| | | 12 ᠳ᠋ᠤᠭᠠᠷ ᠰᠠᠷ᠎ᠠ ᠶᠢᠨ 5 ᠤ ᠡᠳᠤᠷ᠂ ᠥᠪᠡᠷᠲᠡᠭᠡᠨ ᠵᠠᠰᠠᠬᠤ ᠣᠷᠤᠨ ᠠᠴᠠ ᠳᠦᠷᠪᠡᠳᠦᠭᠡᠷ ᠤᠯᠠᠷᠢᠯ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤᠲᠤ ᠬᠤᠷᠠᠯ ᠢ ᠡᠷᠬᠢᠯᠡᠨ ᠬᠤᠷᠠᠯᠳᠤᠭᠤᠯᠵᠤ᠂ | ᠣᠳᠤᠬᠠᠨ ᠤ ᠪᠥᠬᠦ ᠣᠷᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠡᠶᠢᠲᠡᠯᠡᠵᠤ᠂ ᠣᠨ ᠤ ᠰᠡᠭᠦᠯᠴᠢ | ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠵᠠᠰᠠᠭ ᠤᠨ | ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠷᠧᠨ ᠶᠠᠨ ᠰᠢᠶᠠᠩ᠂ ᠰᠢᠶᠠᠨ ᠤ ᠳᠡᠳ᠋ | ᠳᠠᠷᠤᠭ᠎ᠠ ᠵᠠᠩ ᠵᠢᠶᠦ᠋ᠨ ᠵᠢᠶᠧ᠂ ᠡᠯ᠎ᠡ ᠰᠢᠶᠠᠩ ᠪᠠᠯᠭᠠᠰᠤ ᠶᠢᠨ ᠳᠠᠷᠤᠭ᠎ᠠ ᠵᠢᠴᠢ ᠰᠢᠶᠠᠨ ᠤ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠤᠭᠳᠠᠯ ᠪᠥᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠦᠴᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠢ ᠬᠦᠯᠢᠶᠡᠨ ᠠᠪᠴᠤ | ᠦᠵᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠤᠨ ᠡᠯ᠎ᠡ ᠰᠠᠯᠠᠭ᠎ᠠ ᠮᠦᠴᠢᠷ ᠤᠨ ᠬᠢᠨ ᠤᠯᠤᠰ | ᠲᠥᠷᠦ ᠶᠢᠨ ᠵᠣᠭᠰᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ ᠶᠢᠨ ᠬᠦᠨᠳᠤ ᠠᠶᠤᠯᠭᠦᠢ | ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠴᠠᠭ ᠢᠮᠠᠭᠲᠠ ᠰᠣᠨᠣᠷ ᠰᠡᠷᠡᠮᠵᠢᠲᠠᠢ ᠪᠠᠶᠢᠵᠤ᠂ | ᠲᠦᠭᠰᠢᠭᠦᠷᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠳᠠᠯᠳᠠ ᠭᠡᠮ ᠢ ᠴᠢᠩᠭ᠎ᠠ ᠵᠢᠭᠰᠠᠭᠠᠨ | ᠪᠠᠶᠢᠴᠠᠭᠠᠵᠤ᠂ ᠬᠥᠭᠵᠢᠯᠲᠡ ᠶᠢᠨ ᠠᠮᠤᠷ ᠲᠥᠪᠰᠢᠨ ᠢᠶᠠᠷ ᠦᠷᠡᠭᠳᠡᠯ ᠪᠤᠯᠭᠠᠬᠤ ᠦᠭᠡᠢ ᠪᠠᠶᠢᠬᠤ《ᠤᠯᠠᠭᠠᠨ | ᠱᠣᠭᠤᠮ》 ᠢ ᠪᠠᠲᠤ ᠰᠠᠬᠢᠵᠤ᠂ ᠣᠳᠤᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ | ᠬᠡᠷᠡᠭᠲᠡᠢ ᠭᠡᠪᠡ᠃ | ᠬᠤᠷᠠᠯ ᠠᠴᠠ ᠴᠢᠩᠭᠠᠳᠬᠠᠭᠰᠠᠨ ᠨᠢ᠂《 ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ᠂ ᠴᠤᠭ ᠠᠳᠬᠤᠵᠤ ᠬᠠᠮᠲᠤ ᠬᠠᠮᠢᠶᠠᠷᠬᠤ᠂ ᠲᠤᠰᠢᠶᠠᠯ ᠳᠠᠭᠠᠨ | ᠣᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ 》 ᠶᠢ ᠪᠠᠷᠢᠮᠲᠠᠯᠠᠬᠤ ᠬᠡᠷᠡᠭᠲᠡᠢ︔《 ᠠᠵᠢᠯ ᠲᠥᠷᠦᠯ ᠢ ᠬᠠᠮᠢᠶᠠᠷᠬᠤ ᠳᠤ | ᠡᠷᠬᠡᠪᠰᠢ ᠠᠮᠤᠷ ᠲᠥᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ | ᠲᠥᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ | ᠬᠠᠮᠢᠶᠠᠷᠬᠤ》 ᠶᠢ ᠪᠠᠷᠢᠮᠲᠠᠯᠠᠬᠤ ᠬᠡᠷᠡᠭᠲᠡᠢ︔ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂《 ᠠᠮᠤᠷ | ᠲᠥᠪᠰᠢᠨ ᠢ ᠠᠳᠬᠤᠬᠤ ᠪᠣᠯ ᠬᠠᠮᠤᠭ ᠶᠡᠭᠡ ᠠᠵᠤ ᠠᠬᠤᠢ ᠶᠢᠨ ᠦᠷ᠎ᠡ ᠠᠰᠢᠭ》ᠭᠡᠬᠦ ᠣᠶᠢᠯᠠᠭᠠᠭᠳᠠᠬᠤᠨ ᠢ | ᠪᠠᠲᠤᠵᠢᠭᠤᠯᠤᠨ᠎ᠠ᠃《 ᠲᠠᠪᠤᠨ ᠪᠠᠶᠢᠩᠭᠤ ᠶᠢᠨ ᠳᠦᠷᠢᠮ》 ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂《 ᠪᠣᠳᠤᠵᠤ ᠣᠯᠬᠤ ᠦᠭᠡᠢ᠂ ᠬᠠᠮᠢᠶᠠᠷᠴᠤ ᠳᠡᠶᠢᠯᠬᠦ ᠦᠭᠡᠢ᠂ ᠵᠠᠰᠠᠵᠤ ᠳᠡᠶᠢᠯᠬᠦ | ᠦᠭᠡᠢ》ᠪᠠᠭᠤᠷᠠᠢ ᠭᠤᠭᠴᠤᠭ᠎ᠠ ᠶᠢ ᠠᠳᠬᠤᠵᠤ᠂ ᠠᠰᠠᠭᠤᠳᠠᠯ ᠳᠠᠯᠳᠠ ᠭᠡᠮ ᠤᠨ ᠵᠠᠰᠠᠯᠲᠠ ᠶᠢ ᠴᠢᠩᠭ᠎ᠠ ᠠᠳᠬᠤᠵᠤ᠂ | ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠦᠨᠡᠨᠬᠦ ᠰᠠᠶᠢᠲᠤᠷ ᠠᠳᠬᠤᠵᠤ᠂ ᠬᠦᠨᠳᠤ ᠣᠨᠴᠠ ᠶᠡᠭᠡ ᠠᠳᠡᠯ | ᠭᠠᠷᠬᠤ ᠶᠢ ᠡᠷᠡᠰ ᠬᠤᠷᠢᠭᠯᠠᠵᠤ᠂ ᠠᠮᠤᠷ ᠲᠥᠪᠰᠢᠨ ᠲᠣᠭᠲᠠᠭᠤᠨ ᠡᠶ᠎ᠡ ᠨᠠᠶᠢᠷᠠᠮᠳᠠᠭᠤ ᠣᠷᠴᠢᠨ ᠲᠣᠭᠤᠷᠢᠨ ᠢ ᠪᠤᠢ | ᠪᠤᠯᠭᠠᠵᠤ ᠥᠭᠡᠷᠡᠴᠢᠯᠡᠯᠲᠡ ᠬᠢᠵᠤ ᠴᠢᠯᠦᠭᠡᠲᠠᠢ ᠶᠠᠪᠤᠯᠴᠠᠭᠰᠠᠨ40 ᠵᠢᠯ ᠤᠨ ᠣᠢ ᠶᠢ ᠪᠠᠶᠠᠷᠯᠠᠨ ᠤᠭᠲᠤᠵᠤ᠂ ᠪᠥᠬᠦ | ᠣᠷᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠥᠭᠵᠢᠬᠦ ᠳᠤ ᠠᠮᠤᠷ ᠲᠥᠪᠰᠢᠨ ᠤ ᠪᠠᠲᠤᠯᠠᠭ᠎ᠠ | ᠬᠠᠩᠭᠠᠬᠤ ᠬᠡᠷᠡᠭᠲᠡᠢ ᠭᠡᠪᠡ᠃ | | |