ᠬᠥᠬᠡᠬᠤᠲᠠ ᠵᠠᠰᠠᠭ ᠲᠠᠷᠬᠠᠭᠠᠭᠰᠠᠨ ﹇2019﹈ 19 ᠳ᠋ᠦ᠋ᠭᠡᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠨ ᠬᠥᠭᠵᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | ︽ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2015﹈ 104 ᠳ᠋ᠦ᠋ᠭᠡᠷ ᠲᠣᠭᠠᠲᠤ︶᠂ ︽ᠰᠢᠨ᠎ᠡ ᠴᠠᠭ ᠦᠶ᠎ᠡ ᠶᠢᠨ ᠪᠠᠭᠰᠢ | ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2018﹈ 18 ᠳ᠋ᠤᠭᠠᠷ | ᠲᠣᠭᠠᠲᠤ︶ ᠪᠣᠯᠤᠨ ︽︿ᠬᠥᠬᠡᠬᠤᠲᠠ ᠶᠢᠨ ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ᠶᠢᠨ | ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2016﹈ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ | ᠶᠢ ᠦᠨᠳᠦᠰᠦᠯᠡᠨ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠪᠠ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠪᠠ ᠪᠠᠭᠰᠢ ᠶᠢᠨ ᠬᠠᠷᠠᠭᠠᠯᠵᠠᠯ ᠢ | ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠡᠮᠴᠢ ᠪᠠ ᠪᠠᠭᠰᠢ ᠶᠢ ᠰᠡᠳᠬᠢᠯ ᠠᠮᠤᠷ ᠠᠵᠢᠯᠯᠠᠭᠤᠯᠬᠤ ᠶᠢᠨ ᠲᠤᠰᠠᠳᠠ᠂ | ᠬᠤᠲᠠ ᠶᠢᠨ ᠵᠠᠰᠠᠭ ᠤᠨ ᠣᠷᠳᠣᠨ ᠰᠤᠳᠤᠯᠭᠠᠨ ᠢᠶᠠᠷ ᠳᠠᠮᠵᠢᠭᠠᠳ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠠᠵᠢᠯ ᠤᠨ ᠪᠠᠶᠢᠷᠢ ᠳᠤ ᠪᠠᠶᠢᠭ᠎ᠠ ᠬᠥᠮᠦᠰ ᠪᠠ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ | ᠭᠠᠵᠠᠷ ᠠᠴᠠ ᠭᠠᠳᠠᠨᠠᠬᠢ ᠬᠥᠳᠡᠭᠡ ᠲᠣᠰᠬᠤᠨ ᠤ ᠠᠯᠪᠠᠨ ᠠᠴᠠ ᠡᠷᠭᠢᠯᠡᠭᠰᠡᠨ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠠᠵᠢᠯᠲᠠᠨ ᠳᠤ ᠠᠮᠢᠳᠤᠷᠠᠯ ᠤᠨ ᠨᠥᠬᠦᠪᠥᠷᠢ ᠣᠯᠭᠤᠬᠤ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠣᠯᠭᠤᠬᠤ ᠬᠡᠪᠴᠢᠶ᠎ᠡ | ( ᠨᠢᠭᠡ ) ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠠᠶᠢᠭ᠎ᠠ ᠭᠠᠵᠠᠷ ᠠᠴᠠ ᠭᠠᠳᠠᠨᠠᠬᠢ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶᠠᠨ ᠤ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ᠃ | | ︵ᠬᠤᠶᠠᠷ︶ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠠᠴᠠ ᠲᠡᠭᠦᠰᠦᠭᠰᠡᠨ ᠪᠥᠭᠡᠳ | ᠳᠡᠭᠡᠷ᠎ᠡ ᠳᠤᠷᠠᠳᠤᠭᠰᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠴᠢᠯᠡᠭᠡ᠂ ᠰᠤᠪᠢᠯᠠᠯᠲᠠ᠂ | ᠡᠮᠨᠡᠯᠭᠡ ᠶᠢᠨ ᠮᠡᠷᠭᠡᠵᠢᠯ᠂ ᠡᠮ ᠨᠠᠶᠢᠷᠠᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠵᠢᠴᠢ ᠲᠦᠷᠭᠡᠨ | ᠠᠪᠤᠷᠠᠬᠤ ᠲᠡᠷᠭᠡᠨ ᠤ ᠲᠤᠰᠬᠠᠶ ᠵᠢᠯᠣᠭᠤᠴᠢ᠂ ᠨᠢᠭᠲᠠᠯᠠᠨ ᠪᠣᠳᠣᠬᠤ ᠲᠤᠰᠬᠠᠶ ᠠᠵᠢᠯ ᠤᠨ ᠪᠠᠶᠢᠷᠢ ᠶᠢᠨ ᠠᠵᠢᠯ ᠢ | ᠡᠷᠬᠢᠯᠡᠵᠦ᠂ ᠬᠥᠳᠡᠯᠮᠦᠷᠢ ᠶᠢᠨ ᠬᠠᠤᠯᠢ ᠶᠣᠰᠣᠭᠠᠷ ᠬᠥᠳᠡᠯᠮᠦᠷᠢ ᠦᠢᠯᠡᠴᠢᠯᠡᠭᠡᠨ ᠤ ᠵᠢᠩᠬᠢᠨᠢ ᠭᠡᠷ᠎ᠡ ᠲᠣᠭᠲᠠᠭᠠᠭᠰᠠᠨ ᠤ | ᠬᠠᠮᠲᠤ ᠳᠡᠭᠡᠷ᠎ᠡ ᠳᠤᠷᠠᠳᠤᠭᠰᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠨᠢᠭᠡ ᠵᠢᠯ ᠠᠴᠠ | ᠳᠡᠭᠡᠭᠰᠢ ᠠᠵᠢᠯᠯᠠᠭᠰᠠᠨ ᠭᠠᠳᠠᠨ᠎ᠠ ᠠᠴᠠ ᠤᠷᠢᠭᠰᠠᠨ ᠬᠥᠮᠦᠰ᠃ | ︵ᠭᠤᠷᠪᠠ︶ ᠡᠮᠴᠢᠯᠡᠭᠡᠨ ᠤ ᠪᠦᠯᠦᠭᠯᠡᠯ᠂ ᠡᠮᠨᠡᠯᠭᠡ ᠶᠢᠨ ᠬᠤᠯᠪᠣᠭᠠᠲᠤ ᠴᠣᠭᠴᠠ ᠵᠡᠷᠭᠡ ᠬᠤᠶᠠᠳᠤᠭᠠᠷ ᠳᠡᠰ | ᠵᠢᠴᠢ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠠᠴᠠ ᠳᠣᠷᠣᠭᠰᠢ ᠲᠣᠮᠢᠯᠠᠭᠰᠠᠨ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ᠃ | ︵ᠳᠥᠷᠪᠡ︶ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ | ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠠᠶᠢᠭ᠎ᠠ ᠭᠠᠵᠠᠷ ᠠᠴᠠ ᠭᠠᠳᠠᠨᠠᠬᠢ ᠰᠢᠶᠠᠩ ᠪᠠᠯᠭᠠᠰᠤ᠂ ᠠᠶᠢᠯ | ᠲᠣᠰᠬᠤᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ᠂ ᠬᠡᠦᠬᠡᠳ ᠤᠨ ᠴᠡᠴᠡᠷᠯᠢᠭ ᠪᠣᠯᠤᠨ ᠬᠤᠳᠠ ᠶᠢᠨ ᠳᠥᠷᠪᠡᠨ | ᠲᠣᠭᠤᠷᠢᠭ ᠤᠨ ᠲᠠᠷᠢᠶᠠᠯᠠᠬᠤ ᠣᠷᠣᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠠᠵᠢᠯᠲᠠᠨ ᠠᠵᠢᠯᠴᠢᠨ᠃ | ︵ᠲᠠᠪᠤ︶ ᠳᠣᠣᠷ᠎ᠠ ᠳᠤᠷᠠᠳᠤᠭᠰᠠᠨ ᠭᠠᠵᠠᠷ ᠣᠷᠣᠨ ᠳᠤ ᠲᠣᠮᠢᠯᠠᠨ ᠣᠴᠢᠭᠤᠯᠤᠭᠰᠠᠨ ᠰᠤᠷᠭᠠᠨ ᠬᠥᠮᠦᠵᠢᠯ | ᠢ ᠳᠡᠮᠵᠢᠬᠦ ᠪᠠᠭᠰᠢ᠂ ᠠᠵᠢᠯ ᠤᠨ ᠪᠠᠶᠢᠷᠢ ᠶᠢ ᠡᠭᠡᠯᠵᠢᠯᠡᠭᠦᠯᠦᠭᠰᠡᠨ ᠰᠣᠯᠢᠯᠴᠠᠬᠤ ᠰᠤᠷᠭᠠᠭᠤᠯᠢ ᠶᠢᠨ ᠳᠠᠷᠤᠭ᠎ᠠ᠂ | ᠪᠠᠭᠰᠢ ᠪᠠ ᠣᠨᠴᠠᠭᠠᠢ ᠠᠵᠢᠯ ᠤᠨ ᠪᠠᠶᠢᠷᠢ ᠶᠢᠨ ᠪᠠᠭᠰᠢ᠃ | ︵ᠵᠢᠷᠭᠤᠭ᠎ᠠ︶ ᠬᠤᠰᠢᠭᠤ ᠰᠢᠶᠠᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠢᠯᠡ ᠪᠠᠷ ᠤᠷᠢᠭᠰᠠᠨ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠠᠵᠢᠯᠯᠠᠵᠤ | ᠪᠠᠶᠢᠭ᠎ᠠ ᠪᠠᠭᠰᠢ ᠠᠵᠢᠯᠲᠠᠨ ᠠᠵᠢᠯᠴᠢᠨ᠃ | ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠨᠥᠬᠦᠪᠥᠷᠢ | ᠬᠦᠷᠲᠡᠭᠴᠢ ᠳᠤ ᠬᠠᠷᠢᠶᠠᠯᠠᠭᠳᠠᠬᠤ ᠦᠭᠡᠢ᠃ | ᠬᠤᠶᠠᠷ᠂ ᠨᠥᠬᠦᠪᠥᠷᠢ ᠥᠭᠬᠦ ᠪᠠᠷᠢᠮᠵᠢᠶ᠎ᠠ | ᠬᠥᠮᠥᠨ ᠪᠦᠷᠢ ᠵᠢᠯ ᠪᠦᠷᠢ ᠳᠤ 10000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ᠃ | ᠭᠤᠷᠪᠠ᠂ ᠨᠥᠬᠦᠪᠥᠷᠢ ᠥᠭᠬᠦ ᠠᠷᠭ᠎ᠠ | ︵ᠨᠢᠭᠡ︶ ᠬᠥᠳᠡᠭᠡ ᠲᠣᠰᠬᠤᠨ ᠤ ᠡᠮᠴᠢ ᠪᠣᠯᠤᠨ ᠪᠠᠭᠰᠢ ᠨᠠᠷ ᠠᠵᠢᠯ ᠤᠨ ᠪᠠᠶᠢᠷᠢ ᠳᠤ ᠪᠠᠶᠢᠬᠤ ᠦᠶ᠎ᠡ ᠳᠤ | ᠠᠮᠢᠳᠤᠷᠠᠯ ᠤᠨ ᠨᠥᠬᠦᠪᠥᠷᠢ ᠬᠦᠷᠲᠡᠵᠦ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ︵ᠠᠮᠠᠷᠠᠭᠰᠠᠨ︶ ᠤ ᠲᠠᠷᠠᠭ᠎ᠠ | ᠠᠶᠠᠨᠳᠠᠭᠠᠨ ᠬᠦᠴᠦᠨ ᠥᠬᠡᠶ ᠪᠣᠯᠣᠨ᠎ᠠ᠃ ᠠᠮᠢᠳᠤᠷᠠᠯ ᠤᠨ ᠨᠥᠬᠦᠪᠥᠷᠢ ᠶᠢ ᠪᠦᠬᠦᠨ ᠢ ᠠᠵᠢᠯ ᠤᠨ ᠪᠦᠲᠦᠮᠵᠢ ᠶᠢᠨ | ᠴᠠᠯᠢᠩ ᠤᠨ ᠶᠡᠷᠦᠩᠬᠡᠶ ᠬᠡᠮᠵᠢᠶᠡᠨ ᠤ ᠬᠠᠮᠢᠶᠠᠷᠤᠯᠲᠠ ᠳᠤ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ | ᠢ ᠪᠣᠳᠣᠬᠤ ᠰᠠᠭᠤᠷᠢ ᠲᠤᠭ᠎ᠠ ᠪᠣᠯᠭᠠᠬᠤ ᠥᠬᠡᠶ᠃ | ︵ᠬᠤᠶᠠᠷ︶ ᠬᠥᠳᠡᠭᠡ ᠲᠣᠰᠬᠤᠨ ᠤ ᠡᠮᠴᠢ ᠪᠣᠯᠤᠨ ᠪᠠᠭᠰᠢ ᠨᠠᠷ ᠤᠨ ᠠᠮᠢᠳᠤᠷᠠᠯ ᠤᠨ ᠨᠥᠬᠦᠪᠥᠷᠢ ᠳᠤ | ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠪᠣᠯᠤᠨ ᠬᠥᠳᠡᠭᠡ ᠲᠣᠰᠬᠤᠨ ᠤ ᠰᠤᠷᠭᠠᠭᠤᠯᠢ ᠶᠢᠨ ᠠᠵᠢᠯᠲᠠᠨ ᠠᠵᠢᠯᠴᠢᠨ ᠤ ᠠᠵᠢᠯ ᠤᠨ | ᠪᠣᠳᠠᠲᠤ ᠠᠮᠵᠢᠯᠲᠠ ᠪᠦᠲᠦᠮᠵᠢ ᠵᠢᠴᠢ ᠬᠢᠨᠠᠨ ᠰᠢᠯᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠳᠠᠷᠠᠭ᠎ᠠ ᠵᠢᠯ ᠤᠨ | ᠨᠢᠭᠡᠳᠦᠭᠡᠷ ᠤᠯᠠᠷᠢᠯ ᠳᠤ ᠨᠢᠭᠡ ᠤᠳᠠᠭ᠎ᠠ ᠶᠢᠨ ᠴᠢᠨᠠᠷᠲᠠᠢ ᠣᠯᠭᠤᠨ᠎ᠠ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ | ᠤᠨ ᠬᠤᠷᠢᠶᠠᠨ ᠳᠤ ᠳᠣᠷᠣᠭᠰᠢ ᠲᠣᠮᠢᠯᠠᠭᠰᠠᠨ ᠠᠵᠢᠯᠲᠠᠨ ᠵᠢᠴᠢ ᠰᠤᠷᠭᠠᠨ ᠬᠥᠮᠦᠵᠢᠯ ᠢ ᠳᠡᠮᠵᠢᠬᠦ ᠪᠠᠭᠰᠢ᠂ ᠠᠵᠢᠯ | ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠰᠤᠷᠭᠠᠭᠤᠯᠢ ᠶᠢᠨ ᠳᠠᠷᠤᠭ᠎ᠠ᠂ ᠪᠠᠭᠰᠢ ᠪᠠ ᠣᠨᠴᠠᠭᠠᠢ ᠠᠵᠢᠯ ᠤᠨ ᠪᠠᠶᠢᠷᠢ | ᠶᠢᠨ ᠪᠠᠭᠰᠢ ᠶᠢᠨ ᠪᠣᠳᠠᠲᠠᠶ ᠠᠵᠢᠯ ᠤᠨ ᠪᠠᠶᠢᠷᠢ ᠳᠤ ᠪᠠᠶᠢᠬᠤ ᠴᠠᠭ ᠢᠶᠠᠷ ᠨᠥᠬᠦᠪᠥᠷᠢ ᠪᠤᠳᠤᠨ᠎ᠠ᠃ | ︵ᠭᠤᠷᠪᠠ︶ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠰᠤᠷᠭᠠᠭᠤᠯᠢ ᠨᠤᠭᠤᠳ | ᠠᠵᠢᠯᠲᠠᠨ ᠠᠵᠢᠯᠴᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠲᠤᠬᠠᠶ ᠶᠢᠨ ᠵᠢᠯ ᠳᠤ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ ᠠᠮᠢᠳᠤᠷᠠᠯ ᠤᠨ ᠨᠥᠬᠦᠪᠥᠷᠢ ᠣᠯᠭᠤᠬᠤ ᠦᠭᠡᠢ᠄ | 1. ᠠᠵᠢᠯ ᠤᠨ ᠪᠠᠶᠢᠷᠢ ᠶᠢᠨ ᠣᠨ ᠤ ᠠᠵᠢᠯᠯᠠᠬᠤ ᠬᠡᠮᠵᠢᠶ᠎ᠡ ᠪᠠᠨ ᠥᠯᠥ ᠪᠡᠶᠡᠯᠡᠭᠦᠯᠦᠭᠰᠡᠨ᠃ | 2. ᠣᠨ ᠤ ᠬᠢᠨᠠᠨ ᠰᠢᠯᠭᠠᠯᠲᠠ ᠳᠤ ᠦᠨᠳᠦᠰᠦᠨ ᠳᠡᠭᠡᠨ ᠬᠢᠷᠢ ᠲᠡᠩᠴᠡᠭᠰᠡᠨ ᠵᠢᠴᠢ ᠲᠡᠭᠦᠨ ᠠᠴᠠ | ᠳᠣᠷᠣᠭᠰᠢ ᠵᠡᠷᠭᠡ ᠳᠡᠰ ᠣᠯᠣᠭᠰᠠᠨ᠃ | 3. ᠬᠤᠶᠠᠷ ᠰᠠᠷ᠎ᠠ ᠠᠴᠠ ᠳᠡᠭᠡᠭᠰᠢ ᠡᠪᠡᠳᠴᠢᠨ ᠤ ᠴᠢᠯᠥᠭᠡ ᠠᠪᠤᠭᠰᠠᠨ᠃ | 4. ᠪᠦᠬᠦ ᠵᠢᠯ ᠳᠤ ᠨᠡᠶᠢᠲᠡ 20 ᠡᠳᠦᠷ ᠠᠴᠠ ᠳᠡᠭᠡᠭᠰᠢ ᠤᠴᠢᠷ ᠲᠠᠢ ᠴᠢᠯᠦᠭᠡ ᠠᠪᠤᠭᠰᠠᠨ᠃ | 5. ᠡᠮᠴᠢ᠂ ᠪᠠᠭᠰᠢ ᠨᠢ ᠡᠮᠴᠢ ᠶᠢᠨ ᠶᠣᠰᠣ ᠮᠣᠷᠠᠯ᠂ ᠪᠠᠭᠰᠢ ᠶᠢᠨ ᠶᠣᠰᠣ ᠮᠣᠷᠠᠯ ᠤᠨ ᠲᠠᠯ᠎ᠠ ᠪᠠᠷ ᠳᠦᠷᠢᠮ | ᠢᠶᠠᠨ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ᠃ | ᠳᠥᠷᠪᠡ᠂ ᠬᠡᠷᠡᠭᠵᠢᠭᠦᠯᠬᠦ ᠴᠠᠭ | 2019 ᠣᠨ ᠠᠴᠠ ᠡᠬᠢᠯᠡᠵᠦ ᠬᠡᠷᠡᠭᠵᠢᠭᠦᠯᠦᠨ᠎ᠡ᠃ | ᠲᠠᠪᠤ᠂ ᠵᠠᠷᠤᠳᠠᠯ ᠤᠨ ᠪᠠᠲᠤᠯᠠᠭ᠎ᠠ | ᠬᠥᠳᠡᠭᠡ ᠲᠣᠰᠬᠤᠨ ᠤ ᠡᠮᠴᠢ ᠪᠠ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠵᠠᠷᠤᠳᠠᠯ ᠢ ᠬᠤᠲᠠ ᠶᠢᠨ | ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠡᠳ᠋ ᠤᠨ ᠵᠠᠰᠠᠭ ᠤᠨ ᠲᠥᠰᠦᠪ ᠳᠤ ᠨᠢᠭᠡᠳᠦᠯᠲᠡᠶ ᠣᠷᠣᠭᠤᠯᠤᠨ᠎ᠠ᠃ | | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠨ ᠬᠥᠭᠵᠢᠭᠦᠯᠬᠦ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠠᠷᠭ᠎ᠠ | ᠶᠢ ᠲᠣᠭᠲᠠᠭᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠲᠤᠰ ᠲᠤᠰ ᠮᠡᠳᠡᠭᠦᠯᠵᠦ ᠳᠠᠩᠰᠠᠯᠠᠭᠤᠯᠬᠤ | ᠬᠡᠷᠡᠭᠲᠡᠶ᠃ | ︵ᠬᠤᠶᠠᠷ︶ ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠰᠤᠷᠭᠠᠭᠤᠯᠢ ᠠᠴᠠ | ᠨᠥᠬᠦᠴᠡᠯ ᠳᠤ ᠨᠡᠶᠢᠴᠡᠬᠦ ᠠᠵᠢᠯᠲᠠᠨ ᠠᠵᠢᠯᠴᠢᠳ ᠤᠨ ᠨᠡᠷᠡᠰ ᠢ ᠡᠮᠬᠢᠯᠡᠨ ᠬᠤᠷᠢᠶᠠᠩᠭᠤᠶᠢᠯᠠᠬᠤ ᠶᠢ ᠬᠠᠷᠢᠭᠤᠴᠠᠵᠤ᠂ | ᠨᠡᠶᠢᠲᠡᠯᠡᠭᠰᠡᠨ ᠤ ᠳᠠᠷᠠᠭ᠎ᠠ ᠠᠳᠠᠯᠢ ᠪᠤᠰᠤ ᠰᠠᠨᠠᠯ ᠦᠭᠡᠢ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠶᠣᠰᠣᠭᠠᠷ᠂ | ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠠᠨᠳᠤ᠂ ᠰᠤᠷᠭᠠᠨ ᠬᠥᠮᠦᠵᠢᠯ ᠪᠠ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠳᠠᠮᠵᠢᠭᠤᠯᠤᠨ ᠠᠩᠬ᠎ᠠ ᠬᠢᠨᠠᠭᠤᠯᠤᠭᠰᠠᠨ ᠤ ᠳᠠᠷᠠᠭ᠎ᠠ᠂ ᠲᠤᠰ ᠲᠤᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠠᠨᠳᠤ | ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠬᠤᠲᠠ ᠶᠢᠨ ᠬᠥᠮᠦᠨ | ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠨᠢᠭᠡᠳᠦᠯᠲᠡᠢ ᠬᠢᠨᠠᠨ | ᠵᠥᠪᠰᠢᠶᠡᠷᠡᠭᠦᠯᠦᠭᠡᠳ᠂ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠶᠢ ᠨᠢᠭᠡᠳᠦᠯᠲᠡᠶ | ᠲᠥᠯᠥᠪᠯᠡᠨ ᠣᠯᠭᠤᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠡᠯ᠎ᠡ ᠨᠢᠭᠡᠴᠡ ᠨᠦᠭᠦᠳ ᠪᠣᠭᠤᠮᠲᠠ ᠶᠢ ᠴᠢᠩᠭ᠎ᠠ ᠰᠠᠬᠢᠵᠤ᠂ ᠠᠮᠢᠳᠤᠷᠠᠯ ᠤᠨ ᠨᠥᠬᠦᠪᠥᠷᠢ ᠶᠢ | ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠮᠡᠬᠡᠯᠡᠨ ᠠᠪᠬᠤ ᠠᠵᠢᠯᠯᠠᠭ᠎ᠠ ᠭᠠᠷᠬᠤ ᠶᠢ ᠡᠷᠡᠰ ᠬᠤᠷᠢᠭᠯᠠᠬᠤ | ᠬᠡᠷᠡᠭᠲᠡᠶ᠃ |