ᠬᠤᠶᠠᠷ ᠬᠥᠮᠥᠨ ᠤ ᠡᠯᠭᠦᠭᠡ ᠬᠤᠪᠢᠰᠬᠠᠯ ᠤᠨ ᠲᠡᠦᠬᠡᠲᠦ ᠵᠦᠴᠦᠭᠡ  ︽ᠳ᠋ᠥᠸᠧ ᠰᠦᠩ ᠨᠢᠶᠠᠨ︾ ᠮᠠᠨ ᠤ ᠬᠤᠲᠠ ᠳᠤ ᠠᠩᠬᠠᠨ ᠤ ᠲᠣᠭᠯᠠᠯᠲᠠ ᠪᠠᠨ ᠭᠠᠷᠭᠠᠪᠠ
ᠨᠡᠶᠢᠲᠡᠯᠡᠭᠰᠡᠨ ᠴᠠᠭ᠄
2019/10/10
        ︵ᠰᠤᠷᠪᠤᠯᠵᠢᠯᠠᠭᠴᠢ ᠰᠦᠨ ᠶᠤᠸᠠᠢ ᠯᠦᠩ︶ ᠥᠴᠥᠭᠡᠳᠦᠷ ᠣᠷᠣᠢ᠂ ᠬᠥᠬᠡᠬᠤᠲᠠ ᠶᠢᠨ ᠦᠨᠳᠦᠰᠦᠲᠡᠨ ᠤ ᠲᠣᠭᠯᠠᠯᠲᠠ ᠤᠷᠠᠯᠢᠭ ᠤᠨ ᠪᠦᠯᠬᠦᠮ ᠤᠨ ᠬᠤᠶᠠᠷ ᠬᠥᠮᠥᠨ ᠤ ᠡᠯᠭᠦᠭᠡ ᠤᠳᠬ᠎ᠠ ᠤᠷᠠᠯᠢᠭ ᠤᠨ ᠰᠤᠳᠤᠯᠭᠠᠨ ᠤ ᠵᠦᠴᠦᠭᠡ ᠶᠢᠨ ᠬᠦᠷᠢᠶᠡᠯᠡᠩ ᠤᠨ ᠪᠦᠲᠦᠭᠡᠨ ᠪᠣᠯᠪᠠᠰᠤᠷᠠᠭᠰᠠᠨ ᠠᠩᠬᠠᠳᠠᠭᠴᠢ ᠬᠤᠶᠠᠷ ᠬᠥᠮᠥᠨ ᠤ ᠡᠯᠭᠦᠭᠡ ᠬᠤᠪᠢᠰᠬᠠᠯ ᠤᠨ ᠲᠡᠦᠬᠡᠲᠦ ᠵᠦᠴᠦᠭᠡ  ︽ᠳ᠋ᠥᠸᠧ ᠰᠦᠩ ᠨᠢᠶᠠᠨ︾ ᠥᠪᠥᠷ ᠮᠣᠩᠭᠤᠯ ᠤᠨ ᠦᠨᠳᠦᠰᠦᠲᠡᠨ ᠤ ᠵᠦᠴᠦᠭᠡ ᠶᠢᠨ ᠬᠦᠷᠢᠶᠡᠯᠡᠩ ᠳᠤ ᠠᠩᠬᠠᠨ ᠤ ᠲᠣᠭᠯᠠᠯᠲᠠ ᠪᠠᠨ ᠭᠠᠷᠭᠠᠪᠠ᠃      ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠲᠣᠭᠯᠠᠯᠲᠠ ᠶᠢ ᠦᠵᠡᠪᠡ᠃      ︽ᠳ᠋ᠥᠸᠧ ᠰᠦᠩ ᠨᠢᠶᠠᠨ︾ ᠳᠤ ᠮᠣᠩᠭᠤᠯ ᠦᠨᠳᠦᠰᠦᠲᠡᠨ ᠤ ᠡᠷᠲᠡ ᠦᠶ᠎ᠡ ᠶᠢᠨ ᠡᠪ ᠬᠠᠮᠲᠤ ᠨᠠᠮ ᠤᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠴᠠᠬᠠᠷ ᠣᠨᠴᠠᠭᠠᠢ ᠣᠷᠣᠨ ᠤ ᠠᠵᠢᠯ ᠤᠨ ᠬᠤᠷᠢᠶ᠎ᠠ ᠶᠢᠨ ᠱᠦᠵᠢ —ᠬᠤᠪᠢᠰᠬᠠᠯ ᠤᠨ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠵᠥᠪᠯᠡᠯᠲᠦ ᠳᠤ ᠰᠤᠷᠤᠯᠴᠠᠵᠤ ᠪᠠᠶᠢᠭᠠᠳ ᠤᠯᠤᠰ ᠲᠠᠭᠠᠨ ᠤᠷᠢᠳᠴᠢᠯᠠᠨ ᠢᠷᠡᠵᠦ᠂ ᠴᠠᠬᠠᠷ ᠤᠨ ᠮᠠᠯᠵᠢᠬᠤ ᠲᠠᠷᠢᠶᠠᠯᠠᠬᠤ ᠣᠷᠣᠨ ᠤᠳ ᠢᠶᠠᠷ ᠭᠦᠨᠵᠡᠭᠡᠶᠢᠷᠡᠨ ᠬᠥᠳᠡᠯᠭᠡᠭᠡᠨ ᠥᠷᠨᠢᠭᠦᠯᠦᠨ᠂ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠮᠥᠵᠢᠭᠦᠯᠵᠦ᠂ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠶᠢᠴᠢᠯᠠᠨ ᠳᠠᠷᠤᠯᠠᠯ ᠢ ᠡᠰᠡᠷᠭᠦᠴᠡᠨ᠂ ᠲᠤᠶᠢᠯ ᠤᠨ ᠴᠠᠭᠠᠨ ᠤ ᠰᠦᠷᠳᠡᠭᠦᠯᠦᠯ ᠳᠤᠮᠳᠠ ᠥᠪᠡᠷ ᠤᠨ ᠠᠮᠢ ᠪᠡᠶ᠎ᠡ ᠪᠠᠨ ᠬᠠᠶᠢᠬᠤᠷᠤᠯ ᠦᠭᠡᠢ ᠪᠠᠷ ᠨᠠᠮ ᠤᠨ ᠲᠠᠪᠤᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠰᠤᠷᠲᠠᠯᠴᠢᠯᠠᠵᠤ᠂ ᠬᠠᠮᠤᠭ ᠰᠡᠭᠦᠯ ᠳᠡᠭᠡᠨ ᠤᠷᠪᠠᠭᠴᠢ ᠶᠢᠨ ᠵᠠᠭᠠᠯᠳᠤᠯᠭ᠎ᠠ ᠪᠠᠷ ᠪᠠᠷᠢᠭᠳᠠᠵᠤ᠂ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠦᠬᠦ ᠶᠠᠪᠤᠴᠠ ᠶᠢ ᠲᠡᠮᠳᠡᠭᠯᠡᠵᠡᠢ᠃       ᠬᠥᠬᠡᠬᠤᠲᠠ ᠶᠢᠨ ᠦᠨᠳᠦᠰᠦᠲᠡᠨ ᠤ ᠲᠣᠭᠯᠠᠯᠲᠠ ᠤᠷᠠᠯᠢᠭ ᠤᠨ ᠪᠦᠯᠬᠦᠮ ᠤᠨ ᠬᠤᠶᠠᠷ ᠬᠥᠮᠥᠨ ᠤ ᠡᠯᠭᠦᠭᠡ ᠤᠳᠬ᠎ᠠ ᠤᠷᠠᠯᠢᠭ ᠤᠨ ᠰᠤᠳᠤᠯᠭᠠᠨ ᠤ ᠵᠦᠴᠦᠭᠡ ᠶᠢᠨ ᠬᠦᠷᠢᠶᠡᠯᠡᠩ ᠠᠴᠠ ᠲᠤᠰ ᠵᠦᠴᠦᠭᠡ ᠶᠢ ᠪᠦᠲᠦᠭᠡᠨ ᠪᠣᠯᠪᠠᠰᠤᠷᠠᠭᠰᠠᠨ ᠨᠢ ᠬᠤᠪᠢᠰᠬᠠᠯ ᠤᠨ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠲᠡᠷᠢᠭᠦᠨ ᠤ ᠦᠵᠡᠯ ᠰᠠᠨᠠᠭ᠎ᠠ ᠦᠢᠯᠡ ᠶᠠᠪᠤᠳᠠᠯ ᠢ ᠤᠯᠠᠮᠵᠢᠯᠠᠨ ᠪᠠᠳᠠᠷᠠᠭᠤᠯᠵᠤ᠂ ᠪᠣᠳᠠᠲᠠᠢ ᠦᠢᠯᠡ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠦᠨ᠂  ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ︾᠂ ᠪᠦᠬᠦ ᠤᠯᠤᠰ ᠤᠨ ᠬᠡᠪᠴᠢᠶᠡᠨ ᠳᠤ ᠥᠪᠥᠷ ᠮᠣᠩᠭᠤᠯ ᠤᠨ ᠰᠣᠶᠣᠯ ᠤᠷᠠᠯᠢᠭ ᠪᠠ ᠬᠤᠪᠢᠰᠬᠠᠯ ᠤᠨ ᠪᠠᠭᠠᠲᠤᠷᠴᠤᠳ ᠤᠨ ᠦᠢᠯᠡ ᠶᠠᠪᠤᠳᠠᠯ ᠢ ᠤᠯᠠᠮᠵᠢᠯᠠᠨ ᠤᠬᠠᠭᠤᠯᠵᠤ᠂ ᠬᠥᠮᠥᠰ ᠲᠤ ᠲᠡᠦᠬᠡ ᠶᠢᠨ ᠦᠨᠡᠨ ᠢ ᠬᠠᠷᠠᠭᠤᠯᠤᠨ᠂ ᠬᠤᠪᠢᠰᠬᠠᠯ ᠤᠨ ᠪᠠᠭᠠᠲᠤᠷᠴᠤᠳ ᠤᠨ ︽ᠠᠷᠢᠭᠤᠨ ᠰᠡᠳᠬᠢᠯ ᠢᠶᠠᠷ ᠬᠥᠬᠡ ᠲᠡᠭᠷᠢ ᠶᠢ ᠭᠡᠶᠢᠭᠦᠯᠬᠦ︾ ᠰᠦᠷ ᠵᠢᠪᠬᠤᠯᠠᠩᠲᠤ ᠲᠥᠪ ᠰᠤᠷᠲᠠᠯ ᠢ ᠥᠨᠢᠳᠡ ᠮᠥᠩᠬᠡᠷᠡᠭᠦᠯᠬᠦ ᠶᠢᠨ ᠲᠥᠯᠥᠭᠡ ᠶᠤᠮ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ