ᠠᠮᠢ ᠠᠬᠤᠢ ᠶᠢ ᠤᠷᠢᠳᠠᠪᠡᠷ ᠪᠤᠳᠤᠯᠬᠢᠯᠠᠬᠤ ᠶᠢ ᠪᠠᠷᠢᠮᠳᠠᠯᠠᠵᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠤᠬᠢᠷᠳᠤᠯ ᠦᠭᠡᠢ ᠬᠦᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠤᠶ᠎ᠠ
ᠨᠡᠶᠢᠲᠡᠯᠡᠭᠰᠡᠨ ᠴᠠᠭ᠄
2019/10/10
ᠵᠣᠴᠢᠨ᠄ ᠬᠦᠬᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ ᠶᠢᠨ ᠲᠡᠳ᠋ ᠰᠤᠳᠤᠯᠤᠭᠴᠢ ᠶᠣᠣ ᠪᠣᠣ ᠮᠢᠩ
                 [ᠬᠠᠮᠢᠶᠠᠷᠤᠭᠴᠢ] ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ ᠶᠠᠷᠢᠯᠴᠠᠭ᠎ᠠ ᠦᠷᠨᠢᠬᠦᠯᠵᠦ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃            [ᠬᠦᠳᠦᠯᠦᠭᠴᠢ] ᠡᠨᠡ ᠵᠢᠯ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠ ᠵᠢᠭᠠᠪᠤᠷᠢ ᠥᠭᠴᠥ᠂ ᠥᠪᠥᠷ ᠮᠣᠩᠭᠤᠯ ᠠᠮᠢ ᠠᠬᠤᠶ ᠶᠢ ᠤᠷᠢᠳᠠᠪᠡᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ ᠭᠡᠵᠡᠢ᠃ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢ ᠵᠢᠯᠣᠭᠤᠳᠤᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠶᠠᠮᠠᠷ ᠶᠡᠷᠦᠩᠬᠡᠶ ᠰᠡᠳᠬᠢᠴᠡ ᠪᠠ ᠳᠤᠮᠳᠠ ᠬᠤᠭᠤᠴᠠᠭ᠎ᠠ ᠠᠯᠤᠰ ᠬᠡᠲᠦ ᠶᠢᠨ ᠬᠠᠷᠠᠯᠲᠠ ᠲᠠᠢ ᠪᠣᠶ︖            [ᠶᠣᠣ ᠪᠣᠣ ᠮᠢᠩ] ᠠᠵᠤ ᠦᠢᠯᠡᠳᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ  ᠬᠤᠪᠢ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢ ᠠᠬᠤᠶ ᠶᠢ ᠤᠷᠢᠳᠠᠪᠡᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠡᠬᠢ ᠪᠠᠶᠠᠯᠢᠭ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠳᠦᠮᠵᠢ ᠪᠣᠯᠤᠨ ᠠᠷᠢᠭᠤᠨ ᠴᠡᠪᠡᠷ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ ᠤᠯᠠᠮᠵᠢᠯᠠᠯᠲᠤ  ᠠᠵᠤ ᠦᠢᠯᠡᠰ ᠤᠨ ᠪᠣᠬᠢᠷᠲᠤᠯ ᠥᠬᠡᠶ ᠥᠭᠡᠷᠡᠴᠢᠯᠡᠯᠲᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠶᠡᠬᠡᠪᠡᠷ ᠠᠬᠢᠭᠤᠯᠵᠤ᠂ ᠪᠣᠬᠢᠷᠲᠤᠯ ᠥᠬᠡᠶ ᠠᠵᠤ ᠦᠢᠯᠡᠰ ᠤᠨ ᠰᠢᠰᠲ᠋ᠧᠮᠵᠢ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ᠂ ᠪᠣᠬᠢᠷᠲᠤᠯ ᠥᠬᠡᠶ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠯᠴᠠᠨ ᠠᠬᠢᠭᠤᠯᠵᠤ᠂ ᠡᠶ᠎ᠡ ᠵᠣᠬᠢᠴᠠᠩᠭᠤᠶ ᠬᠦᠭᠵᠢᠬᠦ ᠶᠢ ᠪᠡᠶᠡᠯᠡᠭᠦᠯᠦᠨ᠎ᠡ᠃ 3-5 ᠵᠢᠯ ᠤᠨ ᠴᠢᠷᠮᠠᠶᠢᠯᠭ᠎ᠠ ᠪᠠᠷ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠪᠡᠯᠡᠳᠬᠡᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢᠨ ᠬᠡᠪᠴᠢᠶ᠎ᠡ ᠶᠢ ᠮᠡᠳᠡᠭᠳᠡᠮ᠎ᠡ ᠥᠷᠭᠡᠳᠬᠡᠵᠦ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠠᠵᠤ ᠦᠢᠯᠡᠳᠪᠦᠷᠢ ᠶᠢᠨ ᠪᠥᠬᠦ ᠬᠦᠷᠢᠶ᠎ᠡ ᠴᠠᠷᠠᠭ᠎ᠠ᠂ ᠪᠥᠬᠦ ᠶᠠᠪᠤᠴᠠ ᠶᠢᠨ ᠨᠡᠶᠢᠳᠡᠮ ᠤᠨ ᠱᠠᠭᠠᠷᠳᠠᠯᠭ᠎ᠠ ᠪᠣᠯᠭᠠᠨ᠎ᠠ᠃ ᠡᠨᠡᠬᠦ ᠶᠠᠪᠤᠴᠠ ᠳᠤ ᠪᠣᠬᠢᠷᠲᠤᠯ ᠦᠭᠡᠢ ᠬᠠᠮᠢᠶᠠᠷᠤᠯᠲᠠ ᠶᠢᠨ  ᠰᠢᠰᠲ᠋ᠧᠮᠵᠢ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ︽ᠭᠤᠷᠪᠠᠨ ᠶᠡᠭᠡ ᠰᠢᠰᠲ᠋ᠧᠮᠵᠢ︾ ᠶᠢ ᠠᠩᠬ᠎ᠠ ᠠᠯᠬᠤᠮ ᠪᠦᠷᠢᠯᠳᠦᠭᠦᠯᠬᠦ ᠶᠢᠨ ᠬᠠᠮᠳᠤ ᠬᠦᠨᠵᠡᠭᠡᠢ ᠬᠦᠭᠵᠢᠬᠦᠯᠦᠨ᠎ᠡ᠃ ᠡᠨᠡ ᠪᠣᠯ ᠳᠠᠷᠤᠶ ᠮᠠᠨ ᠤ ᠶᠡᠷᠦᠩᠬᠡᠶ ᠰᠡᠳᠬᠢᠴᠡ ᠪᠠ ᠳᠤᠮᠳᠠ ᠬᠤᠭᠤᠴᠠᠭᠠᠨ ᠤ ᠬᠠᠷᠠᠯᠲᠠ ᠮᠥᠨ᠃      [ᠬᠦᠳᠦᠯᠦᠭᠴᠢ] ᠲᠠ ᠪᠣᠬᠢᠷᠲᠤᠯ ᠦᠭᠡᠢ ᠬᠠᠮᠢᠶᠠᠷᠤᠯᠲᠠ ᠶᠢᠨ ᠰᠢᠰᠲ᠋ᠧᠮᠵᠢ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ᠵᠡᠷᠭᠡ ︽ᠭᠤᠷᠪᠠᠨ ᠶᠡᠭᠡ ᠰᠢᠰᠲ᠋ᠧᠮᠵᠢ︾ ᠶᠢᠨ ᠪᠠᠶᠢᠭᠤᠯᠤᠯᠳᠠ ᠨᠢ ᠪᠣᠳᠠᠲᠠᠶ ᠶᠠᠭᠤ ᠬᠢᠬᠦ ᠶᠢ ᠲᠠᠶᠢᠯᠪᠤᠷᠢᠯᠠᠭᠠᠨᠳ ᠦᠭᠭᠦᠨ᠎ᠡ ᠤᠤ︖            [ᠶᠣᠣ ᠪᠣᠣ ᠮᠢᠩ]  ᠨᠢᠭᠡᠳᠦᠭᠡᠷ ᠲᠤ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ᠃ ᠡᠨᠡ ᠲᠠᠯ᠎ᠠ ᠪᠠᠷ᠂ ᠪᠢᠳᠠ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠦᠭᠡᠢ ᠪᠣᠯᠭᠠᠨ ᠥᠭᠡᠷᠡᠴᠢᠯᠡᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠢᠯᠴᠢ ᠶᠢᠨ ᠴᠠᠬᠢᠯᠭᠠᠨ ᠵᠡᠷᠭᠡ ᠠᠵᠢᠯ ᠲᠥᠷᠥᠯ ᠳᠤ ᠰᠢᠨ᠎ᠡ ᠨᠢᠭᠡ ᠡᠭᠡᠯᠵᠢ ᠶᠢᠨ ᠮᠡᠷᠭᠡᠵᠢᠯ ᠤᠨ ᠥᠭᠡᠷᠡᠴᠢᠯᠡᠯᠲᠡ ᠪᠠ ᠪᠦᠲᠦᠴᠡ ᠶᠢᠨ ᠲᠡᠰ ᠳᠠᠪᠰᠢᠯᠲᠠ ᠶᠢ  ᠬᠡᠷᠡᠭᠵᠢᠭᠦᠯᠦᠨ᠎ᠡ᠃ ᠡᠭᠦᠨ ᠤ ᠬᠠᠮᠲᠤ᠂ ᠡᠨᠧᠷᠭᠢ ᠶᠢᠨ ᠬᠤᠷᠣᠭᠳᠠᠯ ᠪᠠᠭ᠎ᠠ᠂ ᠪᠣᠬᠢᠷᠲᠤᠯ ᠪᠠᠭ᠎ᠠ ᠲᠡᠷᠢᠭᠦᠨ ᠤ ᠦᠢᠯᠡᠳᠬᠦ ᠦᠢᠯᠡᠰ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠡᠨᠧᠷᠭᠢ ᠶᠢᠨ ᠮᠠᠲ᠋ᠧᠷᠢᠶᠠᠯ᠂ ᠠᠮᠢᠳᠤ ᠪᠣᠳᠠᠰ ᠤᠨ ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠳᠠᠪᠠᠭᠤᠯᠢᠭ ᠪᠣᠬᠢᠷᠲᠤᠯ ᠦᠭᠡᠢ ᠠᠵᠤ ᠦᠢᠯᠡᠰ ᠢ ᠪᠤᠵᠠᠭᠠᠶᠢᠷᠠᠭᠤᠯᠤᠨ᠎ᠠ᠃ 2021 ᠣᠨ ᠪᠣᠯᠬᠤ ᠳᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢ ᠨᠡᠶᠢᠲᠡ 100 ᠳ᠋ᠦᠩᠰᠢᠭᠤᠷ ᠲᠥᠭᠦᠷᠢᠭ ᠠᠴᠠ ᠳᠡᠭᠡᠭᠰᠢ  ᠪᠡᠶᠡᠯᠡᠭᠦᠯᠬᠦ ᠪᠠᠷ ᠴᠢᠷᠮᠠᠶᠢᠵᠤ᠂ ᠵᠠᠭᠤᠨ ᠳ᠋ᠦᠩᠰᠢᠭᠤᠷ ᠲᠥᠭᠦᠷᠢᠭ ᠤᠨ ᠲᠡᠰ ᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠯ 3 ᠣᠷᠴᠢᠮ ᠢ ᠪᠤᠢ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠭᠦᠨ ᠤ ᠥᠷᠲᠡᠭ ᠲᠤ ᠡᠵᠡᠯᠡᠬᠦ ᠬᠤᠪᠢ ᠶᠢᠨ ᠵᠢᠩ ᠢ 33 % ᠠᠴᠠ ᠳᠠᠪᠠᠭᠤᠯᠤᠨ᠎ᠠ᠃      ᠬᠤᠶᠠᠳᠤᠭᠠᠷ ᠲᠤ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ᠃ ᠡᠨᠡ ᠲᠠᠯ᠎ᠠ ᠪᠠᠷ᠂ ᠪᠢᠳᠡ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠪᠣᠬᠢᠷᠲᠤᠯ ᠥᠬᠡᠶ ᠦᠢᠯᠡᠳᠬᠦ ᠪᠠᠷᠢᠮᠵᠢᠶ᠎ᠠ ᠶᠢ ᠦᠷᠭᠦᠯᠵᠢᠯᠡᠨ ᠡᠭᠦᠳᠦᠨ ᠪᠠᠶᠢᠭᠤᠯᠬᠤ ᠪᠠ ᠬᠡᠷᠡᠭᠵᠢᠭᠦᠯᠵᠦ᠂ ᠨᠢᠭᠡ ᠪᠦᠯᠦᠭ ᠪᠣᠬᠢᠷᠲᠤᠯ ᠥᠬᠡᠶ ᠵᠢᠷᠤᠭ ᠲᠦᠰᠦᠪ ᠤᠨ ᠪᠦᠳᠦᠭᠡᠭᠳᠡᠭᠦᠨ ᠢ ᠴᠢᠷᠮᠠᠶᠢᠨ ᠨᠡᠭᠡᠭᠡᠨ ᠬᠥᠭᠵᠢᠭᠦᠯᠵᠦ᠂ ᠨᠢᠭᠡ ᠪᠦᠯᠦᠭ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠡᠭᠦᠳᠦᠨ ᠪᠠᠶᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠲᠡᠭᠡᠳᠦ ᠳᠣᠣᠷᠠᠳᠤ ᠤᠷᠤᠰᠬᠠᠯ ᠤᠨ ᠡᠬᠢ ᠪᠠᠶᠠᠯᠢᠭ ᠢᠶᠠᠨ ᠨᠡᠶᠢᠳᠬᠡᠵᠦ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢ ᠬᠠᠮᠲᠤᠷᠠᠨ ᠪᠠᠶᠢᠭᠤᠯᠬᠤ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ 2021ᠣᠨ ᠪᠣᠯᠬᠤ ᠳᠤ᠂ 8 -10 ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ᠂ 1- 2 ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ ᠭᠤᠤᠯᠯᠠᠬᠤ ᠠᠵᠤ ᠦᠢᠯᠡᠰ ᠲᠤ ᠡᠳᠦᠶ ᠲᠡᠳᠦᠶ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠎ᠠ᠃            ᠭᠤᠷᠪᠠᠳᠤᠭᠠᠷ ᠲᠤ᠂ ᠪᠣᠬᠢᠷᠲᠤᠯ ᠥᠬᠡᠶ ᠬᠠᠮᠢᠶᠠᠷᠤᠯᠲᠠ ᠶᠢᠨ ᠰᠢᠰᠲ᠋ᠧᠮᠵᠢ᠃ ᠡᠨᠡ ᠲᠠᠯ᠎ᠠ ᠪᠠᠷ᠂ ᠪᠢᠳᠡ ᠭᠤᠤᠯᠳᠠᠭᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠨ ᠲᠠᠯ᠎ᠠ ᠠᠴᠠ ᠡᠨᠧᠷᠭᠢ ᠶᠢᠨ ᠠᠰᠢᠭᠯᠠᠮᠵᠢ ᠶᠢᠨ ᠦᠷ᠎ᠡ ᠪᠦᠳᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠪᠣᠳᠣᠯᠬᠢᠯᠠᠵᠤ᠂ 2021 ᠣᠨ ᠪᠣᠯᠬᠤ ᠳᠤ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠤᠭᠳᠠᠯ ᠢ 2018 ᠣᠨ ᠤ ᠬᠢ ᠠᠴᠠ 4.5 % ᠪᠠᠭᠤᠷᠠᠭᠤᠯᠵᠤ᠂ ᠤᠰᠤᠨ ᠤ ᠬᠤᠷᠤᠭᠳᠠᠯ ᠢ 5 % ᠣᠷᠴᠢᠮ ᠪᠠᠭᠤᠷᠠᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠪᠠᠷᠢᠮᠵᠢᠶ᠎ᠠ ᠳᠤ ᠬᠦᠷᠭᠡᠨ᠎ᠡ᠃ ᠡᠭᠦᠨ ᠤ  ᠬᠠᠮᠲᠤ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠢᠨᠵᠧᠨᠧᠷᠢᠩ ᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠳᠤ ᠠᠳᠠᠭ ᠲᠠᠭᠠᠨ ᠨᠢᠭᠡ ᠡᠭᠡᠯᠵᠢ ᠶᠢᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠪᠡᠶᠡᠯᠡᠭᠦᠯᠦᠨ᠎ᠡ᠃      [ᠬᠦᠳᠦᠯᠦᠭᠴᠢ] ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠪᠤᠳᠠᠳᠠᠢ ᠭᠡᠷᠡᠭᠵᠢᠬᠦᠯᠬᠦ ᠶᠠᠪᠤᠴᠠ ᠳᠤᠮᠳᠠ ᠪᠠᠨ ᠶᠠᠮᠠᠷ ᠶᠠᠮᠠᠷ ᠪᠣᠳᠠᠲᠠᠶ ᠡᠭᠦᠷᠭᠡ ᠲᠠᠢ ᠪᠣᠶ︖            [ᠶᠣᠣ ᠪᠣᠣ ᠮᠢᠩ] ᠳᠡᠭᠡᠷ᠎ᠡ ᠳᠤᠷᠠᠳᠤᠭᠰᠠᠨ ᠪᠣᠳᠠᠲᠠᠶ ᠬᠠᠷᠠᠯᠲᠠ  ᠶᠤᠰᠤᠭᠠᠷ᠂ ᠪᠢᠳᠡ 6 ᠲᠠᠯ᠎ᠠ᠂19  ᠪᠣᠳᠠᠲᠠᠶ ᠡᠭᠦᠷᠭᠡ ᠪᠣᠯᠭᠠᠨ ᠨᠠᠷᠢᠰᠬᠠᠪᠠ᠃            ᠨᠢᠭᠡᠳᠦᠭᠡᠷ ᠲᠠᠯ᠎ᠠ ᠳᠤ᠂ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠥᠬᠡᠶ ᠪᠣᠯᠭᠠᠨ ᠥᠭᠡᠷᠡᠴᠢᠯᠡᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠰᠠᠭᠤᠷᠢ ᠶᠢ ᠰᠢᠯᠢᠳᠡᠭᠵᠢᠭᠦᠯᠦᠨ᠎ᠡ᠃ 4  ᠵᠦᠢᠯ ᠤᠨ ᠪᠣᠳᠠᠲᠠᠶ ᠡᠭᠦᠷᠭᠡ ᠪᠣᠯ᠄            ᠨᠢᠭᠡ ᠳᠤ᠂ ᠰᠦ ᠶᠢᠨ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ  ᠠᠬᠢᠭᠤᠯᠤᠨ᠎ᠠ᠃ ︽ᠬᠦᠬᠡᠬᠤᠳᠠ ᠶᠢᠨ ᠰᠦ ᠶᠢᠨ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2018 -2020︶︾ ᠶᠢᠨ ᠲᠣᠭᠤᠷᠢᠨ ᠳᠤ᠂ ᠢᠯᠢ᠂ ᠮᠧᠩ ᠨᠢᠤ ᠬᠤᠶᠠᠷ ᠲᠤᠯᠤᠭᠠᠶᠢᠯᠠᠭᠴᠢ ᠠᠵᠤ ᠠᠬᠤᠶᠢᠯᠠᠯ ᠤᠨ ᠡᠷᠡᠭᠦᠯ ᠮᠡᠨᠳᠦ ᠶᠢᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠤᠰ ᠤᠨ ᠲᠡᠰ ᠤᠨ ᠰᠦ ᠶᠢᠨ ᠠᠵᠤ ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠤᠶᠤᠨᠳᠤ ᠦᠢᠯᠡᠳᠬᠦ ᠵᠢᠱᠢᠶ᠎ᠡ ᠦᠵᠡᠭᠦᠯᠬᠦ ᠦᠢᠯᠡᠳᠪᠦᠷᠢ᠂ ᠤᠯᠤᠰ ᠤᠨ ᠲᠡᠰ ᠤᠨ ᠪᠣᠬᠢᠷᠲᠤᠯ ᠥᠬᠡᠶ ᠦᠢᠯᠡᠳᠪᠦᠷᠢ᠂ ︽ᠰᠦ ᠶᠢᠨ ᠦᠢᠯᠡᠰ ᠤᠨ ᠠᠯᠲᠠᠨ ᠬᠥᠨᠳᠡᠶ︾ ᠶᠢᠨ ᠣᠨᠴᠠᠯᠢᠭᠲᠤ ᠵᠢᠵᠢᠭ ᠪᠠᠯᠭᠠᠰᠤ ᠵᠡᠷᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠬᠤ ᠶᠢ ᠳᠠᠮᠵᠢᠵᠤ᠂ ᠰᠦ ᠶᠢᠨ ᠠᠵᠤ ᠦᠢᠯᠡᠰ ᠤᠨ ᠰᠦᠷᠦᠭᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠶᠢ 2000 ᠳ᠋ᠦᠩᠰᠢᠭᠤᠷ ᠲᠥᠭᠦᠷᠢᠭ ᠲᠡᠰᠢ ᠠᠬᠢᠭᠤᠯᠤᠨ᠂ ᠰᠦ ᠶᠢᠨ ᠦᠢᠯᠡᠰ ᠤᠨ 4.0 ᠪᠠ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠳᠡᠰ ᠳᠡᠪᠰᠢᠬᠦ ᠶᠢ ᠲᠦᠷᠭᠡᠳᠬᠡᠨ ᠪᠡᠶᠡᠯᠡᠭᠦᠯᠦᠨ᠎ᠡ᠃

     ᠬᠤᠶᠠᠷ ᠲᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃

ᠴᠢᠯᠠᠭᠤᠨ ᠲᠤᠰᠤ ᠬᠢᠮᠢ ᠶᠢᠨ ᠠᠵᠤ ᠦᠢᠯᠡᠰ ᠤᠨ ᠣᠳᠣ ᠶᠢᠨ ᠪᠠᠶᠢᠭ᠎ᠠ ᠰᠠᠭᠤᠷᠢ ᠳᠤ ᠰᠠᠭᠤᠷᠢᠯᠠᠨ᠂ ᠮᠠᠨ ᠤ ᠬᠤᠲᠠ ᠶᠢᠨ ᠣᠳᠣ ᠦᠶ᠎ᠡ ᠶᠢᠨ ᠬᠢᠮᠢ ᠶᠢᠨ ᠠᠵᠤ

ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠲᠦᠷᠭᠡᠯᠡᠨ ᠲᠣᠭᠲᠠᠭᠠᠵᠤ᠂ ᠳᠤᠮᠳᠠᠳᠤ ᠤᠯᠤᠰ ᠤᠨ ᠴᠢᠯᠠᠭᠤᠨ

ᠲᠤᠰᠤ ᠶᠢᠨ ᠬᠥᠬᠡᠬᠤᠲᠠ ᠶᠢᠨ ᠴᠢᠯᠠᠭᠤᠨ ᠲᠤᠰᠤ ᠬᠢᠮᠢ᠂ ᠳᠤᠮᠳᠠᠳᠤ ᠤᠯᠤᠰ ᠤᠨ ᠳᠠᠯᠠᠢ ᠶᠢᠨ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ

ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ ᠶᠢ ᠯᠠᠪᠳᠠᠭᠤᠨ ᠠᠬᠢᠭᠤᠯᠵᠤ᠂ ᠬᠡᠯᠪᠡᠷᠢ ᠪᠠᠨ

ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠦᠨ᠎ᠡ᠃ ᠲᠤᠭᠲᠠᠬᠤ ᠴᠢᠩ ᠱᠦᠢ ᠡᠾᠧ ᠤᠨ ᠠᠵᠤ ᠦᠢᠯᠡᠳᠪᠦᠷᠢ ᠶᠢᠨ  ᠬᠦᠷᠢᠶᠡᠯᠡᠩ ᠲᠣᠭᠤᠷᠢᠭ ᠢᠶᠠᠷ ᠠᠴᠢᠶᠠᠯᠠᠪᠤᠷᠢ

ᠪᠣᠯᠭᠠᠨ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠬᠦᠨᠳᠦ ᠬᠢᠮᠢ ᠶᠢᠨ ᠠᠵᠤ ᠦᠢᠯᠡᠳᠪᠦᠷᠢ ᠶᠢᠨ

ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠬᠦᠨᠳᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ

ᠲᠤᠭᠲᠠᠬᠤ ᠴᠢᠩ ᠱᠦᠢ ᠡᠾᠧ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠰᠢ ᠲᠥᠪᠯᠡᠷᠡᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ᠂

ᠨᠠᠷᠢᠯᠢᠭᠵᠢᠭᠰᠠᠨ᠂ ᠤᠷᠴᠢᠯᠳᠤᠭᠰᠠᠨ ᠠᠵᠤ ᠦᠢᠯᠡᠰ ᠤᠨ ᠰᠦᠷᠦᠭᠵᠢᠯ ᠢ ᠪᠤᠢ ᠪᠣᠯᠭᠠᠨ᠎ᠠ᠃      

     ᠭᠤᠷᠪᠠ ᠳᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃

ᠪᠣᠬᠢᠷᠲᠤᠯ ᠦᠭᠡᠢ ᠪᠠᠷᠢᠯᠭ᠎ᠠ ᠪᠣᠯᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠪᠣᠬᠢᠷᠲᠤᠯ

ᠦᠭᠡᠢ ᠪᠠᠷᠢᠯᠭ᠎ᠠ ᠶᠢᠨ ᠮᠠᠲ᠋ᠧᠷᠢᠶᠠᠯ ᠪᠣᠯᠤᠨ ᠪᠠᠷᠢᠯᠭ᠎ᠠ ᠶᠢᠨ ᠮᠠᠲ᠋ᠧᠷᠢᠶᠠᠯ ᠤᠨ ᠤᠭᠰᠠᠷᠠᠭ᠎ᠠ ᠦᠢᠯᠡᠳᠭᠦᠨ ᠤᠭᠰᠠᠷᠠᠭ᠎ᠠ ᠲᠣᠨᠤᠭ ᠢ ᠬᠥᠭᠵᠢᠭᠦᠯᠵᠦ᠂ ᠤᠭᠰᠠᠷᠠᠮᠠᠯ

ᠮᠠᠶ᠋ᠢᠭ ᠤᠨ ᠪᠠᠷᠢᠯᠭ᠎ᠠ ᠳᠤ ᠲᠣᠬᠢᠷᠠᠬᠤ ᠱᠦᠢᠨᠢ ᠶᠢᠨ ᠰᠠᠭᠤᠷᠢ ᠮᠠᠲ᠋ᠧᠷᠢᠶᠠᠯ ᠵᠢᠴᠢ ᠦᠢᠯᠡᠳᠭᠦᠨ ᠢ ᠨᠡᠭᠡᠭᠡᠨ ᠬᠥᠭᠵᠢᠭᠦᠯᠵᠦ ᠳᠡᠯᠭᠡᠷᠡᠭᠦᠯᠦᠨ᠎ᠡ᠃ ᠪᠠᠷᠢᠯᠭ᠎ᠠ ᠶᠢᠨ

ᠡᠨᠧᠷᠭᠢ ᠠᠷᠪᠢᠯᠠᠬᠤ ᠰᠢᠯ᠂ ᠭᠠᠳᠠᠷ ᠬᠡᠷᠡᠮ ᠳᠤ ᠬᠡᠷᠡᠭᠯᠡᠬᠦ ᠭᠠᠯ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠰᠢᠲᠠᠬᠤ ᠶᠢ ᠬᠤᠷᠢᠭᠯᠠᠵᠤ ᠢᠯᠴᠢ ᠪᠠ

ᠤᠰᠤ ᠰᠡᠷᠭᠡᠶᠢᠯᠡᠬᠦ ᠮᠠᠲ᠋ᠧᠷᠢᠶᠠᠯ᠂ ᠬᠥᠩᠭᠡᠨ ᠴᠢᠨᠠᠷ ᠤᠨ ᠡᠨᠧᠷᠭᠢ ᠠᠷᠪᠢᠯᠠᠬᠤ ᠬᠡᠷᠡᠮ ᠤᠨ ᠮᠠᠲ᠋ᠧᠷᠢᠶᠠᠯ᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ

ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠢᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠮᠠᠨ ᠤ

ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠠᠭᠠᠷᠠᠭᠤᠯᠤᠭᠰᠠᠨ ᠴᠠᠬᠢᠭᠤᠷ ᠺᠠᠯᠼ ᠤᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ

ᠪᠣᠳᠠᠰ ᠢ ᠰᠢᠩᠭᠡᠭᠡᠨ ᠠᠪᠴᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      

     ᠳᠥᠷᠪᠡ ᠳᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠰᠢᠭᠰᠢᠭᠳᠡᠭᠦᠯᠦᠨ᠎ᠡ᠃ ᠡᠨᠧᠷᠭᠢ ᠶᠢᠨ ᠬᠤᠷᠤᠭᠳᠠᠯ ᠪᠣᠯᠤᠨ

ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠬᠦ ᠦᠭᠡᠢ᠂ ᠶᠠᠰᠤ ᠴᠢᠨᠠᠷ᠂ ᠠᠶᠤᠯᠬᠦᠢ ᠶᠢᠨ ᠬᠢᠷᠢ ᠲᠦᠪᠰᠢᠨ ᠳᠣᠤᠷ᠎ᠠ᠂ ᠠᠵᠢᠯ ᠤᠨ ᠨᠥᠯᠥᠭᠡᠨ ᠤ

ᠡᠪᠡᠳᠴᠢᠨ ᠤ ᠬᠤᠤᠷ ᠬᠥᠨᠥᠭᠡᠯ ᠢᠶᠠᠷ ᠬᠦᠨᠳᠦ ᠨᠣᠴᠢᠲᠠᠶ ᠬᠤᠴᠣᠷᠤᠩᠭᠤᠶ ᠤᠷᠠᠨ ᠳᠠᠷᠬ᠎ᠠ᠂ ᠮᠡᠷᠭᠡᠵᠢᠯ ᠪᠣᠯᠤᠨ ᠲᠣᠨᠤᠭ ᠲᠥᠬᠦᠭᠡᠷᠦᠮᠵᠢ ᠶᠢ ᠬᠠᠤᠯᠢ

ᠲᠣᠭᠲᠠᠭᠠᠯ ᠶᠣᠰᠣᠭᠠᠷ ᠰᠢᠭᠰᠢᠭᠳᠡᠭᠦᠯᠦᠨ᠎ᠡ᠃

     ᠬᠤᠶᠠᠳᠤᠭᠠᠷ ᠲᠠᠯ᠎ᠠ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂

ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠷᠢᠯᠳᠦᠭᠦᠯᠦᠨ᠎ᠡ᠃ 4 ᠵᠦᠢᠯ ᠤᠨ ᠪᠣᠳᠠᠲᠠᠶ ᠡᠭᠦᠷᠭᠡ ᠪᠣᠯ᠄

     ᠨᠢᠭᠡ ᠳᠤ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠶᠢᠨ

ᠢᠦᠶ ᠣᠯᠠᠨ ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠢᠴᠢ ᠲᠡᠭᠡᠳᠦ ᠲᠡᠰ ᠤᠨ ᠠᠮᠢᠳᠤ ᠪᠣᠳᠠᠰ ᠤᠨ ᠠᠶᠤᠯᠬᠦᠢ ᠶᠢᠨ

ᠲᠤᠷᠰᠢᠯᠲᠠ ᠶᠢᠨ ᠲᠠᠰᠤᠭ᠂ ᠶᠢᠨ ᠾᠧ ᠶᠢᠦ ᠪᠧᠨ ᠸᠠᠺᠼᠢᠨ᠂ ᠢ ᠳ᠋ᠦᠸᠧ ᠯᠢ ᠠᠮᠢᠳᠤ ᠪᠣᠳᠠᠰ ᠤᠨ ᠬᠠᠲᠠᠭᠤ ᠪᠡᠶᠡᠲᠦ ᠢᠰᠬᠡᠭᠦᠷ ᠤᠨ ᠨᠠᠶᠢᠷᠠᠯᠭ᠎ᠠ᠂ ᠱᠢ ᠵᠢᠢ

ᠹᠦ᠋ ᠺᠠᠩ ᠤᠤᠭᠤᠬᠤ ᠰᠢᠩᠭᠡᠨ ᠵᠡᠷᠭᠡ ᠭᠤᠤᠯᠳᠠᠯᠭ᠎ᠠ ᠲᠠᠢ ᠦᠢᠯᠡᠳᠪᠦᠷᠢᠯᠡᠯ ᠤᠨ ᠲᠥᠷᠥᠯ  ᠵᠦᠢᠯ‌‍ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ

᠂ ᠠᠮᠢᠳᠤ ᠪᠣᠳᠠᠰ ᠤᠨ ᠸᠠᠺᠼᠢᠨ᠂ ᠠᠮᠢᠳᠤ  ᠪᠣᠳᠠᠰ ᠤᠨ ᠢᠰᠬᠡᠭᠦᠷ᠂ ᠮᠣᠩᠭᠤᠯ ᠬᠢᠲᠠᠳ ᠡᠮ ᠵᠡᠷᠭᠡ ᠲᠡᠭᠡᠳᠦ ᠲᠡᠰ ᠤᠨ ᠦᠢᠯᠡᠳᠭᠦᠨ ᠢ ᠬᠥᠭᠵᠢᠭᠦᠯᠦᠨ

ᠪᠤᠵᠠᠭᠠᠶᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠦᠭᠦᠬᠡᠶ ᠡᠳ᠋ ᠢ ᠴᠡᠪᠡᠷᠰᠢᠭᠦᠯᠬᠦ᠂ ᠪᠣᠬᠢᠷᠲᠤᠯ ᠥᠬᠡᠶ ᠪᠣᠯᠭᠠᠵᠤ ᠬᠡᠯᠪᠡᠷᠢ ᠶᠢ ᠬᠤᠪᠢᠷᠠᠭᠤᠯᠤᠨ

ᠳᠡᠭᠡᠭᠰᠢᠯᠡᠭᠦᠯᠬᠦ ᠶᠢ ᠠᠬᠢᠭᠤᠯᠤᠨ᠎ᠠ᠃      

     ᠬᠤᠶᠠᠷ ᠲᠤ ᠭᠡᠷᠡᠯ ᠸᠤᠯᠲ ᠤᠨ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠵᠦᠩ ᠬᠤᠸᠠᠨ ᠭᠡᠷᠡᠯ

ᠸᠣᠯᠲ ᠤᠨ ᠳᠠᠩ ᠲᠠᠯᠠᠰᠲᠤ ᠴᠠᠬᠢᠭᠤᠷ ᠤᠨ ᠲᠠᠪᠤᠳᠤᠭᠠᠷ ᠬᠤᠭᠤᠴᠠᠭ᠎ᠠ᠂ ᠬᠤᠪᠢᠯᠭᠠᠨ ᠵᠡᠪᠢ ᠴᠠᠬᠢᠭᠤᠷ ᠤᠨ ᠦᠢᠯᠡᠰ ᠤᠨ1.5 -1.8 ᠲᠦᠮᠡᠨ ᠲᠣᠨ ᠤ

ᠲᠡᠰ ᠤᠨ ᠣᠯᠠᠨ ᠲᠠᠯᠠᠰᠲᠤ ᠴᠠᠬᠢᠭᠤᠷ᠂ ᠡᠸᠥ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠥᠭᠡᠬᠦᠨ ᠴᠢᠯᠠᠭᠤᠨ ᠬᠠᠶᠢᠯᠤᠭᠤᠷ ᠤᠨ ᠬᠤᠶᠠᠳᠤᠭᠠᠷ ᠬᠤᠭᠤᠴᠠᠭ᠎ᠠ᠂

ᠵᠦᠩ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠰᠢᠨ᠎ᠡ ᠬᠡᠯᠪᠡᠷᠢ ᠶᠢᠨ ᠨᠡᠭᠦᠷᠡᠰᠦᠲᠥ᠋ᠷᠥᠭᠴᠢ ᠰᠢᠷᠬᠡᠭ ᠤᠨ ᠨᠡᠶᠢᠯᠡᠮᠡᠯ ᠠᠵᠤ

ᠦᠢᠯᠡᠰᠵᠢᠭᠦᠯᠬᠦ᠂ ᠵᠦᠩ ᠬᠤᠸᠠᠨ ᠯᠢᠩ ᠰᠢᠶᠠᠨ ᠴᠠᠬᠢᠭᠤᠷ ᠤᠨ ᠳᠠᠩ ᠲᠠᠯᠠᠰᠲᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠵᠦᠩ

ᠬᠤᠸᠠᠨ ᠯᠢᠩ ᠰᠢᠶᠠᠨ ᠤ ᠪᠦᠳᠦᠭᠡᠨ ᠪᠠᠶᠢᠭᠤᠯᠤᠯᠳᠠ᠂ ᠲᠣᠮᠣ ᠳ᠋ᠢᠶᠠᠮᠧᠲᠷ ᠤᠨ ᠴᠠᠬᠢᠭᠤᠷ ᠤᠨ ᠳᠠᠩ ᠲᠠᠯᠠᠰᠲᠤ ᠦᠢᠯᠡᠳᠪᠦᠷᠢᠯᠡᠬᠦ ᠶᠢ ᠶᠡᠬᠡᠪᠡᠷ ᠲᠡᠮᠵᠢᠵᠦ᠂

2021 ᠣᠨ ᠪᠣᠯᠬᠤ ᠳᠤ ᠬᠠᠭᠠᠰ ᠳᠠᠮᠵᠢᠭᠤᠯᠤᠭᠴᠢ ᠶᠢᠨ ᠲᠦᠢᠯ ᠤᠨ ᠴᠠᠬᠢᠭᠤᠷ ᠤᠨ ᠳᠠᠩ ᠲᠠᠯᠠᠰᠲᠤ ᠦᠢᠯᠡᠳᠪᠦᠷᠢᠯᠡᠬᠦ ᠴᠢᠳᠠᠪᠤᠷᠢ ᠶᠢ 1200 ᠲᠣᠨ

ᠪᠡᠶᠡᠯᠡᠭᠦᠯᠬᠦ ᠪᠠᠷ ᠴᠢᠷᠮᠠᠶᠢᠵᠤ᠂ ᠭᠡᠷᠡᠯ ᠸᠤᠯᠲ ᠤᠨ ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃

     ᠭᠤᠷᠪᠠ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠺᠠᠢ

ᠸᠦᠸᠧ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠠᠵᠤ ᠦᠢᠯᠡᠰ ᠤᠨ ᠰᠠᠭᠤᠷᠢᠨ ᠭᠠᠵᠠᠷ᠂ ᠵᠦᠩ ᠯᠢ ᠰᠢᠨ᠎ᠡ ᠮᠠᠲ᠋ᠧᠷᠢᠶᠠᠯ ᠤᠨ ᠰᠠᠷᠢᠰᠤ ᠵᠡᠷᠭᠡ

ᠭᠤᠤᠯᠳᠠᠯᠭ᠎ᠠ ᠲᠠᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ᠂ ᠳᠡᠯᠭᠡᠷᠡᠭᠦᠯᠦᠨ ᠬᠡᠷᠡᠭᠯᠡᠬᠦ ᠬᠦᠷᠢᠶ᠎ᠡ

ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠲᠣᠮᠣ ᠪᠠᠷᠠᠭ᠎ᠠ ᠶᠢᠨ ᠬᠦᠢᠯᠭᠡᠭᠡ᠂ ᠲᠦᠷᠢᠶᠡᠰᠦᠯᠡᠭᠦᠯᠬᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂

ᠵᠢᠯᠣᠭᠤᠴᠢ ᠶᠢᠨ ᠰᠤᠷᠭᠠᠭᠤᠯᠢ ᠳᠤ ᠬᠡᠷᠡᠭᠯᠡᠬᠦ ᠲᠡᠷᠭᠡ ᠵᠡᠷᠭᠡ ᠬᠦᠷᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ᠎ᠡ᠃

     ᠳᠥᠷᠪᠡ ᠳᠤ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ  ᠲᠦᠯᠬᠢᠨ ᠠᠬᠢᠭᠤᠯᠤᠨ᠎ᠠ᠃ ᠴᠤᠸᠠᠩ ᠸᠧᠶ

ᠡᠯᠧᠺᠲᠷᠣᠨ ᠤᠶᠤᠨᠳᠤ ᠭᠡᠷ ᠤᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠢ ᠨᠡᠭᠦᠯᠭᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ

ᠬᠡᠷᠡᠭᠵᠢᠭᠦᠯᠦᠨ᠎ᠡ᠃ ᠬᠡᠷᠡᠭᠯᠡᠭᠡᠨ ᠤ ᠡᠯᠧᠺᠲᠷᠣᠨ᠂ ᠦᠢᠯᠡᠴᠢᠯᠡᠭᠦᠷ ᠦᠢᠯᠡᠳᠬᠦ᠂ ᠤᠶᠤᠨᠲᠤ ᠭᠡᠷ ᠤᠨ ᠴᠠᠬᠢᠯᠭᠠᠨ ᠬᠡᠷᠡᠭᠰᠡᠯ᠂ ᠤᠶᠤᠨᠲᠤ ᠮᠠᠰᠢᠨ ᠬᠥᠮᠦᠨ᠂ 3

D ᠳᠠᠷᠤᠮᠠᠯᠯᠠᠬᠤ ᠵᠡᠷᠭᠡ ᠠᠵᠤ ᠠᠬᠤᠶᠢᠯᠠᠯ ᠪᠣᠯᠤᠨ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠪᠠᠷᠠᠭᠤᠨ ᠬᠤᠶᠢᠲᠤ ᠣᠷᠣᠨ ᠢ ᠨᠥᠯᠥᠭᠡᠯᠡᠬᠦ

ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃      

     ᠭᠤᠷᠪᠠᠳᠤᠭᠠᠷ ᠲᠠᠯ᠎ᠠ ᠳᠤ᠂ ᠪᠣᠬᠢᠷᠲᠤᠯ ᠥᠬᠡᠶ ᠦᠢᠯᠡᠳᠬᠦ ᠪᠠᠷᠢᠮᠵᠢᠶ᠎ᠠ ᠪᠠᠷ ᠪᠠᠷᠢᠮᠵᠢᠶᠠᠯᠠᠵᠤ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢᠨ ᠠᠯᠬᠤᠮ

ᠠᠯᠬᠤᠮ ᠢᠶᠠᠷ ᠪᠦᠷᠢᠯᠳᠦᠬᠦ ᠶᠢ ᠠᠬᠢᠭᠤᠯᠤᠨ᠎ᠠ᠃ 4 ᠵᠦᠢᠯ ᠤᠨ  ᠪᠣᠳᠠᠲᠠᠶ ᠡᠭᠦᠷᠭᠡ ᠪᠣᠯ᠄      

     ᠨᠢᠭᠡ ᠳᠤ ᠪᠣᠬᠢᠷᠲᠤᠯ ᠦᠭᠡᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠢᠳᠡᠭᠡᠨ᠂ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠲ᠋ᠧᠷᠢᠶᠠᠯ᠂ ᠡᠨᠧᠷᠭᠢ

ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ᠂

ᠬᠡᠷᠡᠭᠯᠡᠭᠴᠢᠳ ᠯᠦᠭᠡ ᠨᠢᠭᠲᠠ ᠬᠤᠯᠪᠣᠭ᠎ᠠ ᠲᠠᠢ᠂ ᠨᠥᠬᠦᠴᠡᠯ ᠪᠣᠯᠪᠠᠰᠤᠷᠠᠩᠭᠤᠶ ᠦᠢᠯᠡᠳᠭᠦᠨ ᠢ ᠰᠣᠩᠭᠤᠨ ᠪᠣᠬᠢᠷᠲᠤᠯ ᠥᠬᠡᠶ ᠵᠢᠷᠤᠭ ᠲᠦᠰᠦᠪᠯᠡᠯ ᠤᠨ

ᠪᠦᠳᠦᠭᠡᠭᠳᠡᠭᠦᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠤᠤᠷ ᠥᠬᠡᠶ ᠪᠣᠯᠭᠠᠬᠤ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂

ᠥᠨᠳᠥᠷ ᠴᠢᠨᠠᠷ ᠪᠦᠬᠦᠢ᠂ ᠤᠷᠲᠤ ᠨᠠᠰᠤᠯᠠᠬᠤ ᠪᠠ ᠬᠤᠷᠢᠶᠠᠨ ᠠᠪᠬᠤ ᠳᠤ ᠬᠢᠯᠪᠠᠷ ᠵᠡᠷᠭᠡ ᠣᠨᠴᠠᠯᠢᠭ ᠲᠠᠢ ᠪᠣᠬᠢᠷᠲᠤᠯ ᠥᠬᠡᠶ ᠦᠢᠯᠡᠳᠬᠦᠨ ᠢ ᠨᠡᠭᠡᠭᠡᠨ

ᠬᠥᠭᠵᠢᠭᠦᠯᠦᠨ᠎ᠡ᠃

     ᠬᠤᠶᠠᠷ ᠲᠤ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠤᠨ᠎ᠠ᠃ ᠦᠢᠯᠡᠳᠪᠦᠷᠢ ᠶᠢᠨ ᠭᠡᠷ ᠪᠠᠶᠢᠰᠢᠩ ᠢ ᠡᠷᠴᠢᠮᠵᠢᠭᠦᠯᠬᠦ᠂ ᠲᠦᠭᠦᠬᠡᠶ

ᠮᠠᠲ᠋ᠧᠷᠢᠶᠠᠯ ᠢ ᠬᠤᠤᠷ ᠦᠭᠡᠶᠢᠵᠢᠭᠦᠯᠬᠦ᠂ ᠦᠢᠯᠡᠳᠪᠦᠷᠢᠯᠡᠯ ᠢ ᠴᠡᠪᠡᠷᠰᠢᠭᠦᠯᠬᠦ᠂ ᠬᠠᠶᠠᠭᠳᠠᠮᠠᠯ ᠡᠳ᠋ ᠢ ᠡᠬᠢ ᠪᠠᠶᠠᠯᠢᠭᠵᠢᠭᠤᠯᠬᠤ᠂ ᠡᠨᠧᠷᠭᠢ ᠶᠢ ᠳᠣᠤᠷ᠎ᠠ

ᠨᠡᠭᠦᠷᠡᠰᠦᠲᠥ᠋ᠷᠥᠭᠴᠢᠵᠢᠭᠦᠯᠬᠦ ᠵᠠᠷᠴᠢᠮ ᠶᠣᠰᠣᠭᠠᠷ ᠲᠥᠷᠥᠯ ᠬᠤᠪᠢᠶᠠᠨ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠤᠨ᠎ᠠ᠃      

     ᠭᠤᠷᠪᠠ ᠳᠤ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠠᠵᠤ ᠠᠬᠤᠶᠢᠯᠠᠯ ᠢ ᠲᠦᠪᠯᠡᠷᠡᠭᠦᠯᠦᠭᠰᠡᠨ ᠬᠦᠭᠵᠢᠯᠲᠡ᠂ ᠠᠵᠤ

ᠦᠢᠯᠡᠰ ᠠᠮᠢ ᠠᠬᠤᠢ ᠶᠢᠨ ᠬᠡᠯᠬᠢᠶᠡᠵᠢᠯ᠂ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠦᠭᠡᠢ

ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      

     ᠳᠥᠷᠪᠡ ᠳᠤ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠤᠢ ᠪᠣᠯᠭᠠᠨ᠎ᠠ᠃ ᠴᠠᠭᠠᠨ ᠢᠳᠡᠭᠡᠨ᠂ ᠮᠠᠰᠢᠨ ᠲᠡᠷᠭᠡ᠂ ᠡᠯᠧᠺᠲᠷᠣᠨ ᠴᠠᠬᠢᠯᠭᠠᠨ

ᠬᠡᠷᠡᠭᠰᠡᠯ᠂ ᠴᠢᠮᠡᠭᠡ ᠬᠤᠯᠪᠣᠭ᠎ᠠ᠂ ᠮᠠᠰᠢᠨ ᠮᠧᠬᠠᠨᠢᠭ᠂ ᠲᠣᠮᠣ  ᠬᠡᠯᠪᠡᠷᠢ ᠶᠢᠨ ᠪᠦᠷᠢᠨ ᠲᠥᠬᠦᠷ ᠲᠣᠨᠤᠭ ᠲᠥᠬᠦᠭᠡᠷᠦᠮᠵᠢ ᠵᠡᠷᠭᠡ ᠠᠵᠢᠯ ᠲᠥᠷᠥᠯ ᠢᠶᠠᠷ ᠲᠦᠰᠢᠭ

ᠪᠣᠯᠭᠠᠨ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠪᠠᠷᠢᠮᠵᠢᠶ᠎ᠠ ᠪᠣᠯᠤᠨ ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ ᠤᠷᠲᠤᠳᠬᠠᠬᠤ ᠳᠦᠷᠢᠮ ᠢᠶᠠᠷ

ᠲᠤᠯᠭᠠᠭᠤᠷᠢᠯᠠᠯ ᠪᠣᠯᠭᠠᠵᠤ᠂ ᠲᠡᠭᠡᠳᠦ ᠤᠷᠤᠰᠬᠠᠯ ᠤᠨ ᠲᠦᠭᠦᠬᠡᠶ ᠮᠠᠲ᠋ᠧᠷᠢᠶᠠᠯ ᠪᠤᠶᠤ ᠤᠭᠰᠠᠷᠠᠭ᠎ᠠ ᠲᠣᠨᠤᠭ ᠤᠨ ᠬᠠᠩᠭᠠᠯᠭ᠎ᠠ ᠶᠢᠨ ᠬᠤᠳᠠᠯᠳᠤᠭᠠᠴᠢᠨ ᠪᠣᠯᠤᠨ

ᠳᠣᠣᠷᠠᠳᠤ ᠤᠷᠤᠰᠬᠠᠯ ᠤᠨ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠤ ᠠᠬᠤᠶᠢᠯᠠᠯ ᠢ ᠳᠠᠶᠢᠴᠢᠯᠠᠨ᠂ ᠬᠤᠳᠠᠯᠳᠤᠨ ᠠᠪᠬᠤ᠂ ᠦᠢᠯᠡᠳᠪᠦᠷᠢᠯᠡᠬᠦ᠂ ᠡᠵᠡᠩᠨᠡᠨ

ᠪᠣᠷᠣᠯᠠᠭᠤᠯᠬᠤ᠂ ᠡᠭᠡᠭᠦᠯᠦᠨ ᠬᠤᠷᠢᠶᠠᠬᠤ᠂ ᠪᠠᠷᠠᠭ᠎ᠠ ᠶᠢᠨ ᠬᠦᠢᠯᠭᠡᠭᠡ ᠵᠡᠷᠭᠡ ᠵᠠᠩᠭᠢᠯᠠᠭ᠎ᠠ ᠶᠢ ᠬᠠᠮᠤᠷᠤᠭᠰᠠᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ

ᠴᠣᠭᠴᠠᠯᠠᠨ ᠪᠠᠶᠢᠭᠤᠯᠤᠨ᠎ᠠ᠃        

     ᠳᠥᠷᠪᠡᠳᠦᠭᠡᠷ ᠲᠠᠯ᠎ᠠ ᠳᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠡᠨᠧᠷᠭᠢ ᠶᠢ ᠠᠰᠢᠭᠯᠠᠬᠤ ᠬᠢᠷᠢ

ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ 3 ᠵᠦᠢᠯ ᠤᠨ ᠪᠣᠳᠠᠲᠠᠶ  ᠡᠭᠦᠷᠭᠡ ᠪᠣᠯ᠄      

     ᠨᠢᠭᠡ ᠳᠤ ᠪᠦᠲᠦᠴᠡ ᠶᠢᠨ ᠡᠨᠧᠷᠭᠢ ᠠᠷᠪᠢᠯᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠬᠡᠷᠡᠭ ᠶᠠᠪᠤᠳᠠᠯ ᠤᠨ

ᠳᠤᠮᠳᠠ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠡᠨᠧᠷᠭᠢ ᠶᠢᠨ ᠬᠤᠷᠣᠭᠳᠠᠯ᠂ ᠣᠷᠴᠢᠨ ᠠᠬᠤᠢ ᠶᠢᠨ

ᠬᠠᠮᠠᠭᠠᠯᠠᠯᠲᠠ ᠵᠡᠷᠭᠡ ᠣᠷᠣᠬᠤ  ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠨᠧᠷᠬᠢ ᠶᠢᠨ ᠬᠤᠷᠤᠭᠳᠠᠯ ᠶᠡᠭᠡ ᠠᠵᠢᠯ ᠲᠥᠷᠥᠯ ᠤᠨ ᠦᠢᠯᠡᠳᠪᠦᠷᠢᠯᠡᠬᠦ

 ᠴᠢᠳᠠᠮᠵᠢ ᠪᠠᠨ ᠥᠷᠭᠡᠳᠬᠦ ᠶᠢ ᠴᠢᠩᠭ᠎ᠠ ᠬᠢᠵᠠᠭᠠᠷᠯᠠᠨ᠎ᠠ᠃ ᠠᠵᠤ ᠠᠬᠤᠶᠢᠯᠠᠯ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ

ᠠᠰᠢᠭᠯᠠᠬᠤ ᠶᠢ ᠵᠤᠷᠢᠭᠵᠢᠭᠤᠯᠵᠤ᠂ ᠨᠦᠬᠦᠴᠡᠯ  ᠪᠦᠷᠢᠯᠳᠦᠭᠦᠯᠦᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠶᠤ ᠠᠵᠤ ᠠᠬᠤᠶᠢᠯᠠᠯ ᠳᠤ

ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ ᠪᠤᠶᠤ ᠳᠠᠬᠢᠨ ᠡᠭᠦᠰᠴᠦ ᠪᠣᠯᠬᠤ ᠡᠨᠧᠷᠭᠢ ᠪᠠᠷ ᠴᠢᠯᠠᠭᠤᠨ ᠲᠤᠰᠤ ᠬᠢᠮᠢ ᠶᠢᠨ ᠡᠨᠧᠷᠭᠢ ᠶᠢ  ᠣᠷᠣᠯᠠᠭᠤᠯᠬᠤ ᠶᠢ

ᠬᠡᠷᠡᠭᠵᠢᠭᠦᠯᠦᠨ᠎ᠡ᠃      

     ᠬᠤᠶᠠᠷ ᠲᠤ ᠮᠡᠷᠭᠡᠵᠢᠯ ᠤᠨ ᠡᠨᠧᠷᠭᠢ ᠠᠷᠪᠢᠯᠠᠬᠤ ᠶᠢ ᠴᠢᠩᠭᠠᠳᠬᠠᠨ᠎ᠠ᠃ ᠤᠯᠠᠮᠵᠢᠯᠠᠯᠲᠤ ᠠᠵᠢᠯ ᠲᠥᠷᠥᠯ ᠤᠨ ᠡᠨᠧᠷᠭᠢ ᠠᠷᠪᠢᠯᠠᠬᠤ ᠮᠡᠷᠭᠡᠵᠢᠯ ᠤᠨ

ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ᠡᠨᠧᠷᠭᠢ ᠠᠷᠪᠢᠯᠠᠬᠤ

ᠰᠢᠨ᠎ᠡ ᠪᠦᠳᠦᠭᠡᠭᠳᠡᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠴᠤᠭᠯᠠᠭᠤᠯᠤᠨ ᠰᠢᠯᠢᠳᠡᠭᠵᠢᠭᠦᠯᠦᠨ ᠬᠡᠷᠡᠭᠯᠡᠬᠦ ᠶᠢ ᠳᠡᠯᠭᠡᠷᠡᠭᠦᠯᠵᠦ

᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠡᠰᠡᠭ ᠭᠠᠵᠠᠷ᠂ ᠳᠠᠩ  ᠴᠣᠭᠴᠠ ᠶᠢᠨ ᠡᠨᠧᠷᠭᠢ ᠠᠷᠪᠢᠯᠠᠬᠤ ᠠᠴᠠ ᠪᠦᠬᠦ ᠶᠠᠪᠤᠴᠠ᠂ ᠰᠢᠰᠲ᠋ᠧᠮ ᠤᠨ

ᠡᠨᠧᠷᠭᠢ ᠠᠷᠪᠢᠯᠠᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃      

     ᠭᠤᠷᠪᠠ ᠳᠤ ᠬᠠᠮᠢᠶᠠᠷᠤᠯᠲᠠ ᠶᠢᠨ ᠡᠨᠧᠷᠭᠢ ᠠᠷᠪᠢᠯᠠᠬᠤ ᠶᠢ ᠲᠦᠯᠬᠢᠨ ᠠᠬᠢᠭᠤᠯᠤᠨ᠎ᠠ᠃ ᠠᠯᠪᠠᠳᠠᠯᠭ᠎ᠠ ᠶᠢᠨ ᠴᠢᠨᠠᠷᠲᠠᠶ ᠡᠨᠧᠷᠭᠢ ᠶᠢᠨ ᠬᠤᠷᠤᠭᠳᠠᠯ ᠤᠨ

ᠪᠠᠷᠢᠮᠵᠢᠶ᠎ᠠ ᠶᠢ ᠲᠤᠭᠤᠰᠢᠯᠠᠭᠤᠯᠵᠤ᠂ ᠬᠥᠩᠭᠡᠨ ᠴᠠᠭᠠᠨ᠂ ᠱᠦᠢᠨᠢ ᠶᠢᠨ ᠠᠵᠢᠯ ᠲᠥᠷᠥᠯ ᠳᠤ ᠱᠠᠳᠤᠴᠢ ᠴᠠᠬᠢᠯᠭᠠᠨ ᠤ ᠦᠨ᠎ᠡ᠂ ᠵᠥᠷᠢᠶᠡᠲᠦ ᠴᠠᠬᠢᠯᠭᠠᠨ ᠤ

ᠦᠨ᠎ᠡ ᠶᠢᠨ ᠲᠥᠷᠥ ᠶᠢᠨ  ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠨᠧᠷᠬᠢ ᠬᠡᠷᠡᠭᠯᠡᠬᠦ ᠭᠤᠤᠯᠳᠠᠯᠭ᠎ᠠ ᠲᠠᠢ ᠨᠢᠭᠡᠴᠡ ᠶᠢᠨ ︽ᠵᠠᠭᠤ ᠮᠢᠩᠭ᠎ᠠ ᠲᠦᠮᠡᠨ

︾ ᠡᠨᠧᠷᠭᠢ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠢᠨᠵᠧᠨᠧᠷᠢᠩ ᠢ

ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ

ᠠᠵᠢᠯᠯᠠᠭ᠎ᠠ ᠶᠢ ᠬᠡᠷᠡᠭᠵᠢᠭᠦᠯᠵᠦ᠂ ᠠᠵᠢᠯ ᠲᠥᠷᠥᠯ ᠤᠨ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢᠨ ᠳᠡᠭᠡᠭᠰᠢᠯᠡᠯᠲᠡ ᠶᠢ  ᠳᠠᠶᠢᠴᠢᠯᠠᠨ᠎ᠠ᠃      

     ᠲᠠᠪᠤᠳᠤᠭᠠᠷ ᠲᠠᠯ᠎ᠠ ᠳᠤ᠂ ᠠᠷᠢᠭᠤᠨ ᠴᠡᠪᠡᠷ ᠦᠢᠯᠡᠳᠪᠦᠷᠢᠯᠡᠯ ᠢ ᠯᠠᠪᠳᠠᠭᠤᠨ ᠪᠠᠲᠤᠲᠠᠶ ᠠᠬᠢᠭᠤᠯᠵᠤ᠂ ᠪᠣᠬᠢᠷᠲᠤᠯ ᠥᠬᠡᠶ ᠦᠢᠯᠡᠳᠪᠦᠷᠢᠯᠡᠯ ᠤᠨ ᠠᠷᠭ᠎ᠠ

ᠬᠡᠯᠪᠡᠷᠢ ᠶᠢ ᠲᠦᠷᠭᠡᠨ ᠪᠦᠷᠢᠯᠳᠦᠭᠦᠯᠦᠨ᠎ᠡ᠃ 1 ᠵᠦᠢᠯ ᠤᠨ  ᠪᠣᠳᠠᠲᠠᠶ ᠡᠭᠦᠷᠭᠡ ᠪᠣᠯ ᠲᠠᠷᠤᠢ ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ

ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠪᠠᠷ ᠭᠠᠷᠳᠠᠴᠠ ᠪᠣᠯᠭᠠᠵᠤ᠂ ᠴᠠᠬᠢᠯᠭᠠᠨ ᠬᠦᠴᠦᠨ᠂ ᠪᠠᠷᠢᠯᠭ᠎ᠠ ᠶᠢᠨ ᠮᠠᠲ᠋ᠧᠷᠢᠶᠠᠯ᠂ ᠭᠡᠷᠡᠯ ᠸᠤᠯᠲ᠂ ᠬᠢᠮᠢ ᠶᠢᠨ

ᠠᠵᠤ ᠦᠢᠯᠡᠳᠪᠦᠷᠢ᠂ ᠳᠠᠷᠤᠮᠠᠯᠯᠠᠨ ᠪᠤᠳᠤᠬᠤ᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂

ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ  ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ 2021 ᠣᠨ ᠪᠣᠯᠬᠤ ᠳᠤ᠂ ᠳᠡᠭᠡᠷ᠎ᠡ

ᠳᠤᠷᠠᠳᠤᠭᠰᠠᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠠᠳᠠᠭ ᠲᠠᠭᠠᠨ ᠨᠢᠭᠡ ᠡᠭᠡᠯᠵᠢ ᠶᠢᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ

ᠬᠠᠷᠭᠤᠭᠤᠯᠤᠯᠲᠠ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠤᠯᠤᠰ ᠠᠴᠠ ︽ᠤᠰᠤᠨ ᠤ ᠠᠷᠪᠠᠨ ᠵᠤᠷᠪᠤᠰ︾ ᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠬᠠᠮᠵᠢᠯᠴᠠᠨ ᠴᠡᠪᠡᠷᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃

ᠠᠵᠤ ᠠᠬᠤᠶᠢᠯᠠᠯ ᠤᠨ ︽ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠲᠥᠷᠥᠯ ᠤᠨ ᠠᠷᠢᠭᠤᠨ ᠴᠡᠪᠡᠷ

ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠬᠦ ᠲᠥᠰᠦᠯ︾ ︽ᠬᠦᠨᠳᠦ ᠲᠡᠮᠦᠷᠯᠢᠭ ᠲᠤ ᠬᠤᠯᠪᠣᠭᠳᠠᠬᠤ ᠭᠤᠤᠯᠳᠠᠯᠭ᠎ᠠ ᠲᠠᠢ ᠠᠵᠢᠯ ᠲᠥᠷᠥᠯ ᠤᠨ ᠠᠷᠢᠭᠤᠨ

ᠴᠡᠪᠡᠷ  ᠦᠢᠯᠡᠳᠪᠦᠷᠢᠯᠡᠯ ᠤᠨ ᠲᠡᠷᠢᠭᠦᠨ ᠤ ᠬᠡᠷᠡᠭᠯᠡᠭᠡᠨ ᠤ  ᠮᠡᠷᠭᠡᠵᠢᠯ ᠤᠨ ᠲᠠᠨᠢᠯᠴᠠᠭᠤᠯᠭ᠎ᠠ ᠶᠢᠨ ᠭᠠᠷᠴᠠᠭ︾ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ

ᠬᠡᠷᠡᠭᠯᠡᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃      

     ᠵᠢᠷᠭᠤᠳᠤᠭᠠᠷ ᠲᠠᠯ᠎ᠠ ᠳᠤ᠂ ᠪᠣᠬᠢᠷᠲᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ

ᠣᠷᠴᠢᠯᠳᠤᠨ ᠬᠥᠭᠵᠢᠬᠦ ᠶᠢ ᠠᠬᠢᠭᠤᠯᠤᠨ᠎ᠠ᠃ 3 ᠵᠦᠢᠯ ᠤᠨ ᠪᠣᠳᠠᠲᠠᠶ ᠡᠭᠦᠷᠭᠡ ᠪᠣᠯ᠄

     ᠨᠢᠭᠡ ᠳᠤ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠲᠥᠪ ᠤᠨ

ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ

ᠨᠠᠶᠢᠳᠠᠪᠤᠷᠢᠵᠢᠭᠤᠯᠵᠤ᠂ 2020 ᠣᠨ ᠤ ᠰᠡᠭᠦᠯᠴᠢ ᠠᠴᠠ ᠡᠮᠦᠨ᠎ᠡ ᠰᠠᠭᠠᠯᠢᠴᠢᠨ ᠤ ᠠᠵᠤ ᠦᠢᠯᠡᠳᠪᠦᠷᠢ ᠶᠢᠨ ᠲᠣᠭᠤᠷᠢᠭ᠂ ᠲᠣᠭᠲᠠᠬᠤ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠵᠢᠩᠭᠢᠨᠢ

ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠠᠵᠤ ᠦᠢᠯᠡᠳᠪᠦᠷᠢ ᠶᠢᠨ ᠬᠦᠷᠢᠶᠡᠯᠡᠩ

ᠲᠣᠭᠤᠷᠢᠭ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ︽ᠭᠤᠷᠪᠠᠨ ᠬᠠᠶᠠᠭᠳᠠᠮᠠᠯ︾ ᠢ

ᠭᠠᠳᠠᠭᠰᠢᠯᠠᠭᠤᠯᠬᠤ᠂ ᠲᠥᠪᠯᠡᠷᠡᠭᠦᠯᠦᠨ ᠢᠯᠴᠢ ᠬᠠᠩᠭᠠᠬᠤ᠂ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠪᠡᠯᠡᠳᠬᠡᠮᠵᠢ ᠶᠢᠨ ᠢᠵᠢ

ᠪᠦᠷᠢᠳᠦᠭᠦᠯᠬᠦ ᠬᠢᠷᠢ ᠲᠦᠪᠰᠢᠨ ᠢ ᠬᠦᠷᠢᠶᠡᠯᠡᠩ ᠲᠣᠭᠤᠷᠢᠭ ᠤᠨ ᠲᠣᠭᠤᠷᠢᠭ ᠢ ᠥᠷᠭᠡᠳᠬᠡᠬᠦ᠂ ᠳᠡᠰ ᠳᠡᠪᠰᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠶᠢᠨ

ᠬᠠᠮᠳᠤ ᠬᠢᠨᠠᠨ ᠰᠢᠯᠭᠠᠬᠤ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠦᠭᠵᠢᠯᠲᠡ ᠶᠢᠨ ᠢᠵᠢ ᠪᠦᠷᠢᠳᠦᠭᠦᠯᠬᠦ ᠪᠠᠲᠤᠯᠠᠭ᠎ᠠ ᠶᠢᠨ

ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃

     ᠬᠤᠶᠠᠷ ᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃

ᠥᠨᠳᠥᠷ ᠬᠡᠮᠵᠢᠭᠳᠡᠯᠵᠢᠭᠦᠯᠬᠦ᠂ ᠬᠡᠪᠴᠢᠶᠡᠵᠢᠭᠦᠯᠬᠦ᠂ ᠡᠷᠴᠢᠮᠵᠢᠭᠦᠯᠦᠨ ᠠᠰᠢᠭᠯᠠᠬᠤ ᠪᠠᠷ ᠭᠤᠤᠯᠳᠠᠯᠭ᠎ᠠ ᠪᠣᠯᠭᠠᠵᠤ᠂ ᠨᠡᠭᠦᠷᠡᠰᠦᠨ ᠤ ᠦᠨᠡᠰᠦ᠂ ᠬᠦᠬᠦᠷ

ᠦᠭᠡᠶᠢᠳᠡᠭᠦᠯᠦᠭᠰᠡᠨ ᠵᠤᠭᠠᠩ᠂ ᠨᠡᠭᠦᠷᠡᠰᠦᠨ ᠴᠢᠯᠠᠭᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ  ᠬᠠᠶᠠᠭᠳᠠᠮᠠᠯ ᠪᠣᠳᠠᠰ ᠲᠠᠢ ᠤᠶᠠᠯᠳᠤᠭᠤᠯᠤᠨ᠂ ᠨᠢᠭᠡ

ᠪᠦᠯᠦᠭ ᠲᠡᠷᠢᠭᠦᠨ ᠤ ᠪᠥᠭᠡᠳ ᠬᠡᠷᠡᠭᠯᠡᠬᠦ ᠳᠤ ᠲᠣᠬᠢᠷᠠᠬᠤ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠵᠦ᠂ ᠨᠢᠭᠡ ᠪᠦᠯᠦᠭ ᠲᠠᠬᠢᠨ ᠡᠭᠦᠰᠴᠦ ᠪᠣᠯᠬᠤ ᠡᠬᠢ

ᠪᠠᠶᠠᠯᠢᠭ ᠤᠨ ᠠᠵᠢᠯ  ᠲᠥᠷᠥᠯ ᠤᠨ ᠭᠤᠤᠯᠯᠠᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃      

     ᠭᠤᠷᠪᠠ ᠳᠤ ᠣᠷᠴᠢᠯ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠭᠦᠨᠵᠡᠭᠡᠶ ᠬᠡᠷᠡᠭᠵᠢᠭᠦᠯᠦᠨ᠎ᠡ᠃ ᠨᠥᠬᠦᠴᠡᠯ ᠲᠠᠢ ᠠᠵᠤ ᠦᠢᠯᠡᠰ ᠤᠨ ᠬᠦᠷᠢᠶᠡᠯᠡᠩ

ᠲᠣᠭᠤᠷᠢᠭ ᠲᠤ ᠤᠷᠴᠢᠯᠳᠤᠭᠤᠯᠬᠤ ᠥᠭᠡᠷᠡᠴᠢᠯᠡᠯᠲᠡ ᠶᠠᠪᠤᠭᠤᠯᠵᠤ᠂ ᠦᠢᠯᠡᠳᠪᠦᠷᠢᠯᠡᠯ ᠤᠨ ᠶᠠᠪᠤᠴᠠ ᠳᠠᠬᠢ ᠡᠪᠦᠴᠡᠯᠳᠦᠯ ᠪᠠ ᠣᠯᠠᠨ ᠬᠠᠮᠲᠤᠷᠠᠭᠰᠠᠨ

ᠦᠢᠯᠡᠳᠪᠦᠷᠢᠯᠡᠯ ᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠭᠠᠷᠭᠠᠯᠲᠠ ᠶᠢᠨ ᠨᠣᠷᠮ᠎ᠠ ᠪᠠ ᠶᠡᠷᠦᠩᠬᠡᠶᠢᠯᠡᠭᠰᠡᠨ ᠥᠷᠢᠰᠦᠯᠳᠦᠬᠦ

ᠬᠦᠴᠦᠨ ᠢ ᠳᠡᠭᠡᠭᠰᠢᠯᠡᠭᠦᠯᠦᠨ᠎ᠡ᠃

     ᠳᠡᠭᠡᠷᠡᠬᠢ ᠪᠣᠯ ᠳᠠᠷᠤᠶ ᠪᠢᠳᠡᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ

6 ᠲᠠᠯ᠎ᠠ᠂19  ᠵᠦᠢᠯ ᠤᠨ ᠪᠣᠳᠠᠲᠠᠶ ᠡᠭᠦᠷᠭᠡ ᠪᠣᠯᠤᠨ᠎ᠠ᠃

     [ᠬᠦᠳᠦᠯᠦᠭᠴᠢ] ᠲᠠᠨᠢᠯᠴᠠᠭᠤᠯᠭ᠎ᠠ ᠶᠢ ᠰᠤᠨᠤᠰᠤᠭᠠᠳ 19 ᠵᠦᠢᠯ ᠤᠨ ᠪᠣᠳᠠᠲᠠᠶ ᠡᠭᠦᠷᠭᠡ ᠶᠢ ᠪᠡᠶᠡᠯᠡᠭᠦᠯᠦᠭᠰᠡᠨ ᠤ ᠲᠠᠷᠠᠭ᠎ᠠ᠂ ᠮᠠᠨ ᠤ ᠠᠵᠤ

ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢᠨ ᠬᠠᠷᠠᠯᠲᠠ ᠯᠠᠪᠲᠠᠶ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠨ᠎ᠡ ᠭᠡᠳᠡᠭ ᠲᠤ

ᠢᠲᠡᠭᠡᠵᠦ ᠪᠠᠶᠢᠨ᠎ᠠ᠃ ᠡᠳᠡᠭᠡᠷ ᠡᠭᠦᠷᠭᠡ ᠶᠢ ᠠᠬᠢᠭᠤᠯᠬᠤ ᠳᠤᠮᠳᠠ᠂ ᠮᠠᠨ ᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ  

ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖

     [ᠶᠣᠣ ᠪᠣᠣ ᠮᠢᠩ] ᠪᠢᠳᠡᠨ ᠳᠤ ᠳᠣᠤᠷᠠᠬᠢ ᠬᠡᠳᠦᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠨ᠎ᠠ᠄

     ᠨᠢᠭᠡ ᠳᠤ᠂ ᠳᠡᠭᠡᠷ᠎ᠡ ᠳᠤᠷᠠᠳᠤᠭᠰᠠᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ︽ᠬᠦᠬᠡᠬᠤᠲᠠ ᠶᠢᠨ ᠠᠵᠤ ᠦᠢᠯᠡᠳᠪᠦᠷᠢ ᠪᠠ

ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠶᠡᠷᠦᠩᠬᠡᠶ ᠱᠦᠵᠢ ᠰᠢ ᠶᠢᠨ ᠫᠢᠩ ᠤᠨ  ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ  ᠤᠯᠤᠰ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ

ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ  ᠠᠵᠤ ᠦᠢᠯᠡᠳᠪᠦᠷᠢ ᠶᠢᠨ ᠠᠵᠤ

ᠠᠬᠤᠢ ᠶᠢᠨ ᠪᠣᠬᠢᠷᠲᠤᠯ ᠥᠬᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂

ᠦᠵᠡᠯ ᠰᠠᠨᠠᠭ᠎ᠠ ᠪᠠᠨ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠪᠠ᠃      

     ᠬᠤᠶᠠᠷ ᠲᠤ ᠲᠣᠬᠢᠷᠠᠭᠤᠯᠬᠤ ᠵᠢᠴᠢ ᠵᠣᠬᠢᠴᠠᠭᠤᠯᠤᠨ ᠬᠠᠮᠵᠢᠯᠴᠠᠬᠤ ᠶᠢ ᠰᠢᠯᠢᠳᠡᠭᠵᠢᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢᠶᠠᠨ

ᠳ᠋ᠦᠩᠨᠡᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠱᠠᠲᠤ ᠦᠶ᠎ᠡ ᠶᠢᠨ ᠴᠢᠨᠠᠷᠲᠠᠶ ᠠᠵᠢᠯ ᠢᠶᠠᠨ ᠳ᠋ᠦᠩᠨᠡᠨ᠂ ᠠᠬᠢᠴᠠ ᠶᠢ ᠴᠢᠩᠭ᠎ᠠ ᠠᠩᠬᠠᠷᠴᠤ᠂

ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠭᠦᠨ ᠠᠴᠠ ᠭᠠᠳᠠᠨ᠎ᠠ᠂ ᠡᠨᠡ ᠵᠢᠯ ᠪᠢᠳᠡ ︽ᠬᠤᠲᠠ ᠶᠢᠨ ᠠᠵᠤ ᠦᠢᠯᠡᠳᠪᠦᠷᠢ ᠪᠠ ᠮᠡᠳᠡᠭᠡ

ᠵᠠᠩᠭᠢᠴᠢᠯᠠᠯᠲᠠ ᠶᠢᠨ ᠲᠣᠪᠴᠢᠶ᠎ᠠ ᠶᠢᠨ ᠡᠭᠦᠷᠭᠡᠯᠡᠵᠦ ᠪᠠᠶᠢᠭ᠎ᠠ ᠠᠭᠠᠷ ᠮᠠᠨᠳᠠᠯ᠂ ᠤᠰᠤ᠂ ᠬᠦᠷᠦᠰᠦ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ

ᠲᠦᠷᠦᠭᠦᠯᠡᠨ ᠬᠦᠢᠴᠡᠳᠭᠡᠬᠦ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡᠯᠡᠪᠡᠰᠦ

ᠵᠣᠬᠢᠬᠤ ᠡᠭᠦᠷᠭᠡ ᠶᠢ ᠲᠣᠳᠣᠷᠬᠠᠶᠢᠯᠠᠪᠠ᠂ ᠲᠠᠷᠠᠭᠠᠴᠢ ᠶᠢᠨ ᠠᠯᠬᠤᠮ ᠳᠤ᠂ ᠪᠢᠳᠡ ᠡᠨᠡ ᠬᠦ ᠠᠵᠢᠯ ᠲᠠᠢ ᠤᠶᠠᠯᠳᠤᠭᠤᠯᠤᠨ᠂ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠥᠬᠡᠶ ᠬᠥᠭᠵᠢᠯᠲᠡ ᠶᠢ ᠬᠠᠮᠲᠤ ᠪᠠᠷ ᠲᠦᠯᠬᠢᠨ

ᠠᠬᠢᠭᠤᠯᠤᠨ᠎ᠠ᠃      

     ᠭᠤᠷᠪᠠ ᠳᠤ᠂ ᠡᠨᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ

ᠲᠣᠭᠤᠷᠢᠭ ᠤᠨ ᠣᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠬᠢᠨᠠᠨ ᠰᠢᠯᠭᠠᠬᠤ ᠬᠦᠢᠴᠡᠳᠭᠡᠯ ᠲᠤᠭ᠎ᠠ ᠳᠤ ᠣᠷᠣᠭᠤᠯᠬᠤ ᠶᠢᠨ ᠬᠠᠮᠲᠤ᠂

ᠲᠣᠪᠴᠢᠶ᠎ᠠ ᠪᠠᠶᠢᠭᠤᠯᠭ᠎ᠠ ᠶᠢᠨ ᠳᠣᠲᠣᠷᠠᠬᠢ ᠡᠯ᠎ᠡ ᠰᠠᠯᠠᠭ᠎ᠠ ᠲᠠᠰᠤᠭ᠂ ᠡᠯ᠎ᠡ ᠬᠤᠶᠠᠳᠤᠭᠠᠷ ᠲᠡᠰ ᠤᠨ ᠨᠢᠭᠡᠴᠡ ᠶᠢᠨ ᠣᠨ ᠤ ᠠᠵᠢᠯ ᠤᠨ ᠡᠭᠦᠷᠭᠡ ᠶᠢ

ᠬᠤᠪᠢᠶᠠᠷᠢᠯᠠᠬᠤ ᠪᠠ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠰᠢᠯᠭᠠᠨ ᠬᠢᠨᠠᠬᠤ ᠶᠢ  ᠴᠢᠩᠭᠠᠳᠬᠠᠬᠤ ᠪᠠᠷ ᠳᠠᠮᠵᠢᠨ ᠠᠵᠢᠯ ᠤᠨ

ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃      

     ᠳᠥᠷᠪᠡ ᠳᠤ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠵᠤ

ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠵᠡᠷᠭᠡ ᠲᠤᠰᠬᠠᠶ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠤᠯᠠᠮᠵᠢᠯᠠᠯᠲᠤ ᠠᠵᠤ

ᠦᠢᠯᠡᠰ ᠢ ᠥᠭᠡᠷᠡᠴᠢᠯᠡᠬᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ᠂ ᠡᠬᠢ ᠪᠠᠶᠠᠯᠢᠭ ᠢ ᠶᠡᠷᠦᠩᠬᠡᠶᠢᠯᠡᠨ

ᠠᠰᠢᠭᠯᠠᠬᠤ ᠵᠡᠷᠭᠡ ᠵᠦᠢᠯᠡᠰ ᠢ ᠬᠦᠴᠦ ᠪᠠᠨ ᠲᠥᠪᠯᠡᠷᠡᠭᠦᠯᠦᠨ ᠳᠠᠮᠵᠢᠨ᠎ᠠ᠃      

     ᠬᠠᠮᠤᠭ ᠤᠨ ᠰᠡᠭᠦᠯ ᠳᠤ᠂ ᠲᠠᠪᠤᠳᠤᠭᠠᠷ ᠲᠤ ᠣᠯᠠᠨ ᠲᠡᠰ ᠳᠠᠪᠬᠤᠷᠭ᠎ᠠ᠂ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠠᠵᠤ

ᠦᠢᠯᠡᠳᠪᠦᠷᠢ ᠶᠢᠨ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠬᠥᠭᠵᠢᠯᠲᠡ ᠶᠢᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠪᠠ ᠦᠷ᠎ᠡ ᠪᠦᠲᠦᠮᠵᠢ ᠶᠢ

ᠶᠡᠬᠡᠪᠡᠷ ᠤᠯᠠᠮᠵᠢᠯᠠᠵᠤ᠂ ᠪᠦᠬᠦ ᠨᠡᠶᠢᠭᠡᠮ ᠤᠨ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠲᠤᠬᠠᠶ ᠲᠠᠨᠢᠯᠲᠠ ᠪᠠ ᠣᠷᠣᠯᠴᠠᠬᠤ ᠤᠷᠮ᠎ᠠ

ᠰᠡᠳᠬᠢᠯᠭᠡ ᠶᠢ ᠳᠡᠭᠡᠭᠰᠢᠯᠡᠭᠦᠯᠦᠨ᠎ᠡ᠃      

     [ᠬᠠᠮᠢᠶᠠᠷᠤᠭᠴᠢ] ᠬᠦᠬᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠶᠣᠣ

ᠪᠦᠦ ᠮᠢᠩ ᠳᠤ ᠪᠠᠶᠠᠷᠯᠠᠯ᠎ᠠ᠂ ᠰᠦᠯᠵᠢᠶᠡᠨ ᠨᠦᠬᠦᠳ ᠤᠨ ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠪᠠᠶᠠᠷᠯᠠᠯ᠎ᠠ᠂ ᠡᠨᠡ ᠳ᠋ᠤᠭᠠᠷ ᠤᠨ ᠰᠤᠷᠪᠤᠯᠵᠢᠯᠠᠭ᠎ᠠ

ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃            

   

ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ