨ ᠭᠡᠷ ᠪᠠᠶᠢᠰᠢᠩ ᠦᠭᠡᠢ᠂ | ᠮᠠᠰᠢᠨ ᠲᠡᠷᠭᠡ ᠦᠭᠡᠢ ᠭᠡᠬᠦ ᠮᠡᠲᠤ ᠶᠢᠨ ᠭᠡᠷᠡᠴᠢ ᠲᠡᠮᠳᠡᠭ ᠭᠠᠷᠭᠠᠯᠭᠠᠵᠤ ᠪᠣᠯᠬᠤ ᠦᠭᠡᠢ᠃ | ᠠᠷᠪᠠᠨ ᠨᠢᠭᠡᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠲᠠᠢ ᠭᠡᠷ ᠪᠦᠯᠢ ᠶᠢ ᠨᠣᠲᠠᠯᠠᠨ ᠲᠣᠭᠲᠠᠭᠠᠬᠤ | ᠦᠭᠡᠢ | ︵ᠨᠢᠭᠡ︶ ᠬᠦᠳᠡᠯᠮᠦᠷᠢᠯᠡᠬᠦ ᠴᠢᠳᠠᠪᠤᠷᠢ ᠲᠠᠢ ᠪᠠᠶᠢᠭᠠᠳ ᠥᠪᠡᠷ ᠤᠨ ᠬᠦᠴᠦ ᠪᠠᠷ ᠢᠶᠠᠨ ᠠᠮᠢᠳᠤᠷᠠᠬᠤ | ᠦᠭᠡᠢ ᠠᠴᠠ ᠪᠣᠯᠵᠤ ᠶᠠᠳᠠᠭᠤ ᠬᠦᠴᠢᠷᠳᠡᠯᠲᠠᠢ ᠪᠣᠯᠤᠭᠰᠠᠨ ᠭᠡᠷ ᠪᠦᠯᠢ︔ ᠭᠡᠷᠡᠴᠢ ᠪᠢᠴᠢᠭ ᠮᠠᠲ᠋ᠧᠷᠢᠶᠠᠯ ᠳᠤ | ᠢᠯᠡᠷᠡᠭᠰᠡᠨ ᠢᠶᠠᠷ ᠭᠡᠷ ᠪᠦᠯᠢ ᠶᠢᠨ ᠣᠷᠤᠯᠭ᠎ᠠ ᠨᠢ ᠲᠤᠰ ᠭᠠᠵᠠᠷ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠣᠣᠷ᠎ᠠ ᠪᠣᠯᠪᠠᠴᠤ ᠭᠡᠷ ᠪᠦᠯᠢ ᠶᠢᠨ ᠪᠤᠳᠠᠲᠠᠢ ᠠᠮᠢᠳᠤᠷᠠᠯ ᠤᠨ ᠬᠢᠷᠢ ᠲᠥᠪᠰᠢᠨ ᠨᠢ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠦᠨᠳᠦᠷ︔ ᠡᠷ᠎ᠡ ᠡᠮ᠎ᠡ ᠬᠤᠶᠠᠷ ᠤᠨ ᠬᠦᠳᠡᠯᠮᠦᠷᠢ ᠶᠢᠨ ᠬᠦᠴᠦᠨ ᠤ | ᠢᠯᠡᠳᠬᠡᠮᠵᠢ ᠨᠢA1 ᠪᠥᠭᠡᠳ ᠦᠷ᠎ᠡ ᠬᠡᠤᠬᠡᠳ ᠨᠢ ᠡᠷᠡᠭᠦᠯ ᠴᠢᠬᠢᠷᠠᠭ᠃ | ︵ᠬᠤᠶᠠᠷ︶ ᠳᠦᠷᠢᠮ ᠲᠣᠭᠲᠠᠭᠠᠯ ᠶᠣᠰᠤᠭᠠᠷ ᠭᠤᠶᠤᠴᠢᠯᠠᠯ ᠳᠡᠪᠰᠢᠭᠦᠯᠦᠭᠰᠡᠨ ᠦᠭᠡᠢ᠂ ᠬᠠᠮᠢᠶ᠎ᠠ ᠪᠥᠬᠦᠢ | ᠦᠨᠡᠮᠯᠡᠯ᠂ ᠭᠡᠷᠡᠴᠢ ᠪᠢᠴᠢᠭ ᠢᠶᠠᠨ ᠬᠠᠩᠭᠠᠬᠤ ᠦᠭᠡᠢ ᠪᠣᠶᠤ ᠦᠨᠡᠮᠯᠡᠯ᠂ ᠭᠡᠷᠡᠴᠢ ᠪᠢᠴᠢᠭ ᠨᠢ ᠪᠦᠷᠢᠨ ᠪᠣᠰᠤ᠃ | ︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠦᠵᠡᠬᠦ ᠠᠵᠢᠯᠲᠠᠳ ᠤᠨ | ᠠᠵᠢᠯ ᠳᠤ ᠬᠠᠮᠵᠢᠯᠴᠠᠬᠤ ᠦᠭᠡᠢ ᠪᠣᠶᠤ ᠡᠷᠬᠡ ᠣᠯᠭᠤᠬᠤ ᠨᠠᠶᠢᠳᠠᠯᠭ᠎ᠠ ᠳᠡᠪᠰᠢᠭᠦᠯᠦᠭᠰᠡᠨ ᠦᠭᠡᠢ᠃ | ︵ᠳᠥᠷᠪᠡ︶ ᠭᠡᠷ ᠪᠦᠯᠢ ᠶᠢᠨ ᠪᠦᠷᠢᠯᠳᠦᠭᠦᠨ ᠨᠢ ᠨᠠᠰᠤᠲᠠᠶᠢᠴᠤᠳ ᠤᠨ ᠠᠰᠠᠷᠠᠮᠵᠢ ᠶᠢᠨ ᠮᠥᠩᠭᠦ᠂ | ᠠᠵᠢᠯ ᠠᠴᠠ ᠪᠠᠨ ᠠᠮᠠᠷᠠᠭᠰᠠᠨ ᠲᠡᠳᠬᠦᠪᠦᠷᠢ ᠮᠥᠩᠭᠦ᠂ ᠠᠵᠢᠯ ᠠᠴᠠ ᠪᠠᠨ ᠠᠮᠠᠷᠠᠭᠰᠠᠨ ᠠᠮᠢᠳᠤᠷᠠᠯ ᠤᠨ ᠰᠥᠢᠳᠬᠡᠯ᠂ | ᠨᠥᠭᠴᠢᠭᠰᠡᠳ ᠤᠨ ᠭᠡᠷ ᠪᠦᠯᠢ ᠶᠢᠨ ᠨᠥᠬᠦᠪᠦᠷᠢ ᠮᠥᠩᠭᠦ᠂ ᠴᠠᠯᠢᠩ ᠣᠯᠭᠤᠮᠵᠢ ᠶᠢᠨ ᠴᠢᠨᠠᠷᠲᠠᠢ ᠣᠷᠤᠯᠭ᠎ᠠ ᠵᠡᠷᠭᠡ | ᠲᠣᠭᠲᠠᠭᠰᠠᠨ ᠣᠷᠤᠯᠭ᠎ᠠ ᠲᠠᠢ ᠪᠥᠭᠡᠳ ᠭᠡᠷ ᠪᠦᠯᠢ ᠶᠢᠨ ᠬᠥᠮᠦᠨ ᠤ ᠳᠣᠮᠳᠠᠴᠢ ᠣᠷᠤᠯᠭ᠎ᠠ ᠨᠢ ᠲᠤᠰ ᠭᠠᠵᠠᠷ ᠤᠨ | ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠪᠠᠷᠢᠮᠵᠢᠶ᠎ᠠ ᠠᠴᠠ ᠥᠨᠳᠦᠷ᠃ | ︵ᠲᠠᠪᠤ︶ ᠪᠠᠶᠢᠴᠠᠭᠠᠯᠲᠠ ᠶᠢᠨ ᠬᠤᠭᠤᠴᠠᠭᠠᠨ ᠳᠠᠬᠢ ᠭᠡᠷ ᠪᠦᠯᠢ ᠶᠢᠨ ᠪᠠᠩᠬᠢ ᠶᠢᠨ ᠬᠠᠳᠠᠭᠠᠯᠠᠮᠵᠢ᠂ ᠥᠷᠲᠡᠭ | ᠪᠥᠬᠦᠢ ᠦᠨᠡᠲᠤ ᠲᠡᠮᠳᠡᠭᠲᠦ᠂ ᠰᠲ᠋ᠤᠺ ᠵᠡᠷᠭᠡ ᠮᠥᠩᠭᠦᠨ ᠭᠦᠢᠯᠭᠡᠭᠡᠨ ᠤ ᠡᠳ᠋ ᠬᠥᠷᠦᠩᠭᠡ ᠨᠢ ᠳᠣᠮᠳᠠᠴᠢ ᠪᠠᠷ ᠨᠠᠭᠠᠲᠤ | ᠵᠠᠬ᠎ᠠ ᠶᠢᠨ ᠪᠠᠲᠤᠯᠠᠭᠠᠲᠤ ᠡᠷᠦᠬᠡ ᠶᠢᠨ ᠣᠷᠤᠯᠭ᠎ᠠ ᠶᠢᠨ ᠪᠠᠷᠢᠮᠵᠢᠶ᠎ᠠ ᠶᠢᠨ10 ᠳᠠᠬᠢᠨ ᠠᠴᠠ ᠳᠠᠪᠠᠭᠰᠠᠨ ︵ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ᠄ ᠲᠤᠰ ᠭᠠᠵᠠᠷ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠶᠡᠭᠡ ᠭᠡᠪᠡᠴᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ1.5 ᠳᠠᠬᠢᠨ ᠠᠴᠠ ᠪᠠᠭ᠎ᠠ︶᠃ | ︵ᠵᠢᠷᠭᠤᠭ᠎ᠠ︶ ᠬᠤᠲᠠ ᠪᠠᠯᠭᠠᠰᠤ ᠶᠢᠨ ᠭᠡᠷ ᠪᠦᠯᠢ ᠬᠤᠶᠠᠷ ᠪᠣᠶᠤ ᠬᠤᠶᠠᠷ ᠠᠴᠠ ᠳᠡᠭᠡᠭᠰᠢ ᠭᠡᠷ ᠪᠠᠶᠢᠰᠢᠩ | ᠲᠠᠢ ᠪᠠᠶᠢᠬᠤ︔ ᠬᠦᠳᠡᠭᠡ ᠲᠤᠰᠬᠤᠨ ᠤ ᠭᠡᠷ ᠪᠦᠯᠢ ᠬᠦᠳᠡᠭᠡ ᠲᠤᠰᠬᠤᠨ ᠳᠤ ᠪᠠᠨ ᠬᠤᠶᠠᠷ ︵ᠬᠤᠶᠠᠷ ᠢ ᠪᠠᠭᠲᠠᠭᠠᠬᠤ | ᠦᠭᠡᠢ︶ ᠠᠴᠠ ᠳᠡᠭᠡᠭᠰᠢ ᠰᠠᠭᠤᠬᠤ ᠭᠡᠷ ᠲᠠᠢ ᠪᠠᠶᠢᠬᠤ︔ ᠬᠦᠳᠡᠭᠡ ᠲᠤᠰᠬᠤᠨ ᠤ ᠭᠡᠷ ᠪᠦᠯᠢ ᠬᠦᠳᠡᠭᠡ ᠲᠤᠰᠬᠤᠨ | ᠪᠠ ᠬᠤᠲᠠ ᠪᠠᠯᠭᠠᠰᠤ ᠳᠤ ᠴᠦᠮ ᠰᠠᠭᠤᠬᠤ ᠭᠡᠷ ᠲᠠᠢ ᠪᠠᠶᠢᠬᠤ︔ ᠭᠡᠷ ᠪᠦᠯᠢ ᠨᠢ ᠨᠢᠭᠡ ᠢᠵᠢ 120 ᠲᠡᠭᠰᠢ | ᠳᠦᠷᠪᠡᠯᠵᠢᠨ ᠮᠧᠲᠷ ᠠᠴᠠ ᠳᠡᠭᠡᠭᠰᠢ ᠠᠰᠠᠷ ᠲᠠᠢ ᠪᠠᠶᠢᠬᠤ︔ ᠭᠡᠷ ᠪᠦᠯᠢ ᠨᠢ ᠬᠤᠳᠠᠯᠳᠤᠭᠠᠨ ᠳᠤ ᠬᠡᠷᠡᠭᠯᠡᠬᠦ ᠭᠡᠷ ᠲᠠᠢ | ᠪᠠᠶᠢᠬᠤ ︵ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠲᠡᠵᠤ ᠪᠠᠶᠢᠬᠤ ᠬᠤᠭᠤᠴᠠᠭᠠᠨ ᠳᠤ ᠪᠠᠨ ᠤᠤᠯ ᠤᠨ ᠭᠡᠷ | ᠪᠠᠶᠢᠰᠢᠩ ᠢ ᠨᠤᠷᠠᠭᠠᠵᠤ ᠨᠡᠭᠦᠯᠭᠡᠭᠡᠳ ᠣᠯᠣᠭᠰᠠᠨ ᠪᠢᠰᠢ ᠬᠠᠷᠢᠨ ᠠᠰᠠᠷ ᠬᠤᠳᠠᠯᠳᠤᠵᠤ ᠠᠪᠤᠭᠰᠠᠨ ᠪᠣᠯ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠨᠢ ᠬᠠᠰᠤᠨ᠎ᠠ︶᠃ | ︵ᠳᠣᠯᠤᠭ᠎ᠠ︶ ᠦᠢᠯᠡᠳᠪᠦᠷᠢ ᠬᠤᠳᠠᠯᠳᠤᠭᠠᠨ ᠤ ᠳᠠᠩᠰᠠᠯᠠᠭᠰᠠᠨ ᠭᠡᠷ ᠪᠦᠯᠢ ︵ᠭᠡᠷ ᠪᠦᠯᠢ ᠨᠢ ᠭᠤᠣᠯᠳᠠᠭᠤ | ᠪᠠᠭ᠎ᠠ ᠬᠡᠯᠪᠡᠷᠢ ᠶᠢᠨ ᠬᠤᠪᠢ ᠶᠢᠨ ᠡᠵᠡᠩᠨᠡᠯᠲᠡ ᠶᠢᠨ ᠣᠷᠤᠯᠭ᠎ᠠ ᠳᠤ ᠪᠠᠨ ᠲᠦᠰᠢᠭᠯᠡᠨ ᠠᠮᠢᠳᠤᠷᠠᠵᠤ᠂ | ᠳᠠᠩᠰᠠᠯᠠᠭᠤᠯᠤᠭᠰᠠᠨ ᠪᠡᠯᠡ ᠮᠥᠩᠭᠦ ᠨᠢ 5 ᠲᠦᠮᠡᠨ ᠲᠥᠭᠦᠷᠢᠭ ᠠᠴᠠ ᠳᠣᠷᠤᠭᠰᠢ ᠪᠥᠭᠡᠳ ᠭᠡᠷ ᠪᠦᠯᠢ ᠶᠢᠨ | ᠪᠦᠷᠢᠯᠳᠦᠭᠦᠨ ᠨᠢ ᠬᠦᠨᠳᠣ ᠡᠪᠡᠳᠴᠢᠨ᠂ ᠬᠦᠨᠳᠤ ᠳᠡᠰ ᠤᠨ ᠵᠡᠮᠳᠡᠭ ᠠᠴᠠ ᠪᠣᠰᠤᠳ︶᠃ | ︵ᠨᠠᠢᠮᠠ︶ ᠭᠡᠷ ᠪᠦᠯᠢ ᠶᠢᠨ ᠪᠦᠷᠢᠯᠳᠦᠭᠦᠨ ᠨᠢ ᠲᠡᠷᠭᠡ᠂ ᠣᠩᠭᠤᠴᠠ᠂ ᠲᠣᠮᠤ ᠬᠡᠯᠪᠡᠷᠢ ᠶᠢᠨ | ᠲᠠᠷᠢᠶᠠᠯᠠᠩ ᠤᠨ ᠪᠠᠭᠠᠵᠢ ᠬᠡᠷᠡᠭᠰᠡᠯ ᠲᠠᠢ ᠪᠣᠶᠣ ᠨᠡᠷ᠎ᠡ ᠳᠣᠣᠷ᠎ᠠ ᠨᠢ ᠳᠠᠩᠰᠠᠯᠠᠭᠰᠠᠨ ᠪᠠᠶᠢᠬᠤ ︵ᠥᠪᠡᠷᠲᠡᠭᠡᠨ | ᠬᠡᠷᠡᠭᠯᠡᠬᠦ ᠪᠠᠭ᠎ᠠ ᠬᠡᠯᠪᠡᠷᠢ ᠶᠢᠨ ᠲᠠᠷᠢᠶᠠᠯᠠᠩ ᠳᠤ ᠬᠡᠷᠡᠭᠯᠡᠬᠦ ᠲᠡᠷᠭᠡ ᠶᠢ ᠪᠠᠭᠲᠠᠭᠠᠬᠤ ᠦᠭᠡᠢ︶᠃ | ︵ᠶᠢᠰᠦ︶ ᠭᠢᠨᠳᠠᠨ ᠳᠤ ᠡᠷᠡᠭᠦᠣ ᠰᠢᠢᠳᠬᠡᠯ ᠭᠦᠢᠴᠡᠳᠬᠡᠵᠤ ᠪᠠᠶᠢᠭ᠎ᠠ ᠪᠣᠶᠣ ᠲᠦᠷ ᠬᠤᠷᠢᠭᠳᠠᠵᠤ ᠪᠠᠶᠢᠭ᠎ᠠ | ᠵᠢᠴᠢ ᠬᠤᠣᠷ ᠲᠠᠲᠠᠭᠰᠠᠨ ᠬᠥᠮᠦᠨ ︵ᠭᠢᠨᠳᠠᠨ ᠤ ᠭᠠᠳᠠᠨ᠎ᠠ ᠭᠦᠢᠴᠡᠳᠬᠡᠵᠤ ᠪᠠᠶᠢᠭ᠎ᠠ᠂ ᠵᠠᠬᠢᠷᠤᠨ ᠬᠠᠮᠢᠶᠠᠷᠬᠤ᠂ ᠲᠦᠷ | ᠰᠤᠯᠠᠯᠠᠬᠤ᠂ ᠡᠷᠡᠭᠦᠤ ᠰᠢᠢᠳᠬᠡᠯ ᠢ ᠬᠤᠶᠢᠰᠢᠯᠠᠭᠤᠯᠤᠨ ᠬᠤᠷᠢᠭᠳᠠᠵᠤ ᠪᠠᠶᠢᠭ᠎ᠠ ᠦᠭᠡᠢ ᠬᠥᠮᠦᠨ ᠢ ᠪᠠᠭᠲᠠᠭᠠᠬᠤ ᠦᠭᠡᠢ | ︶᠃ | ︵ᠠᠷᠪᠠ︶ ᠪᠡᠶ᠎ᠡ ᠶᠢᠨ ᠦᠨᠡᠮᠯᠡᠯ ᠢᠶᠠᠨ ᠵᠢᠭᠡᠯᠡᠭᠦᠯᠦᠨ ᠲᠡᠷᠭᠡ ᠬᠤᠳᠠᠯᠳᠤᠨ ᠠᠪᠤᠭᠰᠠᠨ᠂ ᠠᠵᠤ ᠠᠬᠤᠶᠢᠯᠠᠯ | ᠡᠷᠬᠢᠯᠡᠭᠰᠡᠨ᠂ ᠪᠠᠷᠢᠮᠲᠠ ᠪᠢᠴᠢᠵᠤ ᠥᠭᠭᠦᠭᠰᠡᠨ᠂ ᠭᠡᠷ ᠪᠠᠶᠢᠰᠢᠩ ᠬᠤᠳᠠᠯᠳᠤᠵᠤ ᠠᠪᠤᠭᠰᠠᠨ ᠵᠡᠷᠭᠡ ᠨᠠᠭᠠᠲᠤ | ᠵᠠᠬ᠎ᠠ ᠶᠢᠨ ᠪᠠᠲᠤᠯᠠᠭ᠎ᠠ ᠶᠢ ᠬᠦᠷᠲᠡᠵᠤ ᠪᠠᠶᠢᠭ᠎ᠠ ᠡᠲᠡᠬᠡᠳ ᠲᠤ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠠᠴᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠢ ᠵᠣᠬᠢᠶᠠᠨ ᠪᠠᠶᠢᠭᠤᠯᠵᠤ ᠦᠨᠡᠯᠡᠨ | ᠲᠣᠭᠲᠠᠭᠠᠵᠤ᠂ ᠬᠡᠷᠪᠡ ᠲᠤᠰ ᠬᠥᠮᠦᠨ ᠤ ᠬᠢ ᠪᠢᠰᠢ ᠪᠣᠯ᠂ 3 ᠰᠠᠷ᠎ᠠ ᠶᠢᠨ ᠬᠤᠭᠤᠴᠠᠭ᠎ᠠ ᠥᠭᠴᠦ ᠳᠠᠩᠰᠠ ᠡᠷᠦᠬᠡ | ᠰᠢᠯᠵᠢᠭᠦᠯᠬᠦ᠂ ᠳᠠᠩᠰᠠ ᠠᠴᠠ ᠬᠠᠰᠤᠬᠤ᠂ ᠬᠡᠷᠡᠭᠯᠡᠭᠡᠨ ᠠᠴᠠ ᠭᠠᠷᠭᠠᠬᠤ ᠪᠠᠷ ᠰᠢᠢᠳᠪᠦᠷᠢᠯᠡᠵᠦ᠂ ᠭᠦᠢᠴᠡᠳᠭᠡᠬᠦ | ᠬᠤᠭᠤᠴᠠᠭ᠎ᠠ ᠨᠢ ᠬᠡᠲᠦᠷᠡᠭᠰᠡᠨ ᠪᠠᠶᠢᠪᠠᠯ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠴᠦᠨ ᠦᠭᠡᠢ | ᠪᠣᠯᠭᠠᠨ᠎ᠠ︔ ᠬᠤᠯᠪᠤᠭᠲᠠᠬᠤ ᠲᠡᠷᠭᠡ ᠨᠢ ᠬᠡᠪ ᠤᠨ ᠶᠣᠰᠤᠭᠠᠷ ᠬᠡᠷᠡᠭᠯᠡᠭᠡᠨ ᠠᠴᠠ ᠭᠠᠷᠤᠭᠰᠠᠨ ᠪᠣᠯ ᠭᠦᠢᠴᠡᠳᠬᠡᠵᠤ | ᠥᠭᠬᠦ ᠦᠭᠡᠢ︔ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠳᠠᠩᠰᠠ ᠡᠷᠦᠬᠡ ᠰᠢᠯᠵᠢᠭᠦᠯᠵᠤ ᠳᠡᠶᠢᠯᠬᠦ ᠦᠭᠡᠢ᠂ | ᠬᠡᠷᠡᠭ ᠲᠤ ᠬᠤᠯᠪᠤᠭᠲᠠᠬᠤ ᠬᠤᠶᠠᠷ ᠡᠲᠡᠬᠡᠳ ᠠᠯᠪᠠᠨ ᠭᠡᠷᠡᠴᠢᠯᠡᠭᠡ ᠬᠢᠭᠰᠡᠨ ᠢ ᠭᠦᠢᠴᠡᠳᠬᠡᠵᠤ ᠥᠭᠬᠦ ᠦᠭᠡᠢ᠃ | ︵ᠠᠷᠪᠠᠨ ᠨᠢᠭᠡ︶ ᠭᠡᠷ ᠪᠦᠯᠢ ᠶᠢᠨ ᠵᠢᠩᠬᠢᠨᠢ ᠣᠷᠤᠯᠭ᠎ᠠ ᠪᠠ ᠡᠳ᠋ ᠬᠥᠷᠦᠩᠭᠡ ᠵᠢᠴᠢ ᠦᠷ᠎ᠡ ᠬᠡᠤᠬᠡᠳ ᠤᠨ | ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠭᠡᠷᠡᠴᠢ ᠲᠡᠮᠳᠡᠭ ᠬᠠᠩᠭᠠᠭᠰᠠᠨ ᠪᠣᠶᠤ ᠡᠳ᠋ | ᠬᠥᠷᠦᠩᠭᠡ ᠪᠠᠨ ᠰᠢᠯᠵᠢᠭᠦᠯᠦᠭᠰᠡᠨ ᠢ᠂ ᠪᠠᠶᠢᠴᠠᠭᠠᠨ ᠲᠣᠳᠤᠯᠠᠭᠰᠠᠨ ᠤ ᠳᠠᠷᠠᠭ᠎ᠠ᠂ ᠲᠡᠷᠡ ᠳᠠᠷᠤᠢ ᠳᠤ ᠨᠢ ᠨᠠᠭᠠᠲᠤ | ᠵᠠᠬ᠎ᠠ ᠶᠢᠨ ᠪᠠᠲᠤᠯᠠᠭ᠎ᠠ ᠶᠢ ᠨᠢ ᠵᠣᠭᠰᠤᠭᠠᠵᠤ᠂ ᠬᠤᠪᠢ ᠬᠥᠮᠦᠨ ᠤ ᠦᠨᠡᠨᠴᠢ ᠢᠲᠡᠬᠡᠮᠵᠢ ᠶᠢᠨ ᠰᠢᠰᠲ᠋ᠧᠮ ᠳᠤ | ᠣᠷᠤᠭᠤᠯᠵᠤ᠂ 2 ᠵᠢᠯ ᠤᠨ ᠳᠣᠲᠤᠷ᠎ᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠵᠤ ᠪᠣᠯᠬᠤ | ᠦᠭᠡᠢ᠂ ᠪᠠᠶᠢᠳᠠᠯ ᠨᠢ ᠬᠦᠨᠳᠦ ᠨᠣᠴᠢᠲᠠᠢ ᠪᠣᠯ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠰᠢᠯᠵᠢᠭᠦᠯᠦᠨ | ᠰᠢᠢᠳᠪᠦᠷᠢᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠣᠨᠴᠠᠭᠠᠢ ᠶᠠᠳᠠᠭᠤ ᠬᠦᠴᠢᠷᠳᠡᠯᠲᠠᠢ ᠭᠡᠷ ᠪᠦᠯᠢ ᠶᠢᠨ ᠣᠷᠤᠯᠭ᠎ᠠ ᠶᠢᠨ | ᠲᠣᠭᠠᠴᠠᠭ᠎ᠠ ᠶᠢ ᠪᠠᠭᠠᠰᠬᠠᠨ᠎ᠠ | ︵ᠨᠢᠭᠡ︶ ᠭᠡᠷ ᠪᠦᠯᠢ ᠳᠤ ᠨᠢ ᠬᠦᠨᠳᠤ ᠡᠪᠡᠳᠴᠢᠲᠡᠨ᠂ ᠬᠦᠨᠳᠣ ᠳᠡᠰ ᠤᠨ ᠵᠡᠮᠳᠡᠭ ᠬᠥᠮᠦᠨ ᠪᠠᠶᠢᠬᠤ᠂ | ᠨᠥᠬᠦᠷ ᠢᠶᠠᠨ ᠠᠯᠳᠠᠭᠰᠠᠨ ᠥᠷᠦᠭᠡᠰᠦᠯ ᠭᠡᠷ ᠪᠦᠯᠢ ᠶᠢᠨ ᠳᠣᠲᠤᠷ᠎ᠠ ᠨᠠᠰᠤᠨ ᠳᠤ ᠬᠦᠷᠦᠭᠡ ᠦᠭᠡᠢ ᠬᠡᠤᠬᠡᠳ | ᠪᠠᠶᠢᠬᠤ᠂ ᠭᠡᠷ ᠪᠦᠯᠢ ᠳᠤ ᠨᠢ ᠪᠥᠬᠦᠯᠢ 60 ᠨᠠᠰᠤᠨ ᠠᠴᠠ ᠳᠡᠭᠡᠭᠰᠢᠬᠢ ᠨᠠᠰᠤᠲᠠᠢ ᠬᠥᠮᠦᠨ ᠪᠠᠶᠢᠪᠠᠯ ᠴᠠᠯᠢᠩ ᠤᠨ | ᠵᠦᠷᠢᠶ᠎ᠡ ᠶᠢ ᠨᠥᠬᠦᠪᠦᠷᠢᠯᠡᠬᠦ ᠥᠶ᠎ᠡ ᠳᠤ ᠣᠷᠤᠯᠭ᠎ᠠ ᠶᠢ ᠨᠢ ᠪᠠᠭᠠᠰᠬᠠᠬᠤ ᠪᠠᠷ ᠳᠠᠮᠵᠢᠭᠤᠯᠤᠨ᠂ ᠡᠳᠡᠭᠡᠷ ᠭᠡᠷ | ᠪᠦᠯᠢ ᠶᠢᠨ ᠨᠥᠬᠦᠪᠦᠷᠢ ᠮᠥᠩᠭᠦ ᠶᠢᠨ ᠬᠢᠷᠢ ᠲᠥᠪᠰᠢᠨ ᠢ ᠨᠢ ᠳᠡᠭᠡᠭᠰᠢᠯᠡᠭᠦᠯᠦᠨ᠎ᠡ᠃ | ︵ᠬᠤᠶᠠᠷ︶ ᠭᠡᠷ ᠪᠦᠯᠢ ᠶᠢᠨ ᠣᠷᠤᠯᠭ᠎ᠠ ᠶᠢᠨ ᠲᠣᠭᠠᠴᠠᠭ᠎ᠠ ᠶᠢ ᠪᠠᠭᠠᠰᠬᠠᠬᠤ ᠪᠣᠳᠤᠬᠤ ᠠᠷᠭ᠎ᠠ ᠶᠢ | ᠳᠠᠭᠠᠯᠳᠤᠭᠤᠯᠤᠯ ᠬᠦᠰᠦᠨᠦᠭᠲᠦ 2 ᠠᠴᠠ ᠦᠵᠡ᠃ | ︵ᠭᠤᠷᠪᠠ︶ ᠭᠡᠷ ᠪᠦᠯᠢ ᠨᠢ ᠳᠡᠭᠡᠷ᠎ᠡ ᠳᠤᠷᠠᠳᠤᠭᠰᠠᠨ ᠬᠡᠳᠦᠨ ᠪᠠᠶᠢᠳᠠᠯ ᠳᠤ ᠪᠦᠷ ᠨᠡᠶᠢᠴᠡᠭᠰᠡᠨ ᠪᠠᠶᠢᠪᠠᠯ | ᠲᠡᠭᠦᠨ ᠤ ᠳᠣᠲᠤᠷᠠᠬᠢ ᠨᠢᠭᠡ ᠶᠢ ᠨᠢ ᠪᠠᠭᠠᠰᠬᠠᠨ᠎ᠠ᠃ | ᠲᠠᠪᠤᠳᠤᠭᠠᠷ ᠪᠥᠯᠦᠭ ᠭᠤᠶᠤᠴᠢᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ | ᠠᠷᠪᠠᠨ ᠭᠤᠷᠪᠠᠳᠤᠭᠠᠷ ᠵᠦᠢᠯ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠦᠶᠡᠰ ᠭᠡᠷ ᠪᠦᠯᠢ ᠪᠠᠷ | ᠨᠢᠭᠡᠴᠢ ᠪᠤᠯᠭᠠᠵᠤ᠂ ᠡᠷᠦᠬᠡ ᠶᠢᠨ ᠡᠵᠡᠨ ᠪᠣᠶᠤ ᠲᠡᠭᠦᠨ ᠤ ᠣᠷᠤᠯᠠᠨ ᠭᠦᠢᠴᠡᠳᠬᠡᠭᠴᠢ ᠠᠴᠠ ᠡᠷᠦᠬᠡ ᠶᠢᠨ ᠡᠵᠡᠨ ᠤ | ᠨᠡᠷ᠎ᠡ ᠪᠠᠷ ᠡᠷᠦᠬᠡ ᠠᠮᠠ ᠪᠠᠶᠢᠭ᠎ᠠ ᠭᠠᠵᠠᠷ ᠤᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠢᠴᠢᠭ ᠤᠨ ᠭᠤᠶᠤᠴᠢᠯᠠᠯ ᠳᠡᠪᠰᠢᠭᠦᠯᠦᠨ᠎ᠡ᠃ | ᠭᠤᠶᠤᠴᠢᠯᠠᠭᠴᠢ ᠶᠢᠨ ᠨᠠᠶᠢᠳᠠᠯᠭ᠎ᠠ ᠪᠠᠷ᠂ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ | ᠭᠤᠶᠤᠴᠢᠯᠠᠭᠴᠢ ᠶᠢ ᠣᠷᠤᠯᠠᠵᠤ ᠡᠷᠦᠬᠡ ᠠᠮᠠ ᠪᠠᠶᠢᠭ᠎ᠠ ᠭᠠᠵᠠᠷ ᠤᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠢᠴᠢᠭ ᠤᠨ ᠭᠤᠶᠤᠴᠢᠯᠠᠯ ᠵᠢᠴᠢ ᠬᠤᠯᠪᠤᠭᠳᠠᠯ ᠪᠥᠬᠦᠢ ᠪᠢᠴᠢᠭ ᠮᠠᠲ᠋ᠧᠷᠢᠶᠠᠯ ᠢ ᠲᠤᠰᠢᠶᠠᠨ᠎ᠠ᠃ | ᠠᠷᠪᠠᠨ ᠳᠦᠷᠪᠡᠳᠦᠭᠡᠷ ᠵᠦᠢᠯ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠭᠤᠶᠤᠴᠢᠯᠠᠯ ᠶᠣᠰᠤᠭᠠᠷ ᠭᠤᠶᠤᠴᠢᠯᠠᠭᠴᠢ ᠳᠤ《 ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠤᠶᠤᠴᠢᠯᠠᠯ ᠤᠨ ᠪᠢᠴᠢᠭ ᠮᠠᠲ᠋ᠧᠷᠢᠶᠠᠯ ᠤᠨ〔 ᠨᠢᠭᠡ ᠯᠡ ᠤᠳᠠᠭ᠎ᠠ ᠶᠢᠨ | ᠴᠢᠨᠠᠷᠲᠠᠢ〕ᠮᠡᠳᠡᠭᠳᠡᠯ ᠪᠢᠴᠢᠭ》᠂《 ᠭᠤᠶᠤᠴᠢᠯᠠᠭᠴᠢ ᠳᠤ ᠰᠠᠨᠠᠭᠤᠯᠬᠤ ᠰᠡᠷᠡᠮᠵᠢ ᠶᠢᠨ ᠬᠠᠭᠤᠳᠠᠰᠤ》 ᠶᠢ | ᠲᠠᠷᠬᠠᠭᠠᠵᠤ᠂ ᠭᠤᠶᠤᠴᠢᠯᠠᠭᠴᠢ ᠶᠢᠨ ᠪᠡᠶᠡᠯᠡᠭᠦᠯᠪᠡᠰᠤ ᠵᠣᠬᠢᠬᠤ ᠬᠠᠷᠢᠭᠤᠴᠠᠯᠭ᠎ᠠ ᠪᠠ ᠡᠭᠦᠷᠭᠡ ᠶᠢ ᠮᠡᠳᠡᠭᠳᠡᠨ᠎ᠡ᠃ | ᠬᠠᠩᠭᠠᠭᠰᠠᠨ ᠭᠤᠶᠤᠴᠢᠯᠠᠯ ᠤᠨ ᠪᠢᠴᠢᠭ ᠮᠠᠲ᠋ᠧᠷᠢᠶᠠᠯ ᠨᠢ ᠪᠥᠷᠢᠨ ᠭᠦᠢᠴᠡᠳ ᠪᠣᠯ ᠬᠦᠯᠢᠶᠡᠨ ᠠᠪᠴᠤ | ᠰᠢᠢᠳᠪᠦᠷᠢᠯᠡᠨ᠎ᠡ᠂ ᠬᠠᠩᠭᠠᠭᠰᠠᠨ ᠪᠢᠴᠢᠭ ᠮᠠᠲ᠋ᠧᠷᠢᠶᠠᠯ ᠨᠢ ᠪᠦᠷᠢᠨ ᠭᠦᠢᠴᠡᠳ ᠪᠢᠰᠢ ᠪᠠᠶᠢᠪᠠᠯ ᠭᠤᠶᠤᠴᠢᠯᠠᠭᠴᠢ ᠳᠤ | ᠨᠢᠭᠡ ᠯᠡ ᠤᠳᠠᠭ᠎ᠠ ᠶᠢᠨ ᠴᠢᠨᠠᠷᠲᠠᠢ ᠮᠡᠳᠡᠭᠳᠡᠬᠦ ᠪᠣᠶᠤ ᠣᠷᠤᠯᠠᠨ ᠭᠦᠢᠴᠡᠳᠬᠡᠭᠴᠢ ᠶᠢᠨ ᠪᠣᠢ ᠪᠥᠬᠦᠢ ᠲᠣᠭᠲᠠᠭᠠᠭᠰᠠᠨ | ᠪᠢᠴᠢᠭ ᠮᠠᠲ᠋ᠧᠷᠢᠶᠠᠯ ᠢ ᠨᠥᠬᠦᠪᠦᠷᠢᠯᠡᠬᠦ ᠶᠢ ᠱᠠᠭᠠᠷᠳᠠᠨ᠎ᠠ᠃ | ᠠᠷᠪᠠᠨ ᠲᠠᠪᠤᠳᠤᠭᠠᠷ ᠵᠦᠢᠯ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠦᠶᠡᠰ᠂ | ᠭᠤᠶᠤᠴᠢᠯᠠᠭᠴᠢ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠠᠷᠳᠠᠨ ᠭᠦᠢᠴᠡᠳᠬᠡᠭᠴᠢ ᠪᠠ ᠲᠤᠰᠬᠤᠨ ᠤ ︵ᠰᠠᠭᠤᠭᠠᠯᠢ︶ | ᠠᠷᠠᠳ ᠤᠨ ᠵᠦᠪᠯᠡᠯ ᠤᠨ ᠪᠦᠷᠢᠯᠳᠦᠭᠦᠨ ᠲᠠᠢ ᠣᠶᠢᠷ᠎ᠠ ᠲᠥᠷᠦᠯ ᠰᠠᠳᠤᠨ ᠤ ᠬᠠᠷᠢᠴᠠᠭ᠎ᠠ ᠲᠠᠢ ᠪᠣᠯ᠂ ᠦᠨᠡᠨ | ᠮᠦᠨ ᠢᠶᠠᠷ ᠨᠢ ᠲᠣᠳᠤᠷᠬᠠᠶᠢᠯᠠᠵᠤ ᠳᠠᠩᠰᠠᠯᠠᠬᠤ ᠬᠡᠷᠡᠭᠲᠡᠢ ᠃ | ᠨᠠᠭᠠᠲᠤ ᠵᠠᠬ᠎ᠠ ᠶᠢᠨ ᠪᠠᠲᠤᠯᠠᠭ᠎ᠠ ᠶᠢ ᠭᠠᠷᠳᠠᠨ ᠭᠦᠢᠴᠡᠳᠬᠡᠭᠴᠢ ᠪᠠ ᠲᠤᠰᠬᠤᠨ ᠤ ︵ᠰᠠᠭᠤᠭᠠᠯᠢ︶ | ᠠᠷᠠᠳ ᠤᠨ ᠵᠦᠪᠯᠡᠯ ᠤᠨ ᠪᠦᠷᠢᠯᠳᠦᠭᠦᠨ ᠲᠠᠢ ᠣᠶᠢᠷ᠎ᠠ ᠲᠥᠷᠦᠯ ᠰᠠᠳᠤᠨ ᠤ ᠬᠠᠷᠢᠴᠠᠭ᠎ᠠ ᠲᠠᠢ ᠭᠤᠶᠤᠴᠢᠯᠠᠭᠴᠢ ᠶᠢᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠳᠤ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ | ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠤᠰᠠᠭᠠᠷ ᠳᠠᠩᠰᠠ ᠬᠢᠬᠦ ᠬᠡᠷᠡᠭᠲᠡᠢ ᠃ | 《ᠨᠠᠭᠠᠲᠤ ᠵᠠᠬ᠎ᠠ ᠶᠢᠨ ᠪᠠᠲᠤᠯᠠᠭ᠎ᠠ ᠶᠢ ᠭᠠᠷᠳᠠᠨ ᠭᠦᠢᠴᠡᠳᠬᠡᠭᠴᠢ》ᠪᠣᠯ ᠨᠠᠭᠠᠲᠤ ᠵᠠᠬ᠎ᠠ ᠶᠢᠨ ᠪᠠᠲᠤᠯᠠᠭ᠎ᠠ ᠶᠢ | ᠬᠦᠯᠢᠶᠡᠨ ᠠᠪᠴᠤ ᠰᠢᠢᠳᠪᠦᠷᠢᠯᠡᠬᠦ ᠶᠢ ᠪᠤᠳᠠᠲᠠᠢ ᠭᠦᠢᠴᠡᠳᠭᠡᠬᠦ ᠪᠠ ᠬᠤᠪᠢᠳᠠᠨ ᠬᠠᠮᠢᠶᠠᠷᠬᠤ᠂ ᠬᠢᠨᠠᠨ ᠬᠠᠷᠭᠤᠭᠤᠯᠬᠤ | ︵ᠭᠡᠷ ᠪᠦᠯᠢ ᠶᠢᠨ ᠪᠦᠷᠢᠯᠳᠦᠭᠦᠨ ᠤ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠶᠢ ᠪᠠᠭᠲᠠᠭᠠᠨ᠎ᠠ︶᠂ ᠬᠢᠨᠠᠨ | ᠵᠦᠪᠰᠢᠶᠡᠷᠡᠬᠦ ᠵᠡᠷᠭᠡ ᠵᠦᠢᠯᠡᠰ ᠲᠤ ᠬᠤᠯᠪᠤᠭᠳᠠᠬᠤ ᠰᠢᠶᠠᠨ ᠤ ᠳᠡᠰ ᠤᠨ ᠠᠷᠠᠳ ᠤᠨ ᠵᠠᠰᠠᠭ ᠤᠨ ᠣᠷᠳᠤᠨ ᠤ | ᠰᠠᠯᠠᠭ᠎ᠠ ᠮᠦᠴᠢᠷ ᠵᠢᠴᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠤ ᠠᠵᠢᠯᠲᠠᠨ᠂ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠤᠨ ᠠᠵᠢᠯᠲᠠᠨ ᠢ ᠵᠢᠭᠠᠨ᠎ᠠ᠃ | 《ᠣᠶᠢᠷ᠎ᠠ ᠲᠥᠷᠦᠯ ᠰᠠᠳᠤᠨ》 ᠳᠤ ᠬᠠᠨᠢ ᠨᠥᠬᠦᠷ᠂ ᠡᠴᠢᠭᠡ ᠡᠬᠡ᠂ ᠦᠷ᠎ᠡ ᠬᠡᠤᠬᠡᠳ᠂ ᠠᠬ᠎ᠠ ᠳᠡᠭᠦᠤ | ᠡᠭᠡᠴᠢ ᠦᠬᠢᠨ ᠳᠡᠭᠦᠤ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠠᠴᠢᠨᠠᠷ᠂ ᠵᠢᠭᠡ ᠣᠮᠪᠤᠯᠤ ᠢ ᠪᠠᠭᠲᠠᠭᠠᠨ᠎ᠠ᠃ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠪᠣᠯᠲᠠᠯ᠎ᠠ 30 | ᠠᠵᠢᠯᠯᠠᠬᠤ ᠡᠳᠤᠷ ᠤᠨ ᠳᠣᠲᠤᠷ᠎ᠠ ᠭᠦᠢᠴᠡᠳᠬᠡᠵᠤ ᠳᠠᠭᠤᠰᠬᠠᠭᠰᠠᠨ ᠪᠠᠶᠢᠬᠤ ᠬᠡᠷᠡᠭᠲᠡᠢ ︵ᠳᠡᠭᠡᠷᠡᠬᠢ ᠬᠤᠭᠤᠴᠠᠭ᠎ᠠ ᠳᠤ | ᠢᠯᠡ ᠨᠡᠶᠢᠲᠡᠯᠡᠬᠦ ᠬᠤᠭᠤᠴᠠᠭ᠎ᠠ ᠶᠢ ᠪᠠᠭᠲᠠᠭᠠᠬᠤ ᠦᠭᠡᠢ︶᠃ ᠨᠥᠬᠦᠴᠡᠯ ᠳᠤ ᠨᠡᠶᠢᠴᠡᠬᠦ ᠦᠭᠡᠢ ᠪᠣᠯ《 | ᠵᠦᠪᠰᠢᠶᠡᠷᠡᠯ ᠣᠯᠭᠤᠬᠤ ᠦᠭᠡᠢ ᠶᠢ ᠮᠡᠳᠡᠭᠳᠡᠬᠦ ᠪᠢᠴᠢᠭ》ᠭᠠᠷᠳᠠᠭᠤᠯᠬᠤ ᠪᠥᠭᠡᠳ ᠪᠢᠴᠢᠭ ᠤᠨ ᠬᠡᠯᠪᠡᠷᠢ ᠪᠠᠷ | ᠰᠢᠯᠲᠠᠭᠠᠨ ᠢ ᠨᠢ ᠮᠡᠳᠡᠭᠳᠡᠬᠦ ᠬᠡᠷᠡᠭᠲᠡᠢ᠃ | ᠵᠢᠷᠭᠤᠳᠤᠭᠠᠷ ᠪᠥᠯᠦᠭ ᠡᠷᠦᠬᠡ ᠳᠤ ᠬᠦᠷᠴᠤ ᠪᠠᠶᠢᠴᠠᠭᠠᠬᠤ ᠵᠢᠴᠢ ᠠᠷᠠᠳᠴᠢᠯᠠᠯ ᠢᠶᠠᠷ ᠦᠨᠡᠯᠡᠬᠦ᠂ | ᠢᠯᠡ ᠪᠠᠷ ᠨᠡᠶᠢᠲᠡᠯᠡᠬᠦ | ᠠᠷᠪᠠᠨ ᠵᠢᠷᠭᠤᠳᠤᠭᠠᠷ ᠵᠦᠢᠯ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ︶ ᠠᠴᠠ ᠰᠢᠨ᠎ᠡ ᠪᠠᠷ ᠭᠤᠶᠤᠴᠢᠯᠠᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠵᠢᠨᠡᠲᠡᠬᠡᠳ ᠲᠤ100% ᠶᠢᠨ | ᠬᠠᠷᠢᠴᠠᠯ ᠢᠶᠠᠷ ᠡᠷᠦᠬᠡ ᠳᠤ ᠬᠦᠷᠴᠤ ᠪᠠᠶᠢᠴᠠᠭᠠᠯᠲᠠ ᠬᠢᠨ᠎ᠡ᠂ ᠬᠤᠰᠢᠭᠤ ᠰᠢᠶᠠᠨ ᠲᠣᠭᠤᠷᠢᠭ ᠤᠨ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠡᠴᠡᠰᠢᠨᠡ ᠪᠠᠷ ᠭᠤᠶᠤᠴᠢᠯᠠᠭᠰᠠᠨ ᠳᠣᠣᠷ᠎ᠠ ᠪᠠᠲᠤᠯᠠᠭ᠎ᠠ ᠶᠢᠨ ᠡᠲᠡᠬᠡᠳ ᠲᠤ | 30% ᠶᠢᠨ ᠬᠠᠷᠢᠴᠠᠯ ᠢᠶᠠᠷ ᠡᠷᠦᠬᠡ ᠳᠤ ᠬᠦᠷᠴᠤ ᠪᠠᠶᠢᠴᠠᠭᠠᠯᠲᠠ ᠬᠢᠨ᠎ᠡ᠂ ᠡᠷᠦᠬᠡ ᠳᠤ ᠬᠦᠷᠬᠦ ᠠᠵᠢᠯᠲᠠᠨ ᠤ ᠲᠤᠭ᠎ᠠ | 2 ᠬᠥᠮᠦᠨ ᠠᠴᠠ ᠪᠠᠭ᠎ᠠ ᠪᠠᠶᠢᠵᠤ ᠪᠣᠯᠬᠤ ᠦᠭᠡᠢ ᠪᠥᠭᠡᠳ ᠡᠷᠦᠬᠡ ᠳᠤ ᠬᠦᠷᠦᠭᠰᠡᠨ ᠪᠠᠶᠢᠴᠠᠭᠠᠯᠲᠠ ᠶᠢᠨ | ᠬᠦᠰᠦᠨᠦᠭᠲᠦ ᠲᠠᠭᠯᠠᠵᠤ᠂ ᠡᠷᠦᠬᠡ ᠳᠤ ᠬᠦᠷᠦᠭᠰᠡᠨ ᠠᠵᠢᠯᠲᠠᠨ ᠪᠠ ᠭᠤᠶᠤᠴᠢᠯᠠᠭᠴᠢ ᠴᠥᠮ ᠭᠠᠷ ᠤᠨ ᠦᠰᠦᠭ | ᠵᠢᠷᠤᠵᠤ ᠪᠠᠲᠤᠯᠠᠬᠤ ᠬᠡᠷᠡᠭᠲᠡᠢ᠃ | ᠠᠷᠪᠠᠨ ᠳᠣᠯᠤᠳᠤᠭᠠᠷ ᠵᠦᠢᠯ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠭᠡᠷ ᠪᠦᠯᠢ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠠ ᠲᠤᠰᠬᠤᠨ ᠤ ︵ᠰᠠᠭᠤᠭᠠᠯᠢ︶ ᠠᠷᠠᠳ ᠤᠨ | ᠵᠦᠪᠯᠡᠯ ᠤᠨ ᠵᠣᠬᠢᠶᠠᠨ ᠪᠠᠶᠢᠭᠤᠯᠤᠭᠰᠠᠨ ᠨᠣᠲᠠᠯᠠᠨ ᠲᠣᠭᠲᠠᠭᠠᠬᠤ ᠡᠲᠡᠬᠡᠳ ᠤᠨ ᠠᠷᠠᠳᠴᠢᠯᠠᠯ ᠢᠶᠠᠷ ᠦᠨᠡᠯᠡᠬᠦ ᠳᠤ | ᠣᠷᠤᠯᠴᠠᠬᠤ ᠴᠢᠬᠤᠯᠠᠲᠠᠢ᠂ ᠠᠷᠠᠳᠴᠢᠯᠠᠯ ᠢᠶᠠᠷ ᠦᠨᠡᠯᠡᠬᠦ ᠭᠤᠣᠯ ᠠᠭᠤᠯᠭ᠎ᠠ ᠨᠢ ᠭᠤᠶᠤᠴᠢᠯᠠᠭᠴᠢ ᠶᠢᠨ ᠬᠠᠩᠭᠠᠭᠰᠠᠨ | ᠪᠢᠴᠢᠭ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠪᠠ ᠪᠦᠷᠢᠨ ᠪᠥᠲᠦᠨ ᠴᠢᠨᠠᠷ ᠮᠦᠨ᠃ ᠠᠷᠠᠳᠴᠢᠯᠠᠯ ᠢᠶᠠᠷ | ᠦᠨᠡᠯᠡᠬᠦ ᠳᠤ ᠣᠷᠤᠯᠴᠠᠬᠤ ᠬᠥᠮᠦᠨ ᠤ ᠲᠤᠭ᠎ᠠ 9 ᠬᠥᠮᠦᠨ ᠠᠴᠠ ᠪᠠᠭ᠎ᠠ ᠪᠠᠶᠢᠵᠤ ᠪᠣᠯᠬᠤ ᠦᠭᠡᠢ᠂ ᠡᠭᠦᠨ ᠳᠤ | ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠤᠨ ᠲᠥᠯᠦᠭᠡᠯᠡᠭᠴᠢ ᠶᠢᠨ ᠲᠤᠭ᠎ᠠ ᠠᠷᠠᠳᠴᠢᠯᠠᠯ ᠢᠶᠠᠷ | ᠦᠨᠡᠯᠡᠬᠦ ᠳᠤ ᠣᠷᠤᠯᠴᠠᠬᠤ ᠬᠥᠮᠦᠨ ᠤ ᠶᠡᠷᠦᠩᠬᠡᠢ ᠲᠤᠭ᠎ᠠ ᠶᠢᠨ ᠭᠤᠷᠪᠠᠨ ᠤ ᠬᠤᠶᠠᠷ ᠠᠴᠠ ᠳᠡᠭᠡᠭᠰᠢ ᠪᠠᠶᠢᠬᠤ | ᠬᠡᠷᠡᠭᠲᠡᠢ᠃ ᠦᠨᠡᠯᠡᠯᠲᠡ ᠨᠢ ᠡᠷᠬᠡᠪᠰᠢ ᠬᠤᠷᠠᠯ ᠤᠨ ᠬᠡᠯᠪᠡᠷᠢ ᠪᠠᠷ ᠶᠠᠪᠤᠭᠳᠠᠭᠰᠠᠨ ᠪᠠᠶᠢᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠠᠭᠠᠲᠤ ᠵᠠᠬ᠎ᠠ ᠶᠢᠨ ᠪᠠᠲᠤᠯᠠᠭ᠎ᠠ ᠶᠢ ᠢᠯᠡ ᠪᠠᠷ ᠨᠡᠶᠢᠲᠡᠯᠡᠬᠦ ᠳᠤ ᠬᠤᠶᠠᠷ ᠵᠠᠷᠯᠠᠯ | ᠳᠤ ᠨᠡᠶᠢᠲᠡᠯᠡᠬᠦ ᠪᠠ ᠤᠷᠲᠤ ᠬᠤᠭᠤᠴᠠᠭ᠎ᠠ ᠪᠠᠷ ᠨᠡᠶᠢᠲᠡᠯᠡᠬᠦ ᠶᠢ ᠬᠡᠷᠡᠭᠵᠢᠭᠦᠯᠦᠨ᠎ᠡ᠃ ᠨᠢᠭᠡᠳᠦᠭᠡᠷ ᠤᠳᠠᠭᠠᠨ ᠤ ᠵᠠᠷᠯᠠᠯ | ᠨᠢ ᠬᠢᠨᠠᠨ ᠬᠠᠷᠭᠤᠭᠤᠯᠬᠤ ᠨᠡᠶᠢᠲᠡᠯᠡᠯ ᠪᠠᠶᠢᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠠᠴᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠤᠨ ᠲᠣᠬᠢᠷᠠᠭᠤᠯᠤᠭᠰᠠᠨ ᠢᠯᠡ ᠪᠠᠷ ᠨᠡᠶᠢᠲᠡᠯᠡᠬᠦ | ᠰᠠᠮᠪᠠᠷ᠎ᠠ ᠳᠡᠭᠡᠷ᠎ᠡ ᠡᠷᠦᠬᠡ ᠳᠤ ᠬᠦᠷᠴᠤ ᠬᠢᠭᠰᠡᠨ ᠪᠠᠶᠢᠴᠠᠭᠠᠯᠲᠠ᠂ ᠠᠷᠠᠳᠴᠢᠯᠠᠯᠲᠤ ᠦᠨᠡᠯᠡᠯᠲᠡ ᠪᠠ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢ ᠢᠯᠡ ᠪᠠᠷ ᠨᠡᠶᠢᠲᠡᠯᠡᠨ᠎ᠡ᠂ ᠢᠯᠡ ᠪᠠᠷ ᠨᠡᠶᠢᠲᠡᠯᠡᠬᠦ ᠬᠤᠭᠤᠴᠠᠭ᠎ᠠ ᠨᠢ 3 ᠡᠳᠤᠷ | ᠪᠣᠯᠤᠨ᠎ᠠ᠃ ᠬᠤᠶᠠᠳᠤᠭᠠᠷ ᠤᠳᠠᠭᠠᠨ ᠤ ᠵᠠᠷᠯᠠᠯ ᠨᠢ ᠲᠤᠭᠤᠷᠪᠢᠨ ᠲᠣᠭᠲᠠᠭᠠᠭᠰᠠᠨ ᠬᠢᠨᠠᠨ ᠵᠦᠪᠰᠢᠶᠡᠷᠡᠬᠦ ᠨᠡᠶᠢᠲᠡᠯᠡᠯ | ᠪᠠᠶᠢᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠣᠭᠤᠷᠪᠢᠨ | ᠲᠣᠭᠲᠠᠭᠠᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠭᠦᠨ᠂ ᠣᠷᠤᠯᠭ᠎ᠠ ᠶᠢᠨ ᠪᠠᠶᠢᠳᠠᠯ᠂ | ᠲᠤᠭᠤᠷᠪᠢᠨ ᠲᠣᠭᠲᠠᠭᠠᠭᠰᠠᠨ ᠪᠠᠲᠤᠯᠠᠭ᠎ᠠ ᠶᠢᠨ ᠮᠥᠩᠭᠦ ᠵᠡᠷᠭᠡ ᠶᠢ ᠲᠡᠭᠦᠨ ᠤ ᠣᠷᠤᠰᠢᠨ ᠰᠠᠭᠤᠵᠤ ᠪᠠᠶᠢᠭ᠎ᠠ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠤᠰᠬᠤᠨ ᠤ ︵ᠰᠠᠭᠤᠭᠠᠯᠢ︶ ᠠᠷᠠᠳ ᠤᠨ | ᠵᠦᠪᠯᠡᠯ ᠤᠨ ᠵᠠᠰᠠᠭ ᠤᠨ ᠶᠠᠪᠤᠳᠠᠯ ᠢ ᠢᠯᠡ ᠪᠠᠷ ᠨᠡᠶᠢᠲᠡᠯᠡᠬᠦ ᠲᠣᠭᠲᠠᠭᠰᠠᠨ ᠰᠠᠮᠪᠠᠷ᠎ᠠ᠂ ᠲᠤᠰᠬᠤᠨ ᠤ ︵ᠰᠠᠭᠤᠭᠠᠯᠢ | ᠠᠷᠠᠳ ᠤᠨ ᠵᠦᠪᠯᠡᠯ︶ ᠤ ᠠᠵᠢᠯ ᠤᠨ ᠰᠠᠮᠪᠠᠷ᠎ᠠ ᠵᠢᠴᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠯᠧᠺᠲᠷᠤᠨ | ᠳᠡᠯᠭᠡᠴᠡ ᠵᠡᠷᠭᠡ ᠲᠠᠯᠠᠪᠤᠷ ᠪᠠ ᠭᠠᠵᠠᠷ ᠣᠷᠤᠨ ᠳᠤ ᠬᠢᠨᠠᠨ ᠵᠦᠪᠰᠢᠶᠡᠷᠡᠬᠦ ᠶᠢ ᠢᠯᠡ ᠪᠠᠷ ᠨᠡᠶᠢᠲᠡᠯᠡᠨ᠎ᠡ᠂ ᠢᠯᠡ ᠪᠠᠷ | ᠨᠡᠶᠢᠲᠡᠯᠡᠬᠦ ᠬᠤᠭᠤᠴᠠᠭ᠎ᠠ ᠨᠢ 7 ᠡᠳᠤᠷ ᠠᠴᠠ ᠪᠠᠭ᠎ᠠ ᠪᠠᠶᠢᠵᠤ ᠪᠣᠯᠬᠤ ᠦᠭᠡᠢ᠃ ᠬᠤᠰᠢᠭᠤ ᠰᠢᠶᠠᠨ ᠲᠣᠭᠤᠷᠢᠭ ᠤᠨ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠤ | ᠪᠠᠶᠢᠭ᠎ᠠ ᠪᠥᠬᠦ ᠡᠲᠡᠬᠡᠳ ᠤᠨ ᠭᠡᠷ ᠪᠦᠯᠢ ᠶᠢᠨ ᠪᠦᠷᠢᠯᠳᠦᠭᠦᠨ᠂ ᠣᠷᠤᠯᠭ᠎ᠠ ᠶᠢᠨ ᠪᠠᠶᠢᠳᠠᠯ᠂ ᠪᠠᠲᠤᠯᠠᠭ᠎ᠠ ᠶᠢᠨ | ᠮᠥᠩᠭᠦ ᠶᠢ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠶᠤ ᠣᠷᠤᠰᠢᠨ ᠰᠠᠭᠤᠵᠤ | ᠪᠠᠶᠢᠭ᠎ᠠ ᠭᠠᠵᠠᠷ ᠲᠤ ᠤᠷᠲᠤ ᠬᠤᠭᠤᠴᠠᠭ᠎ᠠ ᠪᠠᠷ ᠢᠯᠡ ᠪᠠᠷ ᠨᠡᠶᠢᠲᠡᠯᠡᠬᠦ ᠶᠢᠨ ᠬᠠᠮᠲᠤ ᠠᠷᠠᠳ ᠤᠨ ᠶᠠᠪᠤᠳᠠᠯ ᠤᠨ | ᠲᠣᠪᠴᠢᠶ᠎ᠠ᠂ ᠬᠢᠨᠠᠨ ᠪᠠᠶᠢᠴᠠᠭᠠᠬᠤ ᠵᠦᠪᠯᠡᠯ᠂ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠦᠴᠢᠷ ᠤᠨ ᠢᠯᠡᠴᠢᠯᠡᠨ | ᠮᠡᠳᠡᠭᠦᠯᠬᠦ ᠤᠲᠠᠰᠤ ᠶᠢ ᠨᠡᠶᠢᠲᠡᠯᠡᠵᠤ᠂ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠬᠦ ᠳᠤ ᠳᠥᠭᠦᠮ ᠦᠵᠡᠭᠦᠯᠦᠨ᠎ᠡ᠃ | ᠳᠣᠯᠤᠳᠤᠭᠠᠷ ᠪᠥᠯᠦᠭ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ ᠪᠠ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠬᠦ | ᠠᠷᠪᠠ ᠶᠢᠰᠦᠳᠦᠭᠡᠷ ᠵᠦᠢᠯ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠡᠷ | ᠪᠦᠯᠢ ᠳᠤ ᠨᠢ ᠬᠦᠨᠳᠤ ᠡᠪᠡᠳᠴᠢᠨ ᠲᠠᠢ᠂ ᠬᠦᠨᠳᠤ ᠳᠡᠰ ᠤᠨ ᠵᠡᠮᠳᠡᠭ ᠪᠦᠷᠢᠯᠳᠦᠭᠦᠨ ᠪᠠᠶᠢᠬᠤ ᠪᠥᠭᠡᠳ ᠣᠷᠤᠯᠭ᠎ᠠ | ᠨᠢ ᠦᠨᠳᠦᠰᠦᠨ ᠳᠤ ᠪᠠᠨ ᠬᠤᠪᠢᠷᠠᠯᠲᠠ ᠦᠭᠡᠢ ᠵᠢᠴᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ᠂ ᠭᠡᠷ | ᠪᠦᠯᠢ ᠶᠢᠨ ᠪᠦᠷᠢᠯᠳᠦᠭᠦᠨ ᠤ ᠦᠨᠳᠦᠰᠦᠨ ᠪᠠᠶᠢᠳᠠᠯ ᠨᠢ ᠬᠠᠷᠢᠴᠠᠩᠭᠤᠢ ᠲᠣᠭᠲᠠᠪᠤᠷᠢᠲᠠᠢ ᠨᠠᠭᠠᠲᠤ ᠵᠠᠬ᠎ᠠ ᠶᠢᠨ | ᠪᠠᠲᠤᠯᠠᠭ᠎ᠠ ᠶᠢᠨ A.B ᠲᠥᠷᠦᠯ ᠤᠨ ᠭᠡᠷ ᠪᠦᠯᠢ ᠳᠤ ᠣᠨ ᠤ ᠬᠢᠨᠠᠨ ᠪᠣᠳᠤᠯᠲᠠ ᠶᠢ ᠬᠡᠷᠡᠭᠵᠢᠭᠦᠯᠦᠨ᠎ᠡ︔ ᠣᠷᠤᠯᠭ᠎ᠠ | ᠨᠢ ᠲᠣᠭᠲᠠᠪᠤᠷᠢ ᠦᠭᠡᠢ᠂ ᠬᠦᠳᠡᠯᠮᠦᠷᠢᠯᠡᠬᠦ ᠴᠢᠳᠠᠪᠤᠷᠢ ᠲᠠᠢ ᠪᠠ ᠬᠦᠳᠡᠯᠮᠦᠷᠢᠯᠡᠬᠦ ᠨᠥᠬᠦᠴᠡᠯ ᠲᠠᠢ ᠨᠠᠭᠠᠲᠤ ᠵᠠᠬ᠎ᠠ ᠶᠢᠨ | ᠪᠠᠲᠤᠯᠠᠭ᠎ᠠ ᠶᠢᠨ C ᠲᠥᠷᠦᠯ ᠤᠨ ᠭᠡᠷ ᠪᠦᠯᠢ ᠳᠤ ᠤᠯᠠᠷᠢᠯ ᠤᠨ ᠬᠢᠨᠠᠨ ᠪᠣᠳᠤᠯᠲᠠ ᠶᠢ ᠬᠡᠷᠡᠭᠵᠢᠭᠦᠯᠦᠨ᠎ᠡ᠂ ᠵᠢᠯ ᠪᠦᠷᠢ | ᠳᠠᠬᠢᠨ ᠬᠢᠨᠠᠵᠤ ᠨᠣᠲᠠᠯᠠᠨ ᠲᠣᠭᠲᠠᠭᠠᠭᠰᠠᠨ ᠤ ᠳᠠᠷᠠᠭᠠᠬᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠬᠡᠳ ᠤᠨ | ᠨᠡᠷᠡᠰ ᠢ ᠬᠤᠰᠢᠭᠤ ᠰᠢᠶᠠᠨ ᠲᠣᠭᠤᠷᠢᠭ ᠤᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ᠂ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ | ᠪᠠᠲᠤᠯᠠᠨ᠎ᠠ︔ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ ᠠᠴᠠ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠤ ᠲᠣᠭᠲᠠᠮᠠᠯ ᠬᠤᠭᠤᠴᠠᠭ᠎ᠠ ᠲᠠᠢ ᠪᠠᠷ ᠭᠡᠷ ᠪᠦᠯᠢ ᠶᠢᠨ ᠬᠥᠮᠦᠨ ᠠᠮᠠ᠂ ᠣᠷᠤᠯᠭ᠎ᠠ ᠪᠠ | ᠡᠳ᠋ ᠬᠥᠷᠦᠩᠭᠡ ᠶᠢᠨ ᠪᠠᠶᠢᠳᠠᠯ ᠤᠨ ᠬᠤᠪᠢᠷᠠᠯᠲᠠ ᠪᠠᠨ ᠮᠡᠳᠡᠭᠦᠯᠦᠨ᠎ᠡ ︵ᠪᠣᠳᠠᠲᠠᠢ ᠴᠠᠭ ᠬᠤᠭᠤᠴᠠᠭ᠎ᠠ ᠶᠢ ᠬᠤᠰᠢᠭᠤ | ᠰᠢᠶᠠᠨ ᠲᠣᠭᠤᠷᠢᠭ ᠥᠪᠡᠷ ᠢᠶᠠᠨ ᠲᠣᠭᠲᠠᠭᠠᠨ᠎ᠠ︶᠃ | ᠨᠠᠢᠮᠠᠳᠤᠭᠠᠷ ᠪᠥᠯᠦᠭ ᠳᠠᠭᠠᠯᠳᠤᠭᠤᠯᠤᠯ | ᠬᠤᠷᠢᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ ᠲᠤᠰ ᠠᠷᠭ᠎ᠠ ᠶᠢ ᠪᠤᠳᠠᠲᠠᠢ ᠬᠡᠷᠡᠭᠵᠢᠭᠦᠯᠬᠦ | ᠶᠠᠪᠤᠴᠠ ᠳᠣᠮᠳᠠ ᠪᠠᠨ ᠬᠦᠳᠡᠯᠮᠦᠷᠢ ᠶᠢᠨ ᠬᠦᠴᠦᠨ ᠤ ᠢᠯᠡᠳᠬᠡᠮᠵᠢ ᠪᠣᠯᠣᠨ ᠪᠤᠳᠠᠲᠠᠢ ᠣᠷᠤᠯᠭ᠎ᠠ ᠶᠢᠨ ᠵᠦᠷᠢᠶ᠎ᠡ ᠨᠢ | ᠶᠡᠭᠡ ᠪᠠᠶᠢᠬᠤ ᠶᠢ ᠢᠯᠡᠷᠡᠭᠦᠯᠪᠡᠯ᠂ ᠲᠤᠰ ᠠᠷᠭ᠎ᠠ ᠶᠢ ᠦᠨᠳᠦᠰᠦᠯᠡᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ | ᠨᠢ ᠤᠶᠠᠯᠳᠤᠭᠤᠯᠤᠨ ᠬᠡᠷᠡᠭᠵᠢᠭᠦᠯᠬᠦ ᠠᠷᠭ᠎ᠠ ᠭᠠᠷᠭᠠᠵᠤ ᠪᠣᠯᠤᠨ᠎ᠠ᠃ ᠬᠡᠷᠪᠡ ᠭᠠᠭᠴᠠ ᠨᠢᠭᠡ ᠪᠣᠶᠤ ᠣᠨᠴᠠᠭᠠᠢ | ᠪᠠᠶᠢᠳᠠᠯ ᠲᠣᠬᠢᠶᠠᠯᠳᠤᠪᠠᠯ᠂ ᠪᠣᠳᠠᠳᠤ ᠪᠠᠶᠢᠳᠠᠯ ᠢ ᠨᠢ ᠦᠨᠳᠦᠰᠦᠯᠡᠨ ᠰᠣᠳᠤᠯᠤᠨ ᠰᠢᠢᠳᠪᠦᠷᠢᠯᠡᠨ᠎ᠡ᠃ | ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠠᠴᠠ ᠬᠤᠶᠢᠨ᠎ᠠ ᠨᠢᠭᠡ ᠰᠠᠷ᠎ᠠ ᠶᠢᠨ ᠳᠠᠷᠠᠭ᠎ᠠ | ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ᠂ ᠳᠦᠷᠢᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠨᠢᠭᠡᠳᠦᠯᠲᠠᠢ ᠨᠣᠮᠧᠷᠯᠠᠯ ᠨᠢ᠄ ZG-2018-14 ᠲᠣᠭᠠᠲᠤ᠃《 ᠬᠦᠬᠡᠬᠤᠲᠠ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠬᠡᠳ ᠢ ᠨᠣᠲᠠᠯᠠᠨ ᠲᠣᠭᠲᠠᠭᠠᠬᠤ ᠠᠷᠭ᠎ᠠ ︵ᠲᠦᠷ ᠬᠡᠷᠡᠭᠵᠢᠭᠦᠯᠬᠦ︶ | ᠶᠢ ᠳᠠᠷᠤᠮᠠᠯᠯᠠᠨ ᠲᠠᠷᠬᠠᠭᠠᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ》︵ | ᠬᠦᠬᠡᠬᠤᠲᠠ ᠵᠠᠰᠠᠭ ᠲᠠᠷᠬᠠᠭᠠᠭᠰᠠᠨ〔2015〕8 ᠳ᠋ᠤᠭᠠᠷ ᠲᠣᠭᠠᠲᠤ︶ ᠢ ᠳᠠᠭᠤ ᠳᠤᠨᠢ ᠬᠦᠴᠦᠨ ᠦᠭᠡᠢ | ᠪᠤᠯᠭᠠᠨ᠎ᠠ᠃ | | | | | | | | | | | | | | | | | | | | | | | |