1 ᠤ ᠡᠳᠤᠷ᠂ ᠰᠤᠷᠪᠤᠯᠵᠢᠯᠠᠭᠴᠢ ᠬᠦᠬᠡᠬᠤᠳᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠠᠴᠠ | ᠤᠶᠢᠯᠠᠭᠠᠭᠰᠠᠨ ᠢᠶᠠᠷ᠂ 2019 ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ ᠬᠦᠬᠡᠬᠤᠳᠠ ᠳᠤ ᠰᠢᠨ᠎ᠡ ᠪᠠᠷ | 119 ᠪᠤᠯᠤᠨ 107 ᠬᠤᠶᠠᠷ ᠵᠤᠷᠪᠤᠰ ᠠᠦ᠋ᠲ᠋ᠤᠪᠦ᠋ᠰ ᠤᠨ ᠱᠤᠭᠤᠮ ᠨᠡᠬᠡᠬᠡᠵᠤ ᠠᠰᠢᠭᠯᠠᠯᠳᠠ ᠳᠤ ᠤᠷᠤᠪᠠ᠃ | ᠬᠤᠷᠢᠨᠭᠡᠷ ᠰᠢᠨ᠎ᠡ ᠲᠤᠭᠤᠷᠢᠭ ᠤᠨ ᠪᠠᠶᠢᠭᠤᠯᠤᠯᠳᠠ ᠬᠦᠭᠵᠢᠯᠳᠡ ᠶᠢ ᠲᠦᠷᠭᠡᠳᠬᠡᠬᠦ᠂ ᠦᠪᠦᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠰᠤᠷᠤᠭᠴᠢ ᠶᠢᠨ ᠵᠤᠷᠴᠢᠬᠤ ᠳᠤ ᠲᠦᠬᠦᠮ ᠦᠵᠡᠬᠦᠯᠬᠦ᠂ ᠪᠠᠭᠰᠢ ᠶᠢᠨ | ᠶᠡᠭᠡ ᠰᠤᠷᠭᠠᠭᠤᠯᠢ ᠶᠢᠨ ᠰᠢᠨ᠎ᠡ ᠬᠠᠭᠤᠴᠢᠨ ᠬᠤᠶᠠᠷ ᠲᠤᠭᠤᠷᠢᠭ ᠢ ᠬᠤᠯᠪᠤᠬᠤ ᠶᠢᠨ ᠲᠦᠯᠦᠬᠡ ᠠᠦ᠋ᠲ᠋ᠤᠪᠦ᠋ᠰ ᠤᠨ | ᠶᠡᠷᠦᠩᠬᠡᠢ ᠺᠤᠮᠫᠠᠨᠢ ᠶᠢᠨ ᠨᠢᠬᠡᠳᠤᠯᠲᠡᠢ ᠪᠠᠶᠢᠷᠢᠯᠠᠭᠤᠯᠤᠯᠳᠠ ᠪᠠᠷ 119 ᠱᠤᠭᠤᠮ ᠢ ᠨᠡᠬᠡᠬᠡᠭᠰᠡᠨ ᠪᠠᠶᠢᠨ᠎ᠠ᠃ ᠪᠦᠬᠦ | ᠱᠤᠭᠤᠮ ᠤᠨ ᠤᠷᠳᠤ ᠨᠢ 48.9 ᠺᠢᠯᠤᠮᠧᠲᠷ᠂ ᠲᠠᠰᠤᠯᠪᠦᠷᠢ ᠶᠢᠨ ᠦᠨ᠎ᠡ ᠨᠢ 5 ᠲᠦᠬᠦᠷᠢᠭ᠂ ᠺᠠᠷᠲ ᠬᠡᠷᠡᠭᠯᠡᠵᠤ | ᠪᠤᠯᠬᠤ ᠦᠭᠡᠢ᠃ | ᠡᠬᠦᠨ ᠤ ᠬᠠᠮᠳᠤ ᠢᠦᠢ ᠴᠢᠦᠸᠠᠨ ᠲᠤᠭᠤᠷᠢᠭ ᠤᠨ ᠢᠷᠭᠡᠳ ᠤᠨ ᠵᠤᠷᠴᠢᠬᠤ ᠱᠠᠭᠠᠷᠳᠠᠯᠭ᠎ᠠ ᠶᠢ ᠬᠠᠩᠭᠠᠬᠤ | ᠶᠢᠨ ᠲᠦᠯᠦᠬᠡ 107 ᠱᠤᠭᠤᠮ ᠢ ᠨᠡᠬᠡᠬᠡᠵᠤ᠂ ᠲᠠᠩ ᠱᠤᠭᠤᠮ ᠤᠨ ᠤᠷᠳᠤ ᠨᠢ 11.5 ᠺᠢᠯᠤᠮᠧᠲᠷ᠂ | ᠲᠠᠰᠤᠯᠪᠦᠷᠢ ᠶᠢᠨ ᠦᠨ᠎ᠡ ᠨᠢ 1 ᠲᠦᠭᠦᠷᠢᠭ᠂ ᠺᠠᠷᠲ ᠬᠡᠷᠡᠭᠯᠡᠵᠤ ᠪᠤᠯᠤᠨ᠎ᠠ᠃ |