ᠣᠷᠣᠨ᠂ ᠬᠤᠲᠠ ᠬᠤᠶᠠᠷ ᠱᠠᠲᠣᠨ ᠤ ︽ᠰᠠᠷᠠᠪᠴᠢᠨ ᠭᠡᠷ︾ ᠤᠨ ᠠᠰᠠᠭᠤᠳᠠᠯ ᠢ ᠲᠣᠰᠬᠠᠢ ᠠᠷᠢᠯᠭᠠᠨ | ᠴᠡᠭᠴᠡᠯᠡᠬᠦ ᠠᠵᠢᠯᠯᠠᠭ᠎ᠠ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠣᠷᠢᠵᠢᠭᠤᠯᠬᠤ ᠶᠢᠨ ᠲᠣᠰᠠᠳᠠ᠂2019 | ᠣᠨ ᠤ1 ᠳ᠋ᠦ᠋ᠭᠡᠷ ᠰᠠᠷ᠎ᠠ ᠶᠢᠨ7 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠢᠶᠠᠨ ᠤ ᠳᠡᠳ᠋ ᠳᠠᠷᠤᠭ᠎ᠠ ᠯᠢ ᠵᠧᠩ ᠾᠦᠩ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ419 ᠬᠤᠷᠠᠯ ᠤᠨ ᠭᠡᠷ | ᠲᠤ ︽ᠰᠠᠷᠠᠪᠴᠢᠨ ᠭᠡᠷ︾ ᠤᠨ ᠠᠰᠠᠭᠤᠳᠠᠯ ᠢ ᠲᠣᠰᠬᠠᠢ ᠠᠷᠢᠯᠭᠠᠨ ᠴᠡᠭᠴᠡᠯᠡᠬᠦ ᠠᠵᠢᠯᠯᠠᠭ᠎ᠠ ᠶᠢ ᠵᠣᠬᠢᠴᠠᠭᠤᠯᠬᠤ | ᠬᠤᠷᠠᠯ ᠢ ᠬᠤᠷᠠᠯᠳᠣᠭᠤᠯᠪᠠ᠃ ᠰᠢᠶᠠᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠶᠢᠨ ᠲᠤᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ | ᠳᠤ ᠣᠷᠣᠯᠴᠠᠭᠰᠠᠨ ᠪᠠᠶᠢᠨ᠎ᠠ᠃ | ᠯᠢ ᠵᠧᠩ ᠾᠦᠩ ᠴᠢᠩᠭᠠᠳᠬᠠᠭᠰᠠᠨ ᠨᠢ᠂ ᠨᠢᠭᠡ ᠳᠤ ᠣᠯᠣᠰ ᠲᠦᠷᠥ ᠶᠢᠨ ᠵᠣᠭᠰᠣᠴᠠ ᠪᠠᠨ | ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠰᠠᠷᠠᠪᠴᠢᠨ ᠭᠡᠷ︾ ᠢ ᠵᠠᠰᠠᠨ ᠴᠡᠭᠴᠡᠯᠡᠬᠦ | ᠠᠰᠠᠭᠤᠳᠠᠯ ᠤᠨ ᠴᠢᠬᠤᠯᠠ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠭᠤᠰᠢᠯᠠᠭᠤᠯᠣᠨ | ᠨᠠᠶᠢᠳᠠᠪᠣᠷᠢᠵᠢᠭᠤᠯᠵᠣ᠂ ᠲᠣᠰᠬᠠᠢ ᠠᠷᠢᠯᠭᠠᠨ ᠴᠡᠭᠴᠡᠯᠡᠬᠦ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠲᠡᠷᠡ ᠳᠠᠷᠣᠢ ᠳᠤᠨᠢ ᠵᠣᠬᠢᠶᠠᠨ ᠪᠠᠶᠢᠭᠤᠯᠣᠨ ᠥᠪᠡᠷᠲᠡᠭᠡᠨ ᠪᠠᠶᠢᠴᠠᠭᠠᠵᠣ᠂ ᠲᠣᠳᠣᠷᠬᠠᠢ ᠳᠠᠩᠰᠠ | ᠲᠣᠭᠲᠠᠭᠠᠨ᠂ ᠡᠬᠡ ᠳᠠᠩᠰᠠ ᠪᠠᠶᠢᠭᠤᠯᠵᠣ᠂ ᠬᠠᠨᠳᠣᠯᠭᠠᠲᠣ ᠴᠢᠨᠠᠷᠲᠠᠢ ᠪᠠᠷ ᠴᠡᠭᠴᠡᠯᠡᠨ ᠵᠠᠰᠠᠬᠤ ᠠᠷᠭ᠎ᠠ ᠬᠡᠮᠵᠢᠶ᠎ᠡ | ᠲᠣᠭᠲᠠᠭᠠᠬᠤ ᠬᠡᠷᠡᠭᠲᠡᠢ︔ ᠬᠤᠶᠠᠷ ᠲᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ ᠬᠡᠷᠡᠭᠲᠡᠢ᠃ | ᠲᠦᠷᠦᠭᠦᠯᠡᠨ ᠠᠵᠢᠯᠯᠠᠬᠤ ᠡᠭᠦᠷᠭᠡ ᠶᠢ ᠡᠭᠦᠷᠭᠡᠯᠡᠭᠰᠡᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ | ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠴᠧᠩ ᠭᠤᠸᠠᠨ ᠪᠠᠯᠭᠠᠰᠣ᠂ ᠱᠧᠩ ᠯᠧ ᠪᠠᠯᠭᠠᠰᠣ᠂ | ᠰᠢᠨ ᠳ᠋ᠢᠶᠠᠨ ᠽᠢ ᠪᠠᠯᠭᠠᠰᠣ᠂ ᠱᠠᠪᠠᠭ᠋ᠠᠢ ᠰᠢᠶᠠᠩ ᠵᠡᠷᠭᠡ ᠰᠢᠶᠠᠩ ᠪᠠᠯᠭᠠᠰᠣ ᠲᠠᠢ ᠬᠠᠮᠵᠢᠯᠴᠠᠭ᠎ᠠ ᠪᠠᠨ ᠴᠢᠩᠭᠠᠳᠬᠠᠵᠣ᠂ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠱᠠᠲᠣ ᠱᠠᠲᠣ ᠪᠠᠷ ᠬᠠᠷᠢᠭᠤᠴᠠᠯᠭ᠎ᠠ ᠶᠢ ᠪᠣᠲᠠᠲᠠᠶᠢᠵᠢᠭᠤᠯᠬᠤ ᠬᠡᠷᠡᠭᠲᠡᠢ︔ | ᠭᠤᠷᠪᠠ ᠳᠤ ᠵᠠᠰᠠᠨ ᠴᠡᠭᠴᠡᠯᠡᠬᠦ ᠲᠥᠰᠥᠯ ᠲᠣᠭᠲᠠᠭᠠᠬᠤ ᠬᠡᠷᠡᠭᠲᠡᠢ᠃ ᠣᠯᠣᠰ᠂ ᠥᠪᠡᠷᠲᠡᠭᠡᠨ ᠵᠠᠰᠠᠬᠤ ᠣᠷᠣᠨ ᠤ | ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠮᠠᠨ ᠤ ᠬᠤᠲᠠ ᠶᠢ ᠪᠠᠶᠢᠴᠠᠭᠠᠵᠣ ᠳᠣᠰᠬᠠᠭᠰᠠᠨ ᠰᠠᠨᠠᠯ ᠶᠣᠰᠣᠭᠠᠷ᠂ | ᠬᠠᠣᠯᠢ ᠲᠣᠭᠲᠠᠭᠠᠯ ᠢ ᠵᠢᠷᠣᠮᠯᠠᠵᠣ᠂ ᠪᠡᠯᠡᠳᠬᠡᠮᠵᠢ ᠲᠠᠷᠢᠶᠠᠯᠠᠩ ᠤᠨ ᠲᠦᠷᠥᠯ ᠵᠦᠢᠯ ᠤᠨ ᠭᠠᠵᠠᠷ ᠬᠡᠷᠡᠭᠯᠡᠬᠦ ᠶᠢ ᠵᠠᠰᠠᠨ | ᠴᠡᠭᠴᠡᠯᠡᠬᠦ ᠲᠣᠰᠬᠠᠢ ᠠᠵᠢᠯᠯᠠᠭ᠎ᠠ ᠶᠢ ᠯᠠᠪᠳᠠᠭᠤᠨ ᠪᠠᠳᠣᠲᠠᠢ ᠥᠷᠨᠢᠭᠦᠯᠬᠦ ᠬᠡᠷᠡᠭᠲᠡᠢ᠃ ᠪᠠᠶᠢᠴᠠᠭᠠᠵᠣ ᠭᠠᠷᠭᠠᠭᠰᠠᠨ | ᠠᠰᠠᠭᠤᠳᠠᠯ ᠢ ᠡᠮᠬᠢᠯᠡᠨ ᠲᠦᠷᠥᠯ ᠬᠤᠪᠢᠶᠠᠵᠣ᠂ ᠲᠣᠭᠲᠠᠭᠰᠠᠨ ᠬᠤᠭᠤᠴᠠᠭᠠᠨ ᠳᠣᠲᠣᠷ᠎ᠠ ᠡᠭᠦᠷᠭᠡ ᠪᠠᠨ | ᠪᠡᠶᠡᠯᠡᠭᠦᠯᠬᠦ ᠶᠢ ᠪᠠᠲᠣᠯᠠᠵᠣ᠂ ᠪᠡᠯᠡᠳᠬᠡᠮᠵᠢ ᠲᠠᠷᠢᠶᠠᠯᠠᠩ ᠢ ᠡᠷᠡᠭᠦᠯ ᠡᠮᠬᠢ ᠲᠠᠢ ᠬᠦᠭᠵᠢᠭᠦᠯᠬᠦ ᠶᠢ ᠠᠬᠢᠭᠤᠯᠬᠤ | ᠲᠦᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠣᠨ᠂ ᠤᠭ ᠦᠨᠳᠦᠰᠦ ᠥᠩᠭᠡᠨ ᠲᠠᠯ᠎ᠠ ᠠᠴᠠ ᠪᠦᠷ ᠢ ᠵᠠᠰᠠᠵᠣ᠂ | ᠬᠠᠮᠢᠶᠠᠷᠣᠯᠲᠠ ᠪᠠᠨ ᠳᠦᠷᠢᠮᠵᠢᠭᠦᠯᠬᠦ ᠬᠡᠷᠡᠭᠲᠡᠢ ᠭᠡᠪᠡ᠃ |