︵ᠰᠤᠷᠪᠤᠯᠵᠢᠯᠠᠭᠴᠢ ᠰᠦᠨ ᠶᠤᠸᠠᠢ ᠯᠦᠩ︶ ᠥᠴᠥᠭᠡᠳᠦᠷ ᠣᠷᠣᠢ᠂ ᠬᠥᠬᠡᠬᠤᠲᠠ ᠶᠢᠨ | ᠦᠨᠳᠦᠰᠦᠲᠡᠨ ᠤ ᠲᠣᠭᠯᠠᠯᠲᠠ ᠤᠷᠠᠯᠢᠭ ᠤᠨ ᠪᠦᠯᠬᠦᠮ ᠤᠨ ᠬᠤᠶᠠᠷ ᠬᠥᠮᠥᠨ ᠤ ᠡᠯᠭᠦᠭᠡ ᠤᠳᠬ᠎ᠠ ᠤᠷᠠᠯᠢᠭ ᠤᠨ | ᠰᠤᠳᠤᠯᠭᠠᠨ ᠤ ᠵᠦᠴᠦᠭᠡ ᠶᠢᠨ ᠬᠦᠷᠢᠶᠡᠯᠡᠩ ᠤᠨ ᠪᠦᠲᠦᠭᠡᠨ ᠪᠣᠯᠪᠠᠰᠤᠷᠠᠭᠰᠠᠨ ᠠᠩᠬᠠᠳᠠᠭᠴᠢ ᠬᠤᠶᠠᠷ ᠬᠥᠮᠥᠨ ᠤ | ᠡᠯᠭᠦᠭᠡ ᠬᠤᠪᠢᠰᠬᠠᠯ ᠤᠨ ᠲᠡᠦᠬᠡᠲᠦ ᠵᠦᠴᠦᠭᠡ ︽ᠳ᠋ᠥᠸᠧ ᠰᠦᠩ ᠨᠢᠶᠠᠨ︾ ᠥᠪᠥᠷ ᠮᠣᠩᠭᠤᠯ ᠤᠨ | ᠦᠨᠳᠦᠰᠦᠲᠡᠨ ᠤ ᠵᠦᠴᠦᠭᠡ ᠶᠢᠨ ᠬᠦᠷᠢᠶᠡᠯᠡᠩ ᠳᠤ ᠠᠩᠬᠠᠨ ᠤ ᠲᠣᠭᠯᠠᠯᠲᠠ ᠪᠠᠨ ᠭᠠᠷᠭᠠᠪᠠ᠃ | ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠲᠣᠭᠯᠠᠯᠲᠠ ᠶᠢ ᠦᠵᠡᠪᠡ᠃ | ︽ᠳ᠋ᠥᠸᠧ ᠰᠦᠩ ᠨᠢᠶᠠᠨ︾ ᠳᠤ ᠮᠣᠩᠭᠤᠯ ᠦᠨᠳᠦᠰᠦᠲᠡᠨ ᠤ ᠡᠷᠲᠡ ᠦᠶ᠎ᠡ ᠶᠢᠨ ᠡᠪ ᠬᠠᠮᠲᠤ ᠨᠠᠮ ᠤᠨ | ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠴᠠᠬᠠᠷ | ᠣᠨᠴᠠᠭᠠᠢ ᠣᠷᠣᠨ ᠤ ᠠᠵᠢᠯ ᠤᠨ ᠬᠤᠷᠢᠶ᠎ᠠ ᠶᠢᠨ ᠱᠦᠵᠢ —ᠬᠤᠪᠢᠰᠬᠠᠯ ᠤᠨ ᠦᠷᠡᠭᠳᠡᠭᠰᠡᠨ ᠪᠠᠭᠠᠲᠤᠷ ᠳ᠋ᠥᠸᠧ | ᠰᠦᠩ ᠨᠢᠶᠠᠨ ᠤ ᠵᠥᠪᠯᠡᠯᠲᠦ ᠳᠤ ᠰᠤᠷᠤᠯᠴᠠᠵᠤ ᠪᠠᠶᠢᠭᠠᠳ ᠤᠯᠤᠰ ᠲᠠᠭᠠᠨ ᠤᠷᠢᠳᠴᠢᠯᠠᠨ ᠢᠷᠡᠵᠦ᠂ ᠴᠠᠬᠠᠷ ᠤᠨ | ᠮᠠᠯᠵᠢᠬᠤ ᠲᠠᠷᠢᠶᠠᠯᠠᠬᠤ ᠣᠷᠣᠨ ᠤᠳ ᠢᠶᠠᠷ ᠭᠦᠨᠵᠡᠭᠡᠶᠢᠷᠡᠨ ᠬᠥᠳᠡᠯᠭᠡᠭᠡᠨ ᠥᠷᠨᠢᠭᠦᠯᠦᠨ᠂ ᠡᠪ ᠬᠠᠮᠲᠤ ᠨᠠᠮ ᠤᠨ | ᠵᠣᠬᠢᠶᠠᠨ ᠪᠠᠶᠢᠭᠤᠯᠤᠯᠲᠠ ᠶᠢ ᠬᠥᠮᠥᠵᠢᠭᠦᠯᠵᠦ᠂ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠢ | ᠳᠠᠶᠢᠴᠢᠯᠠᠨ ᠳᠠᠷᠤᠯᠠᠯ ᠢ ᠡᠰᠡᠷᠭᠦᠴᠡᠨ᠂ ᠲᠤᠶᠢᠯ ᠤᠨ ᠴᠠᠭᠠᠨ ᠤ ᠰᠦᠷᠳᠡᠭᠦᠯᠦᠯ ᠳᠤᠮᠳᠠ ᠥᠪᠡᠷ ᠤᠨ ᠠᠮᠢ ᠪᠡᠶ᠎ᠡ ᠪᠠᠨ | ᠬᠠᠶᠢᠬᠤᠷᠤᠯ ᠦᠭᠡᠢ ᠪᠠᠷ ᠨᠠᠮ ᠤᠨ ᠲᠠᠪᠤᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠰᠤᠷᠲᠠᠯᠴᠢᠯᠠᠵᠤ᠂ ᠬᠠᠮᠤᠭ ᠰᠡᠭᠦᠯ ᠳᠡᠭᠡᠨ ᠤᠷᠪᠠᠭᠴᠢ ᠶᠢᠨ ᠵᠠᠭᠠᠯᠳᠤᠯᠭ᠎ᠠ ᠪᠠᠷ ᠪᠠᠷᠢᠭᠳᠠᠵᠤ᠂ ᠡᠷᠡᠯᠬᠡᠭ | ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠦᠬᠦ ᠶᠠᠪᠤᠴᠠ ᠶᠢ ᠲᠡᠮᠳᠡᠭᠯᠡᠵᠡᠢ᠃ | ᠬᠥᠬᠡᠬᠤᠲᠠ ᠶᠢᠨ ᠦᠨᠳᠦᠰᠦᠲᠡᠨ ᠤ ᠲᠣᠭᠯᠠᠯᠲᠠ ᠤᠷᠠᠯᠢᠭ ᠤᠨ ᠪᠦᠯᠬᠦᠮ ᠤᠨ ᠬᠤᠶᠠᠷ ᠬᠥᠮᠥᠨ ᠤ ᠡᠯᠭᠦᠭᠡ | ᠤᠳᠬ᠎ᠠ ᠤᠷᠠᠯᠢᠭ ᠤᠨ ᠰᠤᠳᠤᠯᠭᠠᠨ ᠤ ᠵᠦᠴᠦᠭᠡ ᠶᠢᠨ ᠬᠦᠷᠢᠶᠡᠯᠡᠩ ᠠᠴᠠ ᠲᠤᠰ ᠵᠦᠴᠦᠭᠡ ᠶᠢ ᠪᠦᠲᠦᠭᠡᠨ | ᠪᠣᠯᠪᠠᠰᠤᠷᠠᠭᠰᠠᠨ ᠨᠢ ᠬᠤᠪᠢᠰᠬᠠᠯ ᠤᠨ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠲᠡᠷᠢᠭᠦᠨ ᠤ ᠦᠵᠡᠯ | ᠰᠠᠨᠠᠭ᠎ᠠ ᠦᠢᠯᠡ ᠶᠠᠪᠤᠳᠠᠯ ᠢ ᠤᠯᠠᠮᠵᠢᠯᠠᠨ ᠪᠠᠳᠠᠷᠠᠭᠤᠯᠵᠤ᠂ ᠪᠣᠳᠠᠲᠠᠢ ᠦᠢᠯᠡ ᠠᠵᠢᠯᠯᠠᠭ᠎ᠠ ᠪᠠᠷ ᠢᠶᠠᠨ ᠨᠠᠮ ᠤᠨ | ᠵᠣᠷᠢᠯᠲᠠ ᠶᠢ ᠦᠢᠯᠡᠳᠦᠯᠭᠡᠵᠢᠭᠦᠯᠦᠨ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ︾᠂ ᠪᠦᠬᠦ ᠤᠯᠤᠰ ᠤᠨ ᠬᠡᠪᠴᠢᠶᠡᠨ ᠳᠤ ᠥᠪᠥᠷ ᠮᠣᠩᠭᠤᠯ ᠤᠨ ᠰᠣᠶᠣᠯ ᠤᠷᠠᠯᠢᠭ ᠪᠠ | ᠬᠤᠪᠢᠰᠬᠠᠯ ᠤᠨ ᠪᠠᠭᠠᠲᠤᠷᠴᠤᠳ ᠤᠨ ᠦᠢᠯᠡ ᠶᠠᠪᠤᠳᠠᠯ ᠢ ᠤᠯᠠᠮᠵᠢᠯᠠᠨ ᠤᠬᠠᠭᠤᠯᠵᠤ᠂ ᠬᠥᠮᠥᠰ ᠲᠤ ᠲᠡᠦᠬᠡ ᠶᠢᠨ | ᠦᠨᠡᠨ ᠢ ᠬᠠᠷᠠᠭᠤᠯᠤᠨ᠂ ᠬᠤᠪᠢᠰᠬᠠᠯ ᠤᠨ ᠪᠠᠭᠠᠲᠤᠷᠴᠤᠳ ᠤᠨ ︽ᠠᠷᠢᠭᠤᠨ ᠰᠡᠳᠬᠢᠯ ᠢᠶᠠᠷ ᠬᠥᠬᠡ ᠲᠡᠭᠷᠢ ᠶᠢ | ᠭᠡᠶᠢᠭᠦᠯᠬᠦ︾ ᠰᠦᠷ ᠵᠢᠪᠬᠤᠯᠠᠩᠲᠤ ᠲᠥᠪ ᠰᠤᠷᠲᠠᠯ ᠢ ᠥᠨᠢᠳᠡ ᠮᠥᠩᠬᠡᠷᠡᠭᠦᠯᠬᠦ ᠶᠢᠨ ᠲᠥᠯᠥᠭᠡ ᠶᠤᠮ᠃ |