ᠵᠠᠩ ᠯᠢᠨ ᠯᠢᠨ ᠴᠧᠩ ᠭᠤᠸᠠᠨ ᠪᠠᠯᠭᠠᠰᠣ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠲᠣᠭᠤᠷᠢᠭ ᠲᠤ ᠭᠦᠨᠵᠡᠭᠡᠶᠢᠷᠡᠵᠦ ᠠᠶᠣᠯᠭᠦᠢ ᠦᠢᠯᠡᠳᠪᠦᠷᠢᠯᠡᠯ ᠤᠨ ᠠᠵᠢᠯ  ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2019-01-07
     2019 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠰᠢᠶᠠᠨ ᠤ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᠯᠢᠨ ᠯᠢᠨ ᠴᠧᠩ ᠭᠤᠸᠠᠨ ᠪᠠᠯᠭᠠᠰᠣ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠲᠣᠭᠤᠷᠢᠭ ᠲᠤ ᠭᠦᠨᠵᠡᠭᠡᠶᠢᠷᠡᠵᠦ ᠠᠶᠣᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠣᠳᠣᠯᠣᠯᠲᠠ ᠬᠢᠪᠡ᠃ ᠰᠢᠶᠠᠨ ᠤ ᠠᠶᠣᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ᠂ ᠠᠵᠣ ᠠᠬᠤᠢ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ᠂ ᠬᠤᠲᠠ ᠶᠢᠨ ᠬᠢᠨᠠᠯᠲᠠ ᠬᠠᠮᠢᠶᠠᠷᠣᠯᠲᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠣᠯᠣᠨ ᠴᠧᠩ ᠭᠤᠸᠠᠨ ᠪᠠᠯᠭᠠᠰᠣ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠲᠣᠭᠤᠷᠢᠭ ᠤᠨ ᠬᠠᠷᠢᠭᠤᠴᠠᠵᠣ ᠪᠠᠶᠢᠭ᠎ᠠ ᠨᠦᠬᠦᠳ ᠪᠠᠷ᠎ᠠ ᠪᠣᠯᠣᠨ ᠪᠠᠶᠢᠴᠠᠭᠠᠨ ᠰᠣᠳᠣᠯᠣᠯᠲᠠ ᠬᠢᠭᠰᠡᠨ ᠪᠠᠶᠢᠨ᠎ᠠ᠃      ᠵᠠᠩ ᠯᠢᠨ ᠯᠢᠨ ᠣᠷᠢᠳ ᠬᠤᠵᠢᠳ ᠳ᠋ᠠ ᠵᠦᠩ ᠢᠯᠴᠢ ᠬᠠᠩᠭᠠᠯᠲᠠ ᠶᠢᠨ ᠺᠣᠮᠫᠠᠨᠢ᠂ ᠵᠢᠩ ᠨᠧᠩ ᠴᠠᠬᠢᠯᠭᠠᠨ ᠬᠦᠴᠦᠨ ᠤ ᠦᠢᠯᠡᠳᠪᠦᠷᠢ᠂ ᠳᠣᠮᠳᠠᠳᠣ ᠣᠯᠣᠰ ᠤᠨ ᠴᠠᠬᠢᠯᠭᠠᠨ ᠬᠤᠯᠪᠣᠭᠠᠨ ᠤ ᠡᠭᠦᠯᠡᠨ ᠪᠣᠳᠣᠯᠲᠠ ︵ᠥᠪᠥᠷ ᠮᠣᠩᠭᠤᠯ︶ ᠶᠢᠨ ᠰᠣᠷᠠᠭ ᠵᠠᠩᠭᠢ ᠶᠢᠨ ᠬᠦᠷᠢᠶᠡᠯᠡᠩ ᠳᠤ ᠭᠦᠨᠵᠡᠭᠡᠶᠢᠷᠡᠵᠦ᠂ ᠲᠣᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠢᠨ ᠬᠠᠮᠲᠣ ᠰᠠᠭᠤᠳᠠᠯ ᠤᠨ ᠬᠤᠷᠠᠯ ᠬᠤᠷᠠᠯᠳᠣᠭᠤᠯᠵᠣ᠂ ᠠᠵᠣ ᠠᠬᠤᠶᠢᠯᠠᠯ ᠤᠨ ᠬᠠᠷᠢᠭᠤᠴᠠᠯᠭᠠᠲᠠᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠣᠯᠭᠦᠢ ᠦᠢᠯᠡᠳᠪᠦᠷᠢᠯᠡᠯ ᠤᠨ ᠬᠠᠮᠢᠶᠠᠷᠣᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠣ᠂ ᠡᠯ᠎ᠡ ᠨᠢᠭᠡᠴᠡ ᠶᠢᠨ ᠠᠶᠣᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶᠡᠨ ᠤ ᠨᠠᠶᠢᠳᠠᠪᠣᠷᠢᠵᠢᠭᠤᠯᠣᠯᠲᠠ᠂ ᠳᠠᠯᠳᠠ ᠭᠡᠮ ᠤᠨ ᠪᠠᠶᠢᠴᠠᠭᠠᠯᠲᠠ ᠶᠢᠨ ᠵᠠᠰᠠᠨ ᠴᠡᠭᠴᠡᠯᠡᠯᠲᠡ ᠶᠢᠨ ᠪᠠᠶᠢᠳᠠᠯ ᠵᠡᠷᠭᠡ ᠶᠢ ᠨᠠᠷᠢᠯᠢᠭ ᠣᠶᠢᠯᠠᠭᠠᠵᠣ᠂ ᠠᠵᠣ ᠠᠬᠤᠶᠢᠯᠠᠯ ᠢ ᠠᠶᠣᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠨᠡᠮᠡᠭᠳᠡᠭᠦᠯᠬᠦ ᠪᠠᠷ ᠱᠠᠭᠠᠷᠳᠠᠵᠣ᠂ ᠠᠶᠣᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠠᠶᠣᠯᠭᠦᠢ ᠦᠢᠯᠡᠳᠪᠦᠷᠢᠯᠡᠯ ᠤᠨ ᠬᠠᠷᠢᠭᠤᠴᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠲᠣᠬᠠᠶᠢᠯᠠᠭᠰᠠᠨ ᠠᠵᠢᠯ ᠤᠨ ᠬᠦᠮᠦᠰ ᠢ ᠠᠶᠣᠯᠭᠦᠢ ᠶᠢᠨ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠴᠢᠩᠭ᠎ᠠ ᠰᠠᠬᠢᠬᠤ ᠶᠢ ᠰᠢᠮᠳᠠᠭᠤᠯᠣᠨ᠂ ᠦᠢᠯᠡᠳᠪᠦᠷᠢᠯᠡᠯ ᠤᠨ ᠠᠮᠣᠷ ᠲᠦᠪᠰᠢᠨ ᠢ ᠪᠠᠲᠣᠯᠠᠬᠤ ᠬᠡᠷᠡᠭᠲᠡᠢ᠃ ᠡᠭᠦᠨ ᠤ ᠬᠠᠮᠲᠣ᠂ ᠬᠤᠯᠪᠣᠭᠳᠠᠯ ᠪᠦᠬᠦᠢ ᠠᠵᠢᠯ ᠲᠦᠷᠦᠯ ᠤᠨ ᠰᠠᠯᠠᠭ᠎ᠠ ᠮᠦᠴᠢᠷ ᠢ ᠪᠠᠶᠢᠴᠠᠭᠠᠯᠲᠠ ᠪᠠᠨ ᠴᠢᠩᠭᠠᠳᠬᠠᠵᠣ᠂ ᠬᠢᠨᠠᠯᠲᠠ ᠬᠠᠮᠢᠶᠠᠷᠣᠯᠲᠠ ᠪᠠᠯᠠᠷᠬᠠᠢ ᠵᠦᠢᠯ ᠪᠠᠶᠢᠬᠤ ᠦᠭᠡᠢ ᠶᠢ ᠪᠠᠲᠣᠯᠠᠬᠤ ᠬᠡᠷᠡᠭᠲᠡᠢ᠃      ᠵᠠᠩ ᠯᠢᠨ ᠯᠢᠨ ᠴᠢᠩᠭᠠᠳᠬᠠᠭᠰᠠᠨ ᠨᠢ᠂ ᠨᠢᠭᠡ ᠳᠤ ᠠᠵᠣ ᠠᠬᠤᠶᠢᠯᠠᠯ ᠵᠠᠪᠠᠯ ᠠᠶᠣᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠣᠷ ᠪᠡᠶᠡᠯᠡᠭᠦᠯᠵᠦ᠂ ᠳᠠᠯᠳᠠ ᠭᠡᠮ ᠤᠨ ᠪᠠᠶᠢᠴᠠᠭᠠᠯᠲᠠ ᠶᠢᠨ ᠵᠠᠰᠠᠨ ᠴᠡᠭᠴᠡᠯᠡᠯᠲᠡ ᠶᠢᠨ ᠠᠵᠢᠯ ᠢ ᠤᠯᠠᠮ ᠨᠢᠭᠡ ᠠᠯᠬᠤᠮ ᠰᠠᠶᠢᠲᠣᠷ ᠠᠳᠬᠤᠬᠤ ᠬᠡᠷᠡᠭᠲᠡᠢ᠃ ᠬᠤᠶᠠᠷ ᠲᠤ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠲᠣᠭᠤᠷᠢᠭ ᠵᠠᠪᠠᠯ ᠬᠠᠷᠢᠶᠠᠨ ᠭᠠᠵᠠᠷ ᠤᠨ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠵᠣ᠂ ᠬᠢᠨᠠᠯᠲᠠ ᠬᠠᠮᠢᠶᠠᠷᠣᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠣᠷᠢᠵᠢᠭᠤᠯᠣᠯᠲᠠ ᠶᠢ ᠦᠨᠡᠨᠬᠦ ᠪᠣᠲᠠᠲᠠᠶᠢᠵᠢᠭᠤᠯᠬᠤ ᠬᠡᠷᠡᠭᠲᠡᠢ᠃ ᠭᠤᠷᠪᠠ ᠳᠤ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ︽ᠠᠵᠢᠯ ᠲᠦᠷᠥᠯ ᠢ ᠬᠠᠮᠢᠶᠠᠷᠬᠤ ᠳᠤ ᠵᠠᠪᠠᠯ ᠠᠮᠣᠷ ᠲᠦᠪᠰᠢᠨ ᠢ ᠬᠠᠮᠢᠶᠠᠷᠬᠤ᠂ ᠠᠵᠢᠯ ᠮᠡᠷᠭᠡᠵᠢᠯ ᠢ ᠬᠠᠮᠢᠶᠠᠷᠬᠤ ᠳᠤ ᠵᠠᠪᠠᠯ ᠠᠮᠣᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠵᠠᠪᠠᠯ ᠠᠮᠣᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠣᠯᠲᠠ ᠶᠢᠨ ᠬᠠᠷᠢᠭᠤᠴᠠᠯᠭ᠎ᠠ ᠶᠢ ᠪᠣᠲᠠᠲᠠᠢ ᠳᠤ ᠨᠠᠶᠢᠳᠠᠪᠣᠷᠢᠵᠢᠭᠤᠯᠬᠤ ᠬᠡᠷᠡᠭᠲᠡᠢ᠃ ᠳᠥᠷᠪᠡ ᠳᠤ ᠳᠣᠮᠳᠠᠳᠣ ᠣᠯᠣᠰ ᠤᠨ ᠴᠠᠬᠢᠯᠭᠠᠨ ᠬᠤᠯᠪᠣᠭ᠎ᠠ ᠵᠠᠪᠠᠯ ᠲᠣᠷᠰᠢᠯᠭ᠎ᠠ ᠰᠣᠷᠭᠠᠮᠵᠢ ᠬᠤᠷᠠᠮᠳᠣᠭᠤᠯᠵᠣ᠂ ︽ᠳᠠᠯᠳᠠ ᠭᠡᠮ ᠪᠣᠯ ᠳᠠᠷᠣᠢ ᠠᠳᠡᠯ ᠮᠦᠨ︾ ᠭᠡᠰᠡᠨ ᠣᠨᠣᠯᠵᠢᠬᠤᠨ ᠢ ᠪᠠᠲᠣ ᠪᠠᠬᠢ ᠪᠣᠢ ᠪᠣᠯᠭᠠᠵᠣ᠂ ᠠᠵᠣ ᠠᠬᠤᠶᠢᠯᠠᠯ  ᠳᠤ ᠳᠠᠬᠢᠨᠲᠠ ᠪᠠᠶᠢᠴᠠᠭᠠᠯᠲᠠ ᠬᠢᠵᠦ᠂ ᠠᠳᠡᠯ ᠤᠨ ᠳᠠᠯᠳᠠ ᠭᠡᠮ ᠢ ᠦᠨᠡᠨᠬᠦ ᠠᠷᠢᠯᠭᠠᠬᠤ ᠬᠡᠷᠡᠭᠲᠡᠢ᠃ ᠡᠭᠦᠨ ᠤ ᠬᠠᠮᠲᠣ᠂ ᠠᠶᠣᠯᠭᠦᠢ ᠦᠢᠯᠡᠳᠪᠦᠷᠢᠯᠡᠯ ᠤᠨ ᠣᠷᠣᠭᠤᠯᠣᠯᠲᠠ ᠪᠠᠨ ᠨᠡᠮᠡᠭᠳᠡᠭᠦᠯᠵᠦ᠂ ᠬᠦᠮᠦᠵᠢᠯ ᠪᠣᠯᠪᠠᠰᠣᠷᠠᠭᠤᠯᠣᠯ ᠢᠶᠠᠨ ᠴᠢᠩᠭᠠᠳᠬᠠᠵᠣ᠂ ᠠᠶᠣᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠣᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠣᠷ ᠬᠢᠵᠦ᠂ ᠡᠭᠦᠷᠭᠡ ᠬᠠᠷᠢᠭᠤᠴᠯᠠᠭ᠎ᠠ ᠪᠠᠨ ᠪᠦᠬᠦ ᠬᠦᠴᠦᠨ ᠢᠶᠠᠷ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号