ᠬᠦᠬᠡᠬᠤᠳᠠ ᠳᠤ ᠰᠢᠨ᠎ᠡ ᠵᠤᠬᠢᠶᠠᠯ ᠤᠨ ᠳᠠᠭᠤᠤ ᠶᠢᠨ ᠲᠤᠭᠯᠠᠯᠳᠠ ᠪᠤᠯᠤᠯ᠎ᠠ
ᠨᠡᠶᠢᠲᠡᠯᠡᠭᠰᠡᠨ ᠴᠠᠭ᠄
2019-01-09
      1 ᠳ᠋ᠤᠭᠡᠷ ᠰᠠᠷ᠎ᠠ ᠶᠢᠨ 6 ᠤ ᠦᠳᠡᠰᠢ᠂ ︽ᠠᠷᠢᠭᠤᠨ ᠲᠦᠰᠢᠭᠳᠦ ᠠᠮᠢᠨ ᠰᠠᠬᠢᠶ᠎ᠠ ᠰᠠᠶᠢᠬᠠᠨ ᠨᠤᠲᠤᠭ ᠲᠠᠭᠠᠨ︾ ᠪᠦᠬᠦ ᠤᠷᠤᠨ ᠤ ᠮᠤᠩᠭᠤᠯ ᠰᠢᠨ᠎ᠡ ᠳᠠᠭᠤᠤ ᠤᠷᠠᠨ ᠪᠦᠲᠦᠭᠡᠯ ᠤᠨ ᠲᠤᠭᠯᠠᠯᠳᠠ ᠬᠦᠬᠡᠬᠤᠳᠠ ᠳᠤ ᠪᠤᠯᠤᠯ᠎ᠠ᠃      ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠦᠷ ᠮᠤᠩᠭᠤᠯ ᠤᠨ ᠳᠠᠭᠤᠤ ᠬᠦᠭᠵᠢᠮᠴᠢᠳ ᠤᠨ ᠡᠪᠯᠡᠯ᠂ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠵᠡᠷᠭᠡ ᠪᠠᠶᠢᠭᠤᠯᠭ᠎ᠠ ᠠᠴᠠ ᠬᠠᠮᠳᠤᠷᠠᠨ ᠵᠤᠬᠢᠶᠠᠨ ᠪᠠᠶᠢᠭᠤᠯᠤᠭᠰᠠᠨ ᠡᠨᠡᠬᠦ ᠲᠤᠭᠯᠠᠯᠳᠠ ᠨᠢ 2018 ᠣᠨ ᠤ 6 ᠳ᠋ᠤᠭᠠᠷ ᠰᠠᠷ᠎ᠠ ᠳᠤ ᠪᠤᠯᠤᠭᠰᠠᠨ ︽ᠠᠷᠢᠭᠤᠨ ᠲᠦᠰᠢᠭᠳᠦ ᠠᠮᠢᠨ ᠰᠠᠬᠢᠶ᠎ᠠ ᠰᠠᠶᠢᠬᠠᠨ ᠨᠤᠲᠤᠭ ᠲᠠᠭᠠᠨ︾ ᠮᠤᠩᠭᠤᠯ ᠳᠠᠭᠤᠤ ᠤᠷᠠᠨ ᠪᠦᠲᠦᠭᠡᠯ ᠤᠨ ︽ᠪᠢᠯᠢᠭ ᠤᠨ ᠴᠢᠭᠤᠯᠭᠠᠨ︾ ᠳᠤ ᠤᠷᠤᠯᠴᠠᠭᠰᠠᠨ ᠢᠷᠠᠭᠤ ᠨᠠᠶᠢᠷᠠᠭᠴᠢ᠂ ᠬᠦᠭᠵᠢᠮ ᠤᠨ ᠵᠤᠬᠢᠶᠠᠯᠴᠢᠳ ᠤᠨ ᠰᠢᠨ᠎ᠡ ᠤᠷᠠᠨ ᠪᠦᠲᠦᠭᠡᠯ ᠤᠳ ᠠᠴᠠ ᠰᠤᠩᠭᠤᠨ ᠤᠷᠤᠭᠤᠯᠤᠭᠰᠠᠨ ᠪᠠᠶᠢᠨ᠎ᠠ᠃      ᠲᠤᠭᠯᠠᠯᠳᠠ ᠳᠤ ︽ᠬᠦᠬᠡ ᠲᠡᠭᠷᠢ ᠶᠢᠨ ᠤᠷᠤᠨ︾᠂ ︽ᠵᠢᠷᠦᠬᠡᠨ ᠤ ᠦᠨᠡᠨ︾᠂ ︽ᠢᠳᠡᠭᠡᠯ ᠤᠨ ᠳᠠᠭᠤᠯᠠᠯ ︾᠂ ︽ᠳᠡᠩᠳᠡᠬᠦᠦ ᠬᠠᠶᠢᠷᠠᠳᠠᠢ ᠠᠪᠤ︾᠂ ︽ᠬᠤᠯᠠ ᠶᠢᠨ ᠨᠤᠲᠤᠭ︾ ᠵᠡᠷᠭᠡ 20 ᠰᠢᠨ᠎ᠡ ᠳᠠᠭᠤᠤ ᠪᠠᠭᠳᠠᠭᠰᠠᠨ ᠪᠠᠶᠢᠨ᠎ᠠ᠃
 
ᠢᠷᠡᠯᠲᠡ᠄ ᠮᠣᠩᠭᠤᠯ ᠷᠠᠳᠢᠣ᠋
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号