| | | | | | 1 ᠳ᠋ᠦ᠋ᠭᠡᠷ ᠰᠠᠷ᠎ᠠ ᠶᠢᠨ 3 ᠤ ᠡᠳᠤᠷ᠂ ᠰᠢᠶᠠᠨ ᠤ ᠤᠳᠤᠷᠢᠳᠤᠯᠭ᠎ᠠ ᠵᠣᠣ ᠵᠦᠩ᠂ ᠯᠢᠦ ᠳ᠋ᠦᠩ ᠱᠧᠩ᠂ | ᠰᠢᠶᠧ ᠴᠢᠥᠢ ᠫᠢᠩ᠂ ᠼᠣᠣ ᠽᠢ ᠯᠢ᠂ ᠵᠠᠩ ᠬᠠᠢ ᠲᠣᠣ ᠵᠡᠷᠭᠡ ᠬᠤᠯᠪᠤᠭᠳᠠᠯ ᠪᠥᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠳᠠᠯᠠᠨ ᠬᠠᠷ᠎ᠠ ᠰᠢᠶᠠᠩ ᠤᠨ ᠡᠮᠦᠨ᠎ᠡ ᠤᠯᠠᠭᠠᠨᠪᠤᠯᠠᠭ ᠲᠤᠰᠬᠤᠨ ᠳᠤ ᠭᠦᠨᠵᠡᠭᠡᠶᠢᠷᠡᠵᠤ᠂ ᠪᠡᠭᠡᠵᠢᠩ | ᠥᠪᠦᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠦᠢᠯᠡᠳᠪᠦᠷᠢ ᠶᠢᠨ ᠲᠠᠰᠤᠭ ᠪᠣᠯᠬᠤ ᠳ᠋ᠢᠩ ᠱᠧᠩ | ᠪᠡᠭᠡᠯᠡᠢ ᠨᠡᠬᠡᠵᠤ ᠣᠶᠣᠬᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠥᠲᠦᠭᠡᠨ ᠪᠠᠶᠢᠭᠤᠯᠤᠯᠲᠠ ᠶᠢᠨ ᠪᠠᠶᠢᠳᠠᠯ ᠳᠤ | ᠲᠤᠬᠠᠢ ᠶᠢᠨ ᠭᠠᠵᠠᠷ ᠤᠨ ᠪᠠᠶᠢᠴᠠᠭᠠᠨ ᠰᠣᠳᠤᠯᠤᠯᠲᠠ ᠬᠢᠪᠡ᠃ | ᠦᠢᠯᠡᠳᠪᠦᠷᠢ ᠶᠢᠨ ᠦᠢᠯᠡᠳᠪᠦᠷᠢᠯᠡᠯ ᠤᠨ ᠲᠠᠰᠤᠭ ᠲᠤ᠂ ᠦᠢᠯᠡᠳᠪᠦᠷᠢ ᠶᠢᠨ ᠬᠠᠷᠢᠭᠤᠴᠠᠯᠭᠠᠲᠠᠨ ᠴᠧᠨ ᠶᠤᠸᠢ | ᠵᠢᠶᠦ᠋ᠨ ᠠᠴᠠ ᠦᠢᠯᠡᠳᠪᠦᠷᠢ ᠶᠢᠨ ᠣᠳᠣᠬᠠᠨ ᠤ ᠦᠢᠯᠡᠳᠪᠦᠷᠢᠯᠡᠯ ᠤᠨ ᠪᠠᠶᠢᠳᠠᠯ ᠵᠢᠴᠢ ᠢᠷᠡᠭᠡᠳᠦᠢ ᠶᠢᠨ | ᠬᠥᠭᠵᠢᠯᠲᠡ ᠶᠢᠨ ᠴᠢᠭᠯᠡᠯ ᠤᠨ ᠲᠤᠬᠠᠢ ᠲᠠᠨᠢᠯᠴᠠᠭᠤᠯᠪᠠ᠃ | ᠣᠶᠢᠯᠭᠠᠭᠰᠠᠨ ᠢᠶᠠᠷ᠂ ᠴᠧᠨ ᠶᠣᠸᠢ ᠮᠢᠩ ᠪᠣᠯ ᠡᠨᠡ ᠨᠤᠲᠤᠭ ᠤᠨ ᠬᠥᠮᠦᠨ ᠮᠦᠨ᠂ ᠲᠡᠷᠡ ᠶᠡᠷᠦ ᠨᠢ ᠠᠯᠢ | ᠡᠷᠲᠡ ᠠᠴᠠ ᠭᠠᠳᠠᠭᠰᠢ ᠭᠠᠷᠴᠤ ᠦᠢᠯᠡᠰ ᠪᠤᠰᠬᠠᠵᠤ᠂ ᠡᠮ ᠤᠨ ᠮᠠᠲ᠋ᠧᠷᠢᠶᠠᠯ ᠤᠨ ᠠᠷᠠᠯᠵᠢᠶ᠎ᠠ ᠡᠵᠡᠩᠨᠡᠨ᠂ | ᠥᠪᠡᠷ ᠤᠨ ᠬᠢᠨᠢ ᠬᠠᠲᠠᠭᠤᠵᠢᠯᠲᠠᠢ ᠴᠢᠷᠮᠠᠶᠢᠯᠭ᠎ᠠ᠂ ᠰᠢᠷᠭᠠᠭᠤ ᠣᠷᠤᠯᠳᠤᠯᠭ᠎ᠠ ᠪᠠᠷ ᠳᠠᠮᠵᠢᠭᠠᠳ ᠠᠷᠠᠯᠵᠢᠶ᠎ᠠ ᠨᠢ | ᠡᠳᠤᠷ ᠠᠴᠠ ᠡᠳᠤᠷ ᠥᠭᠡᠳᠡ ᠲᠠᠢ ᠪᠣᠯᠤᠭᠰᠠᠨ ᠪᠠᠶᠢᠨ᠎ᠠ᠃ ᠭᠡᠪᠡᠴᠦ ᠲᠡᠷᠡ ᠥᠰᠴᠦ ᠲᠥᠷᠦᠭᠰᠡᠨ ᠥᠯᠦᠭᠡᠢ | ᠨᠤᠲᠤᠭ ᠢᠶᠠᠨ ᠮᠠᠷᠲᠠᠭᠰᠠᠨ ᠦᠭᠡᠢ ᠪᠠᠶᠢᠵᠤ᠂ ᠨᠤᠲᠤᠭ ᠲᠠᠭᠠᠨ ᠢᠷᠡᠵᠤ ᠦᠢᠯᠡᠰ ᠪᠣᠰᠬᠠᠵᠤ᠂ ᠲᠤᠰ | ᠦᠢᠯᠡᠳᠪᠦᠷᠢ ᠶᠢ ᠪᠠᠶᠢᠭᠤᠯᠤᠭᠰᠠᠨ ᠮᠦᠷᠲᠡᠭᠡᠨ ᠥᠪᠡᠷ ᠤᠨ ᠬᠢᠨᠢ ᠴᠢᠷᠮᠠᠶᠢᠯᠭ᠎ᠠ ᠪᠠ ᠨᠡᠶᠢᠭᠡᠮ ᠤᠨ ᠡᠯ᠎ᠡ ᠡᠲᠡᠬᠡᠳ ᠤᠨ | ᠬᠢᠨ ᠤ ᠬᠠᠪᠰᠤᠷᠤᠯᠭ᠎ᠠ ᠳᠡᠮᠵᠢᠯᠭᠡ ᠳᠤᠤᠷ᠎ᠠ ᠨᠤᠲᠤᠭ ᠤᠨ ᠣᠯᠠᠨ ᠢᠶᠠᠨ ᠶᠠᠳᠠᠭᠤ ᠠᠴᠠ ᠠᠩᠭᠢᠵᠢᠷᠠᠭᠤᠯᠵᠤ ᠪᠠᠶᠠᠵᠢᠨ | ᠴᠢᠨᠡᠭᠡᠯᠢᠭᠵᠢᠭᠦᠯᠵᠦ ᠴᠢᠳᠠᠨ᠎ᠠ ᠭᠡᠵᠤ ᠪᠠᠲᠤ ᠢᠲᠡᠬᠡᠵᠤ ᠪᠠᠶᠢᠪᠠ᠃ ᠲᠤᠰ ᠨᠡᠬᠡᠵᠣ ᠣᠶᠤᠬᠤ ᠦᠢᠯᠡᠳᠪᠦᠷᠢ ᠨᠢ | ᠣᠳᠣᠬᠠᠨ ᠳᠤ ᠨᠡᠶᠢᠲᠡ 25 ᠲᠦᠮᠡᠨ ᠲᠥᠭᠦᠷᠢᠭ ᠤᠨ ᠪᠡᠯᠡ ᠮᠥᠩᠭᠦ ᠣᠷᠤᠭᠤᠯᠵᠤ᠂ ᠭᠤᠣᠯᠳᠠᠭᠤ《 ᠨᠠᠮ ᠤᠨ | ᠡᠭᠦᠷ + ᠬᠤᠷᠰᠢᠶᠠᠵᠢᠯ + ᠴᠢᠳᠠᠪᠤᠷᠢᠲᠠᠨ》ᠭᠡᠬᠦ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠲᠥᠮᠦᠰᠦ ᠶᠢᠨ | ᠦᠢᠯᠡᠳᠪᠦᠷᠢᠯᠡᠯ ᠤᠨ ᠲᠣᠮᠤ ᠰᠢᠶᠠᠨ ᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠬᠡᠯᠬᠢᠶᠡᠵᠢᠯ ᠤᠨ | ᠦᠢᠯᠡᠴᠢᠯᠡᠭᠡ ᠶᠢ ᠤᠷᠲᠤᠳᠬᠠᠵᠤ᠂ ᠦᠢᠯᠡᠳᠪᠦᠷᠢᠯᠡᠭᠰᠡᠨ ᠤᠭᠤᠲᠠ ᠪᠠᠨ ᠵᠠᠬᠢᠶᠠᠯᠠᠭ᠎ᠠ ᠶᠢᠨ ᠠᠷᠭ᠎ᠠ ᠪᠠᠷ ᠡᠷᠭᠢᠨ | ᠲᠣᠭᠤᠷᠢᠨ ᠵᠢᠴᠢ ᠪᠣᠰᠤᠳ ᠭᠠᠵᠠᠷ ᠣᠷᠤᠨ ᠳᠤ ᠪᠣᠷᠤᠯᠠᠭᠤᠯᠵᠤ᠂ ᠵᠢᠯ ᠤᠨ ᠦᠢᠯᠡᠳᠪᠦᠷᠢᠯᠡᠯ ᠤᠨ ᠲᠤᠭ᠎ᠠ ᠨᠢ 700 | ᠲᠥᠮᠡ ᠳᠤ ᠬᠦᠷᠴᠤ ᠪᠣᠢ᠃ ᠦᠢᠯᠡᠳᠪᠦᠷᠢ ᠶᠢᠨ ᠬᠦᠯᠦᠰᠦᠯᠡᠨ ᠬᠡᠷᠡᠭᠯᠡᠵᠦ ᠪᠠᠶᠢᠭ᠎ᠠ ᠠᠵᠢᠯᠲᠠᠳ ᠨᠢ ᠲᠤᠬᠠᠢ ᠶᠢᠨ | ᠭᠠᠵᠠᠷ ᠤᠨ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠪᠠᠶᠢᠵᠤ᠂ ᠠᠵᠢᠯ ᠳᠤ ᠭᠠᠷᠬᠤ ᠠᠴᠠ ᠪᠠᠨ | ᠡᠮᠦᠨ᠎ᠡ ᠪᠥᠭᠦᠳᠡ ᠰᠢᠰᠲ᠋ᠧᠮ ᠲᠠᠢ ᠪᠣᠯᠪᠠᠰᠤᠷᠠᠯ ᠳᠤ ᠣᠷᠤᠯᠴᠠᠵᠤ᠂ ᠮᠠᠰᠢᠨ ᠲᠥᠬᠦᠭᠡᠷᠦᠮᠵᠢ ᠶᠢ ᠪᠣᠯᠪᠠᠰᠤᠷᠠᠩᠭᠤᠢ | ᠬᠡᠷᠡᠭᠯᠡᠵᠦ ᠴᠢᠳᠠᠬᠤ ᠪᠣᠯᠤᠭᠰᠠᠨ ᠤ ᠳᠠᠷᠠᠭ᠎ᠠ ᠰᠠᠶ᠋ᠢ ᠠᠵᠢᠯ ᠳᠤ ᠣᠷᠤᠯᠴᠠᠳᠠᠭ᠂ ᠶᠠᠳᠠᠭᠤ ᠬᠦᠴᠢᠷᠳᠡᠯᠲᠠᠢ | ᠡᠷᠦᠬᠡ ᠶᠢᠨ ᠬᠢᠨ ᠠᠳᠡ ᠠᠵᠢᠯᠯᠠᠭᠠᠳ ᠵᠣᠭᠤᠰ ᠣᠯᠵᠤ ᠴᠢᠳᠠᠬᠤ ᠪᠠᠷ ᠪᠠᠷᠠᠬᠤ ᠦᠭᠡᠢ ᠮᠡᠷᠭᠡᠵᠢᠯ ᠡᠵᠡᠮᠰᠢᠳᠡᠭ | ᠪᠠᠶᠢᠨ᠎ᠠ᠃ ᠲᠤᠰ ᠦᠢᠯᠡᠳᠪᠦᠷᠢ ᠶᠢ ᠪᠠᠶᠢᠭᠤᠯᠤᠭᠰᠠᠨ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠵᠤ ᠴᠢᠳᠠᠭᠰᠠᠨ ᠢᠶᠠᠷ ᠪᠠᠷᠠᠬᠤ ᠦᠭᠡᠢ᠂ ᠭᠠᠷ ᠤᠷᠠᠯᠠᠯ᠂ ᠮᠡᠷᠭᠡᠵᠢᠯ ᠰᠤᠷᠬᠤ ᠳᠤ ᠳᠥᠭᠦᠮ | ᠬᠠᠩᠭᠠᠭᠰᠠᠨ ᠪᠠᠶᠢᠨ᠎ᠠ᠃ | ᠪᠠᠶᠢᠴᠠᠭᠠᠨ ᠰᠣᠳᠤᠯᠤᠯᠲᠠ ᠪᠠᠷ ᠳᠠᠮᠵᠢᠭᠠᠳ᠂ ᠰᠢᠶᠠᠨ ᠤ ᠤᠳᠤᠷᠢᠳᠤᠯᠭ᠎ᠠ ᠨᠠᠷ ᠲᠤᠰ ᠦᠢᠯᠡᠳᠪᠦᠷᠢ ᠶᠢᠨ | ᠪᠥᠲᠦᠭᠡᠨ ᠪᠠᠶᠢᠭᠤᠯᠤᠯᠲᠠ ᠳᠤ ᠢᠲᠡᠬᠡᠯ ᠳᠦᠭᠦᠷᠡᠩ ᠪᠠᠶᠢᠵᠤ᠂ ᠲᠠᠨᠢᠯᠴᠠᠭᠤᠯᠭ᠎ᠠ ᠶᠢ ᠨᠠᠷᠢᠯᠢᠭ ᠰᠣᠨᠤᠰᠤᠭᠰᠠᠨ ᠤ | ᠳᠠᠷᠠᠭ᠎ᠠ᠂ ᠰᠢᠶᠠᠩ ᠤᠨ ᠤᠳᠤᠷᠢᠳᠤᠯᠭ᠎ᠠ ᠠᠴᠠ ᠦᠢᠯᠡᠳᠪᠦᠷᠢᠯᠡᠯ ᠤᠨ ᠠᠮᠤᠷ ᠲᠥᠪᠰᠢᠨ ᠢ ᠠᠩᠬᠠᠷᠴᠤ᠂ ᠴᠢᠨᠠᠷ | ᠴᠢᠨᠰᠠᠭ᠎ᠠ ᠶᠢ ᠪᠠᠲᠤᠯᠠᠵᠤ᠂ ᠮᠠᠨ ᠤ ᠰᠢᠶᠠᠨ ᠤ ᠤᠭᠤᠲᠠ ᠦᠢᠯᠡᠳᠪᠦᠷᠢᠯᠡᠬᠦ ᠠᠵᠢᠯ ᠲᠥᠷᠦᠯ ᠢ ᠬᠦᠴᠦᠷᠬᠡᠭᠵᠢᠭᠦᠯᠦᠨ᠂ | ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠦᠨ᠂ ᠨᠡᠶᠢᠭᠡᠮ ᠤᠨ ᠡᠶ᠎ᠡ ᠨᠠᠶᠢᠷᠠᠮᠳᠠᠭᠤ ᠬᠥᠭᠵᠢᠯᠲᠡ ᠳᠤ ᠬᠤᠪᠢ ᠨᠡᠮᠷᠡᠢ | ᠦᠵᠡᠭᠦᠯᠬᠦ ᠪᠠᠷ ᠴᠢᠷᠮᠠᠶᠢᠬᠤ ᠶᠢ ᠱᠠᠭᠠᠷᠳᠠᠪᠠ᠃ |