ᠬᠦᠬᠡᠬᠤᠲᠠ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠦᠭᠵᠢᠯᠲᠡ ᠶᠢ ᠠᠬᠢᠭᠤᠯᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019-10-11
               ᠬᠦᠬᠡᠬᠤᠲᠠ ᠵᠠᠰᠠᠭ ᠲᠠᠷᠬᠠᠭᠠᠭᠰᠠᠨ ﹇2019﹈14 ᠳ᠋ᠦ᠋ᠭᠡᠷ ᠲᠤᠭᠠᠲᠦ                2019  ᠤᠨ ᠤ 3 ᠳ᠋ᠤᠭᠠᠷ ᠰᠠᠷ᠎ᠠ ᠶᠢᠨ6 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ  ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠄      ᠵᠢᠭᠤᠯᠴᠢᠯᠠᠯ ᠤᠨ ᠦᠢᠯᠡᠰ᠂ ᠰᠣᠶᠣᠯ ᠤᠨ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠦᠭᠵᠢᠯᠲᠡ ᠶᠢ ᠲᠦᠷᠭᠡᠳᠭᠡᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠣᠨᠴᠠᠯᠢᠭ ᠪᠦᠬᠦᠢ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠵᠢᠭᠤᠯᠴᠢᠯᠠᠯ ᠤᠨ ᠦᠢᠯᠡᠰ ᠤᠨ ᠰᠣᠶᠣᠯ ᠤᠨ ᠠᠭᠤᠯᠤᠭᠳᠠᠴᠠ ᠶᠢ ᠲᠠᠰᠤᠷᠠᠯᠳᠠ ᠥᠬᠡᠶ ᠳᠡᠭᠡᠭᠰᠢᠯᠡᠭᠦᠯᠦᠨ᠂ ᠰᠣᠶᠣᠯ ᠬᠢᠭᠡᠳ ᠵᠢᠭᠤᠯᠴᠢᠯᠠᠯ ᠤᠨ ᠠᠭᠤᠰᠤᠯᠴᠠᠭᠰᠠᠨ ᠬᠦᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ                                                              ︵ᠨᠢᠭᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠯᠭᠠᠨ‌‍ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ ᠤ ᠰᠣᠶᠣᠯ ᠤᠨ ᠲᠢᠩᠬᠢᠮ ᠲᠤᠪᠴᠢᠶ᠎ᠠ ᠶᠢᠨ ᠳᠠᠷᠤᠭ᠎ᠠ ᠶᠢᠨ ᠬᠤᠷᠠᠯ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ᠂ ᠵᠢᠭᠤᠯᠴᠢᠯᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠪᠠᠷ ᠤᠳᠤᠷᠢᠳᠤᠮᠵᠢ ᠪᠣᠯᠭᠠᠵᠤ᠂ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠤᠯᠤᠰ ᠤᠨ ︽ᠨᠢᠭᠡ ᠪᠦᠰᠡ ᠨᠢᠭᠡ ᠵᠠᠮ︾ ᠢ ᠬᠡᠷᠡᠭᠵᠢᠭᠦᠯᠬᠦ ᠰᠠᠨᠠᠭᠠᠴᠢᠯᠠᠭ᠎ᠠ᠂ ᠪᠡᠭᠡᠵᠢᠩ ᠲᠢᠶᠠᠨᠵᠢᠨ ᠾᠧᠪᠧᠢ ᠶᠢ ᠬᠠᠮᠵᠢᠯᠴᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠪᠣᠯᠤᠨ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠨ ᠬᠥᠭᠵᠢᠬᠦ ᠵᠢᠴᠢ ᠰᠣᠶᠣᠯ ᠤᠨ ᠶᠡᠭᠡ ᠬᠥᠭᠵᠢᠯᠲᠡ ᠶᠡᠭᠡ ᠴᠡᠴᠡᠭᠯᠡᠯᠲᠡ ᠶᠢᠨ ᠲᠡᠤᠬᠡᠨ ᠠᠵᠠ ᠲᠣᠬᠢᠶᠠᠯ ᠢ ᠠᠮᠵᠢᠨ ᠠᠳᠬᠤᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠪᠡᠯᠡ ᠮᠥᠩᠭᠦ ᠪᠠᠷ ᠳᠡᠮᠵᠢᠬᠦ᠂ ᠡᠭᠦᠷᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠴᠢᠳᠠᠪᠤᠷᠢᠲᠠᠨ ᠤ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠡᠤᠬᠡ ᠰᠣᠶᠣᠯ ᠤᠨ ᠠᠭᠤᠯᠤᠭᠳᠠᠬᠤᠨ ᠢ ᠭᠦᠢᠴᠡᠳ ᠠᠭᠤᠳᠠᠯᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠭᠠᠷᠭᠠᠵᠤ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠴᠦ᠂ ᠰᠣᠶᠣᠯ ᠢᠶᠠᠷ ᠵᠢᠭᠤᠯᠴᠢᠯᠠᠯ ᠤᠨ ᠠᠭᠤᠯᠬᠤᠨ ᠢ ᠳᠡᠭᠡᠭᠰᠢᠯᠡᠭᠦᠯᠬᠦ᠂ ᠵᠢᠭᠤᠯᠴᠢᠯᠠᠯ ᠢᠶᠠᠷ ᠰᠣᠶᠣᠯ ᠤᠨ ᠴᠡᠴᠡᠭᠯᠡᠯᠲᠡ ᠶᠢ ᠠᠬᠢᠭᠤᠯᠬᠤ  ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠰᠣᠶᠣᠯ ᠵᠢᠭᠤᠯᠴᠢᠯᠠᠯ ᠤᠨ ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠲᠤᠯᠭᠠᠭᠤᠷᠢ ᠠᠵᠤ ᠦᠢᠯᠡᠰ ᠪᠠ ᠠᠷᠠᠳ ᠣᠯᠠᠨ ᠤ ᠨᠠᠩ ᠬᠠᠨᠤᠮᠵᠢᠲᠠᠶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠭᠠᠨ ᠪᠤᠶᠢᠵᠢᠭᠤᠯᠵᠤ᠂ ᠮᠠᠨ ᠤ ᠬᠤᠲᠠ ᠶᠢ ᠪᠠᠷᠠᠭᠤᠨ ᠬᠤᠶᠢᠲᠦ ᠣᠷᠣᠨ ᠤ ᠵᠢᠭᠤᠯᠴᠢᠯᠠᠯ ᠂ ᠰᠡᠯᠡᠭᠦᠴᠡᠨ ᠠᠮᠠᠷᠠᠬᠤ ᠴᠢᠬᠤᠯᠠ ᠰᠠᠭᠤᠷᠢᠨ ᠭᠠᠵᠠᠷ ᠪᠣᠯᠭᠠᠨ᠎ᠠ᠃      ︵ᠬᠤᠶᠠᠷ︶ ᠦᠨᠳᠦᠰᠦᠨ ᠵᠠᠷᠴᠢᠮ      — ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠵᠤ᠂ ᠨᠢᠭᠡᠳᠦᠯᠲᠡᠢ ᠲᠥᠯᠥᠪᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠲᠥᠯᠥᠪᠵᠢᠭᠦᠯᠭᠡ ᠶᠢ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠦᠢ ᠵᠣᠬᠢᠰᠲᠠᠶ ᠪᠠᠶᠢᠷᠢᠰᠢᠭᠤᠯᠤᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ ᠪᠠ ᠵᠦᠢ ᠵᠣᠬᠢᠰᠲᠠᠶ ᠨᠡᠭᠡᠭᠡᠬᠦ ᠶᠢᠨ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠵᠦ᠂ ᠰᠣᠶᠣᠯ ᠪᠠ ᠵᠢᠭᠤᠯᠴᠢᠯᠠᠯ ᠢ  ᠠᠭᠤᠰᠤᠯᠴᠠᠭᠤᠯᠤᠨ ᠬᠥᠭᠵᠢᠭᠦᠯᠬᠦ ᠭᠠᠷᠳᠠᠬᠤ ᠴᠡᠭ ᠢ ᠣᠨᠣᠪᠴᠢᠲᠠᠶ ᠣᠯᠵᠤ᠂ ᠭᠠᠵᠠᠷ ᠣᠷᠣᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ᠃      — ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠤᠭᠲᠠᠴᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠳᠠᠬᠢ ᠢᠳᠡᠪᠬᠢ ᠦᠢᠯᠡᠳᠦᠯ ᠢ ᠪᠠᠳᠠᠷᠠᠭᠤᠯᠤᠨ᠂ ᠰᠣᠶᠣᠯ ᠵᠢᠭᠤᠯᠴᠢᠯᠠᠯ   ᠤᠨ ᠠᠵᠤ ᠦᠢᠯᠡᠰ ᠤᠨ ᠵᠠᠬ᠎ᠠ ᠳᠡᠯᠭᠡᠭᠦᠷᠴᠢᠯᠡᠬᠦ ᠠᠬᠢᠴᠠ ᠶᠢ ᠲᠦᠯᠬᠢᠨ ᠠᠬᠢᠭᠤᠯᠵᠤ᠂ ᠰᠣᠶᠣᠯ ᠤᠨ ᠠᠭᠤᠯᠤᠭᠳᠠᠬᠤᠨ ᠢ ᠠᠭᠤᠳᠠᠯᠬᠤ ᠪᠠᠷ ᠳᠠᠮᠵᠢᠭᠤᠯᠤᠨ᠂ ᠵᠢᠭᠤᠯᠴᠢᠯᠠᠯ ᠤᠨ ᠳᠤᠷᠠᠰᠬᠠᠯ ᠤᠨ ᠡᠳ᠋ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠳᠬᠦᠨ   ᠤ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠵᠢᠭᠤᠯᠴᠢᠯᠠᠯ ᠤᠨ ᠳᠤᠷᠠᠰᠬᠠᠯ ᠤᠨ ᠡᠳ᠋ ᠤᠨ ᠨᠡᠮᠡᠯᠲᠡ ᠥᠷᠲᠡᠭ ᠢ ᠨᠡᠮᠡᠭᠳᠡᠭᠦᠯᠵᠦ᠂ ᠵᠠᠬ᠎ᠠ ᠳᠡᠯᠭᠡᠭᠦᠷ   ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠵᠢᠭᠤᠯᠴᠢᠯᠠᠯ ᠲᠣᠭᠯᠠᠯᠲᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠣᠷᠢᠭᠵᠢᠭᠤᠯᠵᠤ᠂ ᠣᠳᠣ ᠦᠶ᠎ᠡ ᠶᠢᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠶᠢ ᠡᠭᠦᠳᠦᠭᠰᠡᠨ ᠲᠣᠭᠯᠠᠯᠲᠠ ᠶᠢᠨ ᠬᠡᠯᠪᠡᠷᠢ ᠮᠠᠶᠠᠭ ᠢ ᠬᠡᠷᠡᠭᠯᠡᠨ᠂ ᠫᠷᠤᠭ᠍ᠷᠠᠮ ᠤᠨ ᠪᠦᠲᠦᠭᠡᠯᠴᠢ ᠰᠡᠳᠬᠢᠮᠵᠢ ᠶᠢ ᠳᠡᠭᠡᠭᠰᠢᠯᠡᠭᠦᠯᠦᠨ᠂ ᠣᠷᠣᠨ ᠪᠦᠰᠡ ᠶᠢᠨ ᠣᠨᠴᠠᠯᠢᠭ ᠪᠠ ᠰᠣᠶᠣᠯ ᠤᠨ ᠣᠨᠴᠠᠯᠢᠭ ᠢ ᠳᠣᠪᠤᠶᠢᠯᠭᠠᠵᠤ᠂ ᠰᠢᠯᠢᠳᠡᠭ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠫᠷᠤᠭ᠍ᠷᠠᠮ ᠢ ᠡᠭᠦᠳᠴᠦ᠂ ᠦᠵᠡᠮᠵᠢ ᠶᠢᠨ ᠣᠷᠣᠨ ︵ᠭᠠᠵᠠᠷ︶ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ  ᠳᠡᠭᠡᠭᠰᠢᠯᠡᠭᠦᠯᠬᠦ ᠶᠢ ᠵᠤᠷᠢᠭᠵᠢᠭᠤᠯᠤᠨ᠎ᠠ᠃      — ᠲᠥᠷᠥᠯ ᠵᠦᠢᠯ ᠢᠶᠠᠷ ᠲᠠᠶᠢᠴᠢᠯᠠᠵᠤ᠂ ᠵᠢᠭᠤᠯᠴᠢᠯᠠᠯ ᠢᠶᠠᠷ ᠰᠣᠶᠣᠯ ᠢ ᠬᠥᠭᠵᠢᠭᠦᠯᠦᠨ᠎ᠡ᠃  ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠵᠦ᠂ ᠨᠠᠷᠠᠲᠤ ᠲᠡᠮᠳᠡᠭ ᠢᠶᠠᠷ ᠬᠥᠲᠥᠯᠥᠨ ᠳᠠᠭᠠᠭᠤᠯᠬᠤ ᠪᠠᠷ ᠭᠤᠣᠯᠳᠠᠯᠭ᠎ᠠ ᠪᠣᠯᠭᠠᠨ᠂ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠢᠭᠡ ᠪᠦᠯᠦᠭ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠵᠦᠢᠯᠡᠰ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠣᠨᠴᠠᠯᠢᠭᠲᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠡᠭᠦᠳᠴᠦ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠡᠶᠢᠴᠢᠯᠡᠨ᠎ᠡ᠃      — ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠨ᠎ᠡ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠬᠤ᠂ ᠮᠥᠩᠭᠦᠨ ᠭᠦᠢᠯᠭᠡᠭᠡᠨ ᠠᠴᠠ ᠳᠡᠮᠵᠢᠬᠦ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ  ᠂ ᠨᠡᠶᠢᠭᠡᠮ ᠤᠨ ᠬᠢᠨ ᠣᠷᠣᠯᠴᠠᠬᠤ ᠶᠢ ᠪᠠᠷᠢᠮᠲᠠᠯᠠᠨ᠂ ᠰᠣᠶᠣᠯ ᠵᠢᠭᠤᠯᠴᠢᠯᠠᠯ ᠤᠨ  ᠬᠠᠮᠲᠤᠷᠠᠯᠴᠠᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠠᠮᠲᠤᠷᠠᠯᠴᠠᠬᠤ ᠬᠦᠷᠢᠶ᠎ᠡ ᠴᠠᠷ᠎ᠠ ᠶᠢ ᠭᠦᠨᠵᠡᠭᠡᠶᠢᠷᠡᠭᠦᠯᠦᠨ᠂ ᠬᠠᠮᠲᠤᠷᠠᠯᠴᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠥᠷᠥ ᠶᠢᠨ ᠪᠣᠳᠣᠯᠭ᠎ᠠ᠂ ᠮᠡᠳᠡᠭᠡ ᠵᠠᠩᠭᠢ ᠬᠢᠭᠡᠳ ᠬᠠᠮᠢᠶ᠎ᠠ ᠪᠦᠬᠦᠢ ᠦᠢᠯᠡᠳᠪᠦᠷᠢᠯᠡᠯ ᠤᠨ ᠡᠯᠧᠮᠧᠨ᠋ᠲ ᠵᠡᠷᠭᠡ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠪᠴᠢᠶᠡᠨ ᠳᠣᠲᠣᠷ᠎ᠠ ᠡᠷᠬᠢᠯᠳᠦᠵᠦ᠂ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃        ︵ᠭᠤᠷᠪᠠ︶ ᠭᠤᠣᠯ ᠬᠠᠷᠠᠯᠲᠠ      2020 ᠤᠨ ᠪᠣᠯᠬᠤ ᠳᠤ᠂ ᠪᠥᠬᠦ ᠬᠤᠲᠠ ᠶᠢᠨ ᠰᠣᠶᠣᠯ ᠬᠢᠭᠡᠳ ᠵᠢᠭᠤᠯᠴᠢᠯᠠᠯ ᠤᠨ ᠠᠵᠤ ᠦᠢᠯᠡᠰ ᠢ ᠭᠦᠨᠵᠡᠭᠡᠶ ᠠᠭᠤᠰᠤᠯᠴᠠᠭᠤᠯᠵᠤ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮᠵᠢ ᠶᠢ ᠪᠦᠷᠢᠨ ᠲᠡᠭᠦᠯᠳᠡᠷ ᠪᠣᠯᠭᠠᠵᠤ᠂ ᠡᠯ᠎ᠡ ᠲᠥᠷᠥᠯ ᠤᠨ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ᠂ ᠲᠥᠷᠥᠯ ᠵᠦᠢᠯ ᠢ ᠪᠥᠬᠦ ᠲᠠᠯ᠎ᠠ ᠪᠠᠷ ᠬᠥᠭᠵᠢᠭᠦᠯᠵᠦ᠂ ᠨᠢᠭᠡ ᠪᠦᠯᠦᠭ ᠤᠯᠤᠰ ᠤᠨ ᠳᠣᠲᠣᠭᠠᠳᠤ ᠶᠢᠨ ᠨᠡᠯᠢᠶᠡᠳ ᠠᠯᠳᠠᠷ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠦᠵᠡᠮᠵᠢ ᠶᠢᠨ ᠣᠷᠣᠨ ᠢ ᠡᠭᠦᠳᠴᠦ᠂ ᠨᠢᠭᠡ ᠪᠦᠯᠦᠭ ᠪᠠᠯᠠ ᠣᠷᠣᠭᠤᠯᠤᠯᠲᠠ ᠶᠢᠨ ᠬᠡᠮᠵᠢᠶ᠎ᠡ‌ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ  ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠰᠣᠶᠣᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠤᠢ ᠪᠣᠯᠭᠠᠵᠤ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠷ ᠰᠡᠳᠦᠪᠯᠡᠭᠰᠡᠨ ᠭᠠᠵᠠᠷ ᠤᠷᠤᠨ ᠤ ᠤᠨᠴᠠᠯᠢᠭ ᠲᠠᠢ ᠺᠢᠨᠣ᠋ ᠲᠧᠯᠸᠢᠰ ᠤᠨ ᠪᠦᠲᠦᠭᠡᠯ ᠪᠤᠶᠤ ᠲᠤᠭᠯᠠᠯᠲᠠ ᠤᠷᠠᠯᠢᠭ ᠤᠨ ᠲᠦᠷᠦᠯ ᠵᠦᠢᠯ ᠢ ᠡᠭᠦᠳᠴᠦ᠂ ᠣᠯᠠᠨ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ᠃ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠨᠡᠮᠡᠭᠳᠡᠯ ᠥᠷᠲᠡᠭ ᠢ ᠵᠢᠯ ᠪᠦᠷᠢ 20 % ᠠᠴᠠ ᠳᠡᠭᠡᠭᠰᠢ ᠨᠡᠮᠡᠭ᠌ᠳᠡᠭᠦᠯᠵᠤ᠂ ᠮᠠᠨ ᠤ ᠬᠤᠳᠠ ᠶᠢᠨ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢ ᠠᠵᠤ ᠦᠢᠯᠡᠰ  ᠪᠤᠯᠭᠠᠨ᠎ᠠ᠃      ᠬᠤᠶᠠᠷ᠂ ᠰᠣᠶᠣᠯ ᠵᠢᠭᠤᠯᠴᠢᠯᠠᠯ ᠤᠨ ᠣᠨᠴᠠᠯᠢᠭᠲᠤ ᠰᠢᠨ᠎ᠡ ᠪᠦᠲᠦᠭᠡᠭᠳᠡᠬᠦᠨ ᠢ ᠡᠭᠦᠳᠦᠨ ᠬᠥᠭᠵᠢᠭᠦᠯᠦᠨ᠎ᠡ᠃      ︵ᠨᠢᠭᠡ︶ ᠨᠢᠭᠡ ᠪᠦᠯᠦᠭ ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ ᠵᠦᠢᠯ   ᠢ ᠪᠦᠲᠦᠭᠡᠨ ᠪᠠᠶᠢᠭᠤᠯᠤᠨ᠎ᠠ᠃ ᠲᠡᠤᠬᠡ ᠰᠣᠶᠣᠯ᠂ ᠬᠤᠪᠢᠰᠬᠠᠯ ᠤᠨ ᠰᠣᠶᠣᠯ᠂ ᠦᠨᠳᠦᠰᠦᠲᠡᠨ ᠤ ᠵᠠᠩ ᠵᠠᠩᠰᠢᠯ ᠪᠠ ᠵᠠᠩ ᠦᠢᠯᠡ ᠶᠢᠨ ᠰᠣᠶᠣᠯ᠂ ᠠᠮᠢ ᠠᠬᠤᠢ ᠶᠢᠨ ᠰᠣᠶᠣᠯ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠭᠤᠳᠠᠯᠬᠤ ᠶᠢ ᠴᠢᠩᠭᠠᠳᠬᠠᠵᠤ᠂ ᠨᠢᠭᠡ ᠪᠦᠯᠦᠭ ᠨᠠᠷᠠᠲᠤ ᠲᠡᠮᠳᠡᠭᠲᠦ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠦᠨᠳᠦᠰᠦᠲᠡᠨ ᠤ ᠣᠨᠴᠠᠯᠢᠭᠲᠤ ᠰᠣᠶᠣᠯ ᠵᠢᠭᠤᠯᠴᠢᠯᠠᠯ ᠤᠨ ᠣᠷᠣᠨ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ᠂ ᠲᠡᠤᠬᠡ ᠰᠣᠶᠣᠯ ᠤᠨ ᠣᠨᠴᠠᠯᠢᠭᠲᠤ ᠵᠡᠭᠡᠯᠢ ᠲᠣᠭᠤᠷᠢᠭ ᠵᠡᠷᠭᠡ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠥᠷᠥᠯ ᠵᠦᠢᠯ ᠢ ᠨᠡᠭᠡᠭᠡᠨ ᠬᠦᠭᠵᠢᠭᠦᠯᠦᠨ ᠪᠦᠲᠦᠭᠡᠨ ᠪᠠᠶᠢᠭᠤᠯᠵᠤ᠂ ᠬᠥᠳᠡᠯᠦᠩᠭᠦᠢ ᠰᠣᠶᠣᠯ ᠵᠢᠭᠤᠯᠴᠢᠯᠠᠯ ᠤᠨ  ᠠᠭᠤᠰᠤᠯᠴᠠᠭᠰᠠᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠠ ᠠᠬᠢᠭᠤᠯᠤᠨ᠎ᠠ᠃ ᠵᠤᠤ ᠵᠢᠶᠦ᠋ᠨ ᠤ ᠰᠣᠶᠣᠯ ᠵᠢᠭᠤᠯᠴᠢᠯᠠᠯ ᠤᠨ ᠣᠷᠣᠨ᠂ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠣᠷᠣᠨ᠂ ᠮᠧᠩ ᠨᠢᠤ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ᠂ ᠢᠯᠢ — ᠰᠦ ᠶᠢᠨ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠠᠮᠠᠷᠠᠯᠲᠠ ᠶᠢᠨ ᠣᠷᠣᠨ᠂ ᠬᠦᠭᠡᠲᠠᠯ᠎ᠠ ᠵᠢᠭᠤᠯᠴᠢᠯᠠᠯ ᠤᠨ ᠣᠷᠣᠨ᠂ ᠴᠢᠩ ᠱᠦᠢ ᠾᠧ  ᠤᠨ ᠯᠣᠣ ᠨᠢᠤ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠮᠧᠩ ᠯᠢᠶᠠᠩ ᠦᠨᠳᠦᠰᠦᠲᠡᠨ ᠤ ᠵᠠᠩ ᠦᠢᠯᠡ ᠶᠢᠨ ᠬᠦᠷᠢᠶᠡᠯᠡᠩ᠂ ᠳᠠᠯᠠᠨ ᠬᠠᠷ᠎ᠠ ᠠᠭᠤᠯᠠ ᠳᠠᠬᠢ ᠲᠠᠢ ᠸᠧᠢ ᠲᠠᠮᠢᠷ ᠤᠨ ᠰᠡᠯᠡᠭᠦᠴᠡᠯ ᠤᠨ ᠲᠣᠰᠬᠤᠨ ᠵᠡᠷᠭᠡ ᠶᠢ ᠭᠤᠣᠯᠳᠠᠯᠭ᠎ᠠ ᠲᠠᠢ ᠪᠤᠶᠢᠵᠢᠭᠤᠯᠤᠨ᠎ᠠ᠃ ᠤᠯᠤᠰ ᠤᠨ 5 A ᠳᠡᠰ ᠤᠨ 1 — 2 ᠦᠵᠡᠮᠵᠢ ᠶᠢᠨ ᠣᠷᠣᠨ ᠢ ᠳᠡᠰ ᠳᠡᠪᠰᠢᠭᠦᠯᠦᠨ ᠪᠠᠶᠢᠭᠤᠯᠵᠤ᠂ ᠴᠡᠯᠡᠭᠡᠷ ᠲᠠᠯ᠎ᠠ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠣᠯᠭᠠᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠦᠭᠡᠲᠠᠯ᠎ᠠ ᠵᠢᠭᠤᠯᠴᠢᠯᠠᠯ ᠤᠨ ᠣᠷᠣᠨ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠭᠠᠨ ᠪᠤᠶᠢᠵᠢᠭᠤᠯᠵᠤ᠂ ᠪᠦᠲᠦᠴᠡ ᠨᠢ ᠵᠦᠶ ᠵᠣᠬᠢᠰᠲᠠᠶ᠂ ᠳᠡᠰ ᠳᠠᠪᠬᠤᠷᠭ᠎ᠠ ᠨᠢ ᠲᠣᠳᠣᠷᠬᠠᠶ ᠰᠣᠳᠣᠨ ᠦᠵᠡᠮᠵᠢ ᠶᠢᠨ ᠣᠷᠣᠨ ᠤ ᠰᠢᠰᠲ᠋ᠧᠮᠵᠢ ᠶᠢ ᠪᠤᠢ ᠪᠣᠯᠭᠠᠨ᠎ᠠ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠳᠠᠮᠵᠢᠨ ᠬᠥᠭᠵᠢᠭᠦᠯᠵᠦ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠢ ᠲᠡᠭᠦᠯᠳᠡᠷᠵᠢᠭᠦᠯᠦᠨ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠬᠢᠭᠡᠳ ᠠᠮᠢ ᠠᠬᠤᠢ ᠶᠢᠨ ᠰᠣᠶᠣᠯ ᠵᠢᠭᠤᠯᠴᠢᠯᠠᠯ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠣᠷᠭᠠᠨᠢᠭ ᠠᠭᠤᠰᠤᠯᠴᠠᠯ ᠢ ᠴᠢᠬᠤᠯᠠᠴᠢᠯᠠᠵᠤ᠂ ᠤᠯᠠᠭᠠᠨᠬᠦᠦ ᠶᠢᠨ ᠬᠠᠭᠤᠴᠢᠨ ᠰᠠᠭᠤᠴᠠ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ᠂ ᠶᠠᠫᠣᠨ ᠢ ᠡᠰᠡᠷᠭᠦᠴᠡᠬᠦ ᠬᠤᠪᠢᠰᠬᠠᠯ ᠤᠨ ᠰᠠᠭᠤᠷᠢᠨ ᠭᠠᠵᠠᠷ ᠤᠨ ᠬᠠᠭᠤᠴᠢᠨ ᠪᠠᠭᠤᠷᠢ ᠵᠡᠷᠭᠡ ᠬᠤᠪᠢᠰᠬᠠᠯ ᠤᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠬᠦᠬᠡᠬᠤᠲᠠ ᠶᠢᠨ ᠦᠯᠢᠭᠡᠷ ᠢᠶᠠᠨ ᠰᠠᠶᠢᠲᠤᠷ ᠶᠠᠷᠢᠵᠤ᠂ ᠦᠴᠤᠸᠠᠨ ᠰᠢᠶᠠᠨ᠂ ᠲᠦᠮᠡᠳ ᠵᠡᠭᠦᠨ ᠬᠤᠰᠢᠭᠤ ᠵᠡᠷᠭᠡ ᠬᠤᠪᠢᠰᠬᠠᠯ ᠤᠨ ᠵᠢᠭᠤᠯᠴᠢᠯᠠᠯ ᠤᠨ ᠵᠤᠷᠢᠯᠲᠠᠲᠦ ᠭᠠᠵᠠᠷ ᠢ ᠭᠤᠤᠯᠳᠠᠯᠭ᠎ᠠ ᠲᠠᠢ ᠴᠤᠭᠴᠠᠯᠠᠨ᠎ᠠ᠃ ᠪᠦᠲᠦᠭᠡᠯᠴᠢ ᠰᠣᠶᠣᠯ ᠤᠨ ᠵᠢᠭᠤᠯᠴᠢᠯᠠᠯ ᠤᠨ  ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ᠤᠳᠬ᠎ᠠ ᠤᠷᠠᠯᠢᠭ ᠤᠨ ᠲᠣᠭᠯᠠᠯᠲᠠ᠂ ᠰᠣᠶᠣᠯ ᠤᠨ ᠪᠦᠲᠦᠭᠡᠯᠴᠢ ᠰᠡᠳᠬᠢᠮᠵᠢ᠂ ᠺᠢᠨᠣ᠋ ᠲᠧᠯᠸᠢᠰ ᠦᠢᠯᠡᠳᠬᠦ᠂ ᠰᠣᠨᠢᠨ ᠮᠡᠳᠡᠭᠡ ᠬᠡᠪᠯᠡᠯ᠂ ᠰᠣᠶᠣᠯ ᠵᠤᠭ᠎ᠠ ᠴᠡᠩᠭᠡᠯ ᠵᠡᠷᠭᠡ ᠰᠣᠶᠣᠯ ᠤᠨ ᠠᠵᠤ ᠦᠢᠯᠡᠰ ᠤᠨ ᠠᠵᠤ ᠠᠬᠤᠶᠢᠯᠠᠯ ᠪᠣᠯᠤᠨ ᠲᠥᠷᠥᠯ ᠵᠦᠢᠯ ᠢ ᠬᠥᠲᠥᠯᠥᠨ ᠵᠢᠯᠣᠭᠤᠳᠴᠤ ᠪᠠᠶᠢᠭᠠᠳ ᠣᠳᠣ  ᠪᠠᠶᠢᠭ᠎ᠠ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠵᠦ᠂ ᠲᠠᠯ᠎ᠠ ᠨᠤᠲᠤᠭ ᠤᠨ  ᠳ᠋ᠧᠦ ᠰᠧ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ᠂ ᠳ᠋ᠠ ᠱᠧᠩ ᠺᠦᠢ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠵᠡᠷᠭᠡ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠣᠰᠣᠭᠠᠷ ᠵᠢᠭᠤᠯᠴᠢᠯᠠᠯ ᠤᠨ ᠴᠢᠳᠠᠮᠵᠢ ᠶᠢ ᠲᠡᠭᠦᠯᠳᠡᠷᠵᠢᠭᠦᠯᠦᠨ᠎ᠡ︔ ᠨᠥᠬᠦᠴᠡᠯ ᠲᠠᠢ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠪᠠ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠳᠡᠮᠵᠢᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠭᠤᠳᠠᠮ ᠲᠠᠯᠠᠪᠠᠢ᠂ ᠬᠤᠳᠠᠯᠳᠤᠭᠠᠨ ᠤ ᠵᠡᠭᠡᠯᠢ ᠲᠣᠭᠤᠷᠢᠭ᠂ ᠰᠣᠶᠣᠯ ᠤᠨ ᠵᠡᠭᠡᠯᠢ ᠲᠣᠭᠤᠷᠢᠭ ᠵᠡᠷᠭᠡ ᠵᠢᠭᠤᠯᠴᠢᠯᠠᠭᠴᠢᠳ ᠤᠨ ᠴᠤᠭᠯᠠᠷᠠᠬᠤ ᠤᠷᠤᠨ ᠳᠤ  ᠂ ᠺᠢᠨᠣ᠋ ᠶᠢᠨ ᠣᠷᠳᠣᠨ᠂ ᠵᠦᠴᠦᠭᠡ ᠶᠢᠨ ᠣᠷᠳᠣᠨ᠂ ᠨᠣᠮ ᠤᠨ ᠳᠡᠯᠭᠡᠭᠦᠷ᠂ ᠰᠡᠯᠡᠭᠦᠴᠡᠯ ᠨᠣᠮ ᠤᠨ ᠪᠠᠭᠠᠷ᠂ ᠺᠢᠨᠣ᠋ ᠲᠧᠯᠸᠢᠰ ᠤᠨ ᠠᠵᠢᠯᠯᠠᠬᠤ ᠲᠠᠰᠤᠭ᠂ ᠤᠷᠠᠯᠢᠭ ᠤᠨ ᠣᠷᠳᠣᠨ᠂ ᠭᠠᠷ ᠤᠷᠠᠯᠠᠯ ᠤᠨ ᠪᠦᠲᠦᠭᠡᠭᠳᠡᠬᠦᠨ ᠪᠠ ᠪᠦᠲᠦᠭᠡᠯᠴᠢ ᠪᠦᠲᠦᠭᠡᠭᠳᠡᠬᠦᠨ ᠤ ᠳᠡᠯᠭᠡᠭᠦᠷ᠂ ᠰᠣᠶᠣᠯ ᠴᠡᠩᠭᠡᠯ ᠤᠨ ᠲᠠᠯᠠᠪᠤᠷ ᠵᠡᠷᠭᠡ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ ᠠᠪᠴᠢᠷᠠᠵᠤ᠂ ᠣᠷᠣᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠣᠨᠴᠠᠯᠢᠭᠲᠤ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ︔ ᠨᠠᠷᠠᠲᠤ ᠠᠵᠤ ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ ᠰᠣᠶᠣᠯ ᠤᠨ ᠭᠤᠤᠯ ᠰᠡᠳᠦᠪᠲᠦ ᠴᠡᠴᠡᠷᠯᠢᠭ ᠪᠠᠶᠢᠭᠤᠯᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ ᠴᠢᠨᠠᠷᠲᠠᠶ ᠬᠤᠲᠠ ᠶᠢᠨ ᠵᠢᠭᠤᠯᠴᠢᠯᠠᠯ ᠤᠨ ᠲᠥᠪ ᠢ ᠴᠢᠷᠮᠠᠶᠢᠨ ᠪᠠᠶᠢᠭᠤᠯᠤᠨ᠎ᠠ᠃       ︵ᠬᠤᠶᠠᠷ︶ ᠨᠢᠭᠡ ᠪᠦᠯᠦᠭ ᠣᠨᠴᠠᠯᠢᠭᠲᠤ ᠠᠵᠤ ᠦᠢᠯᠡᠰ ᠤᠨ ᠪᠦᠯᠦᠭᠯᠡᠯ ᠢ ᠪᠠᠶᠢᠭᠤᠯᠤᠨ᠎ᠠ᠃ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ᠂ ᠬᠦᠷᠢᠶᠡᠯᠡᠩ ᠲᠣᠭᠤᠷᠢᠭ ᠢ ᠲᠥᠯᠥᠪᠵᠢᠭᠦᠯᠬᠦ᠂ ᠮᠠᠭᠠᠳᠯᠠᠨ ᠲᠣᠭᠲᠠᠭᠠᠬᠤ᠂ ᠲᠣᠬᠢᠷᠠᠭᠤᠯᠬᠤ ᠪᠠ ᠵᠢᠯᠣᠭᠤᠳᠬᠤ ᠠᠵᠢᠯ ᠢ ᠴᠢᠩᠭᠠᠳᠬᠠᠵᠤ᠂ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠪᠦᠯᠦᠭ ᠥᠨᠳᠥᠷ ᠡᠬᠢᠯᠡᠯᠲᠡ ᠶᠢᠨ ᠴᠡᠭ ᠲᠠᠢ᠂ ᠬᠡᠪᠴᠢᠶᠡᠵᠢᠭᠰᠡᠨ᠂ ᠤᠯᠤᠰ ᠤᠨ ᠬᠢᠷᠢ ᠲᠦᠪᠰᠢᠨ ᠪᠠ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠭᠰᠡᠨ ᠤᠯᠤᠰ ᠤᠨ ᠲᠡᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ ᠨᠢᠭᠡ ᠪᠦᠯᠦᠭ  ᠲᠦᠪᠯᠡᠷᠡᠭᠦᠯᠬᠦ ᠦᠢᠯᠡᠳᠦᠯ ᠨᠢ ᠢᠯᠡᠷᠬᠡᠶ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠣᠷᠳᠣᠨ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠮᠧᠩ ᠯᠢᠶᠠᠩ ᠦᠨᠳᠦᠰᠦᠲᠡᠨ ᠤ ᠰᠣᠶᠣᠯ ᠤᠨ ᠲᠣᠭᠯᠠᠯᠲᠠ ᠶᠢᠨ ᠤᠷᠠᠯᠢᠭ ᠤᠨ ᠠᠭᠤᠳᠠᠮ ᠲᠠᠯᠠᠪᠠᠢ᠂ ᠳ᠋ᠠ ᠱᠧᠩ ᠺᠦᠢ ᠰᠤᠶᠤᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠬᠤᠶᠢᠲᠦ ᠲᠣᠭᠤᠷᠢᠭ᠂ ᠥᠪᠥᠷ ᠮᠣᠩᠭᠤᠯ ᠤᠨ ᠤᠤ ᠸᠧᠢ ᠮᠤᠷᠢᠨ ᠰᠣᠶᠣᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠰᠠᠶᠢᠲᠤᠷ ᠬᠢᠵᠦ᠂ ᠳ᠋ᠠ ᠵᠧᠩ ᠦᠨᠳᠦᠰᠦᠲᠡᠨ ᠤ ᠠᠵᠤ ᠦᠢᠯᠡᠰ ᠤᠨ ᠬᠦᠷᠢᠶᠡᠯᠡᠩ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠳᠦᠯᠭᠡᠵᠢᠭᠦᠯᠬᠦ ᠰᠠᠭᠤᠷᠢᠨ ᠭᠠᠵᠠᠷ᠂ ᠲᠠᠯ᠎ᠠ ᠨᠤᠲᠤᠭ ᠤᠨ ᠳ᠋ᠧᠦ ᠰᠧ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ᠂ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠢᠩ ᠱᠦᠢ ᠾᠧ ᠶᠢᠨ ᠯᠣᠣ ᠨᠢᠤ ᠸᠠᠨ ᠤ ᠭᠠᠵᠠᠷ ᠰᠢᠨᠵᠢᠯᠡᠭᠡᠨ ᠤ ᠴᠡᠴᠡᠷᠯᠢᠭ᠂ ᠨᠠᠨᠱᠠᠨ ᠤ ᠲᠡᠤᠬᠡ ᠰᠣᠶᠣᠯ ᠤᠨ ᠠᠮᠢ ᠠᠬᠤᠢ ᠶᠢᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃      ︵ᠭᠤᠷᠪᠠ︶ ᠰᠣᠳᠣᠨ ᠰᠣᠶᠣᠯ ᠵᠢᠭᠤᠯᠴᠢᠯᠠᠯ ᠤᠨ ᠵᠠᠮ ᠱᠤᠭᠤᠮ ᠢ ᠡᠭᠦᠳᠦᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠪᠠᠷ ᠲᠤᠯᠭᠠᠭᠤᠷᠢᠯᠠᠯ ᠪᠣᠯᠭᠠᠵᠤ᠂ ᠬᠤᠲᠠ᠂ ᠦᠵᠡᠮᠵᠢ ᠶᠢᠨ ᠣᠷᠣᠨ ᠪᠠ ᠲᠥᠷᠥᠯ ᠵᠦᠢᠯ ᠢᠶᠠᠷ ᠠᠴᠢᠶᠠᠯᠠᠪᠤᠷᠢ ᠪᠣᠯᠭᠠᠵᠤ᠂ ᠨᠤᠭᠤᠭᠠᠨ ᠦᠩᠭᠡ ᠪᠠ ᠤᠯᠠᠭᠠᠨ ᠦᠩᠭᠡ ᠬᠠᠷᠢᠯᠴᠠᠨ ᠠᠭᠤᠰᠤᠯᠴᠠᠵᠤ᠂ ᠣᠷᠴᠢᠨ ᠲᠣᠭᠤᠷᠢᠨ᠂ ᠦᠵᠡᠮᠵᠢ ᠶᠢᠨ ᠣᠷᠣᠨ᠂ ᠪᠡᠯᠡᠳᠬᠡᠮᠵᠢ ᠶᠢᠨ ᠶᠠᠰᠤ ᠴᠢᠨᠠᠷ ᠬᠠᠷᠢᠯᠴᠠᠨ ᠵᠣᠬᠢᠴᠠᠯᠳᠤᠬᠤ ᠶᠢ ᠪᠠᠷᠢᠮᠲᠠᠯᠠᠵᠤ᠂ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠭᠡᠵᠤ ᠳᠡᠭᠡᠭᠰᠢᠯᠡᠭᠦᠯᠬᠦ ᠶᠢ ᠴᠢᠩᠭᠠᠳᠬᠠᠵᠤ᠂ ᠵᠢᠭᠤᠯᠴᠢᠯᠠᠯ ᠤᠨ ᠱᠤᠭᠤᠮ ᠤᠨ ᠪᠣᠷᠣ ᠲᠥᠯᠥᠪ ᠤᠨ ᠰᠢᠰᠲ᠋ᠧᠮᠵᠢ ᠶᠢ ᠴᠣᠭᠴᠠᠯᠠᠨ᠎ᠠ᠃      ᠲᠡᠤᠬᠡ ᠰᠣᠶᠣᠯ ᠢᠶᠠᠷ ᠲᠦᠰᠢᠭ ᠪᠣᠯᠭᠠᠵᠤ᠂ ᠥᠪᠥᠷ ᠮᠣᠩᠭᠤᠯ ᠤᠨ ᠮᠦᠽᠧᠶ — ᠵᠠᠩᠵᠤᠨ ᠤ ᠶᠠᠮᠤᠨ — ᠭᠦᠩᠵᠦ ᠶᠢᠨ ᠣᠷᠳᠣᠨ — ᠶᠡᠭᠡ ᠵᠣᠤ ᠶᠢᠨ ᠲᠡᠤᠬᠡ ᠰᠣᠶᠣᠯ ᠵᠢᠭᠤᠯᠴᠢᠯᠠᠯ ᠤᠨ ᠣᠷᠣᠨ ︵ᠰᠣᠶᠣᠯ ᠤᠨ ᠤᠶᠢᠯᠠᠭᠠᠯᠲᠠ᠂ ᠢᠳᠡᠭᠡᠨ ᠤᠮᠳᠠᠭᠠᠨ︶ — ᠱᠧᠩ ᠯᠧ ᠤᠶᠤᠨᠲᠤ ᠬᠤᠳᠠᠯᠳᠤᠭᠠᠨ ᠤ ᠶᠠᠪᠤᠳᠠᠯ ᠤᠨ ᠡᠷᠳᠡᠮ ᠰᠢᠨᠵᠢᠯᠡᠭᠡᠨ ᠤ ᠵᠢᠵᠢᠭ ᠪᠠᠯᠭᠠᠰᠤ ︵ᠣᠨᠴᠠᠯᠢᠭᠲᠤ ᠠᠵᠤ ᠦᠢᠯᠡᠰ ᠤᠨ ᠵᠢᠭᠤᠯᠴᠢᠯᠠᠯ︶ — ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠣᠷᠣᠨ ︵ᠠᠮᠢ ᠠᠬᠤᠢ ᠶᠢᠨ ᠵᠢᠭᠤᠯᠴᠢᠯᠠᠯ᠂ ᠰᠣᠶᠣᠯ ᠤᠨ ᠤᠶᠢᠯᠠᠭᠠᠯᠲᠠ ︶ ᠤᠨ ᠨᠢᠭᠡ ᠡᠳᠦᠷ ᠤᠨ ᠰᠤᠳᠤᠨ ᠵᠢᠭᠤᠯᠴᠢᠯᠠᠯ ᠳᠤ ᠡᠭᠦᠳᠴᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠵᠢᠭᠤᠯᠴᠢᠯᠠᠯ ᠤᠨ ᠬᠤᠩᠭᠢᠯ — ᠲᠠᠢ ᠸᠧᠢ ᠲᠠᠮᠢᠷ ᠤᠨ ᠰᠡᠯᠡᠭᠦᠴᠡᠯ ᠠᠮᠠᠷᠠᠯᠲᠠ ᠶᠢᠨ ᠲᠣᠰᠬᠤᠨ — ᠱᠦᠢ ᠮᠦᠸᠧ ᠵᠠᠩ ᠦᠢᠯᠡ ᠶᠢᠨ ᠲᠣᠰᠬᠤᠨ — ᠬᠠᠳᠠᠭ ᠤᠨ ᠦᠨᠳᠦᠷᠯᠢᠭ ᠤᠯᠤᠰ ᠤᠨ ᠤᠢ ᠰᠢᠭᠤᠢ ᠶᠢᠨ ᠴᠡᠴᠡᠷᠯᠢᠭ ︵ᠠᠭᠤᠯᠠᠷᠬᠠᠭ ᠣᠷᠣᠨ ᠤ ᠤᠢ ᠰᠢᠭᠤᠢ ᠶᠢ ᠲᠣᠭᠤᠷᠢᠨ ᠦᠵᠡᠬᠦ︶ — ᠳ᠋ᠧ ᠱᠧᠩ ᠭᠧᠤ ᠴᠡᠷᠢᠭ ᠤᠨ ᠵᠠᠬᠢᠷᠭᠠᠨ ᠤ ᠪᠠᠭᠤᠷᠢ ᠶᠢᠨ ᠵᠢᠭᠤᠯᠴᠢᠯᠠᠯ ᠤᠨ ᠲᠣᠭᠤᠷᠢᠭ ︵ᠬᠤᠪᠢᠰᠬᠠᠯ ᠤᠨ ᠪᠠᠭᠤᠷᠢ ᠪᠠᠷ ᠲᠣᠭᠤᠷᠢᠨ ᠦᠵᠡᠬᠦ︶ — ᠮᠤᠭᠦ ᠶᠤᠤ ᠶᠢᠨ ᠬᠤᠪᠢᠰᠬᠠᠯᠲᠤ ᠵᠠᠩ ᠦᠢᠯᠡ ᠶᠢᠨ ᠵᠢᠭᠤᠯᠴᠢᠯᠠᠯ ᠤᠨ ᠵᠢᠵᠢᠭ ᠪᠠᠯᠭᠠᠰᠤ ︵ᠬᠤᠪᠢᠰᠬᠠᠯ ᠤᠨ ᠵᠠᠩ ᠦᠢᠯᠡ ᠶᠢᠨ ᠥᠩᠭᠡᠷᠡᠭᠡᠯᠲᠡ᠂ ᠢᠳᠡᠭᠡᠨ ᠤᠮᠳᠠᠭᠠᠨ︶ — ᠯᠢ ᠴᠢ ᠭᠧᠤ ᠠᠭᠤᠯᠠᠷᠬᠠᠭ ᠣᠷᠣᠨ ᠤ ᠴᠡᠷᠢᠭ ᠤᠨ ᠬᠤᠸᠠᠷᠠᠨ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠣᠷᠣᠨ ︵ᠬᠤᠪᠢᠰᠬᠠᠯ ᠤᠨ ᠬᠦᠳᠡᠯᠭᠡᠭᠡᠨ ᠤ ᠦᠷᠭᠡᠳᠭᠡᠬᠦ ᠪᠤᠯᠪᠠᠰᠤᠷᠠᠯ᠂ ᠬᠤᠨᠣᠭᠯᠠᠬᠤ︶᠂ ᠱᠧᠩ ᠯᠧ ᠤᠯᠠᠨ ᠤᠯᠤᠰ ᠤᠨ ᠨᠢᠰᠬᠡᠯ ᠤᠨ ᠪᠠᠭᠤᠳᠠᠯ ︵ᠬᠦᠬᠡᠬᠤᠲᠠ ᠶᠢᠨ ᠣᠨᠴᠠᠯᠢᠭ ᠲᠠᠢ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ᠂ ᠪᠠᠷᠠᠭ᠎ᠠ ᠬᠤᠳᠠᠯᠳᠤᠨ ᠠᠪᠬᠤ︶— ᠱᠧᠩ ᠯᠧ ᠪᠠᠯᠭᠠᠰᠤ ︵ᠱᠧᠩ ᠯᠧ ᠮᠦᠽᠧᠶ᠂  ᠮᠧᠩ ᠨᠢᠤ᠂ ᠮᠧᠩ ᠼᠤᠤ᠂ ᠮᠧᠩ ᠱᠣ᠋᠂ ᠲᠠᠯ᠎ᠠ ᠨᠤᠲᠤᠭ ᠤᠨ ᠳ᠋ᠧᠦ ᠰᠧ᠂ ᠤᠤ ᠸᠧᠶ  ᠮᠤᠷᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ᠂ ᠢᠳᠡᠭᠡᠨ ᠤᠮᠳᠠᠭᠠᠨ᠂  ᠬᠤᠨᠤᠭᠯᠠᠬᠤ︶ — ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠣᠷᠣᠨ ︵ᠠᠮᠢ ᠠᠬᠤᠢ ᠶᠢᠨ ᠵᠢᠭᠤᠯᠴᠢᠯᠠᠯ᠂ ᠰᠣᠶᠣᠯ ᠤᠨ ᠤᠶᠢᠯᠠᠭᠠᠯᠲᠠ︶᠂ ᠳ᠋ᠦᠩᠱᠧᠩ ᠸᠧᠶ ᠴᠧᠩ ᠡᠷᠲᠡᠨ ᠤ ᠬᠤᠲᠠ ᠶᠢᠨ ᠪᠠᠭᠤᠷᠢ ᠶᠢᠨ ᠴᠡᠴᠡᠷᠯᠢᠭ ︵ᠪᠠᠭᠤᠷᠢ ᠪᠠᠷ ᠲᠣᠭᠤᠷᠢᠨ ᠦᠵᠡᠬᠦ᠂ ᠲᠤᠭᠯᠠᠯᠲᠠ ᠶᠢᠨ ᠤᠷᠠᠯᠢᠭ ᠢ ᠰᠤᠨᠢᠷᠬᠠᠬᠤ︶ — ᠬᠠᠳᠤᠨ ᠭᠤᠤᠯ ᠤᠨ ᠵᠠᠩ ᠠᠭᠠᠯᠢ ᠵᠢᠵᠢᠭ ᠪᠠᠯᠭᠠᠰᠤ ︵ᠰᠡᠯᠡᠭᠦᠴᠡᠯ᠂ ᠬᠤᠭᠤᠯᠠ ᠤᠮᠳᠠ︶ — ᠵᠢᠮᠢᠰ ᠤᠨ ᠬᠦᠷᠢᠶᠡᠯᠡᠩ ᠤᠨ ᠪᠠᠭᠤᠴᠠ ︵ᠠᠮᠠᠷᠠᠬᠤ︶ — ᠯᠣᠣ ᠨᠢᠤ ᠸᠠᠨ ᠬᠠᠳᠤᠨ ᠭᠤᠤᠯ ᠤᠨ ᠶᠡᠭᠡ ᠬᠠᠪᠴᠢᠯ ︵ᠲᠣᠭᠤᠷᠢᠨ ᠦᠵᠡᠬᠦ᠂ ᠪᠡᠶ᠎ᠡ ᠶᠢᠨ ᠲᠠᠮᠢᠷ᠂ ᠰᠡᠯᠡᠭᠦᠴᠡᠯ᠂ ᠬᠤᠭᠤᠯᠠ ᠤᠮᠳᠠ᠂ ᠬᠤᠨᠤᠭᠯᠠᠬᠤ︶ ᠵᠡᠷᠭᠡ ᠬᠦᠬᠡᠬᠤᠲᠠ ᠶᠢᠨ ᠬᠤᠶᠠᠷ ᠡᠳᠦᠷ ‍ᠤᠨ‌ᠵᠢᠭᠤᠯᠴᠢᠯᠠᠯ ᠢ ᠴᠤᠭᠴᠠᠯᠠᠨ ᠪᠠᠶᠢᠭᠤᠯᠤᠨ᠎ᠠ᠃     ᠬᠤᠲᠠ ᠶᠢᠨ ᠰᠡᠯᠡᠭᠦᠴᠡᠯ ᠢᠶᠠᠷ ᠵᠣᠷᠢᠯᠭ᠎ᠠ ᠪᠣᠯᠭᠠᠵᠤ᠂ ︽ᠮᠣᠩᠭᠤᠯ ᠡᠮᠨᠡᠯᠭᠡ ᠪᠠᠷ ᠪᠡᠶ᠎ᠡ ᠰᠤᠪᠢᠯᠠᠬᠤ︾ ᠣᠯᠠᠨ ᠤᠯᠤᠰ ᠤᠨ ᠠᠮᠠᠷᠠᠯᠲᠠ ᠶᠢᠨ ᠵᠠᠮ  ᠄ ︵ᠴᠡᠯᠡᠭᠡᠷ ᠲᠠᠯ᠎ᠠ ᠬᠠᠯᠠᠭᠤᠨ ᠷᠠᠰᠢᠶᠠᠨ ᠤ ᠵᠢᠭᠤᠯᠴᠢᠯᠠᠯ ᠤᠨ ᠣᠷᠣᠨ — ᠬᠤᠨᠳᠣ ᠪᠠᠬᠢᠯᠡᠯᠲᠡ ᠬᠠᠯᠠᠭᠤᠨ ᠷᠠᠰᠢᠶᠠᠨ ᠤ ᠪᠠᠭᠤᠳᠠᠯ — ᠮᠣᠩᠭᠤᠯ ᠡᠮ ᠡᠮᠨᠡᠯᠭᠡ ᠶᠢᠨ ᠪᠡᠶ᠎ᠡ ᠰᠤᠪᠢᠯᠠᠬᠤ ᠰᠠᠭᠤᠷᠢᠨ ᠭᠠᠵᠠᠷ — ᠴᠠᠵᠢ ᠲᠠᠶᠢᠵᠢ ᠶᠢᠨ ᠣᠷᠭᠠᠨᠢᠭ ᠲᠠᠷᠢᠶᠠᠯᠠᠩ & ᠬᠠᠯᠠᠭᠤᠨ ᠷᠠᠰᠢᠶᠠᠨ ᠳᠤ ᠰᠤᠪᠢᠯᠠᠬᠤ ᠠᠮᠠᠷᠠᠯᠲᠠ ᠶᠢᠨ ᠣᠷᠣᠨ︶᠂ ︽ ᠬᠦᠬᠡᠬᠤᠲᠠ ᠶᠢᠨ ᠠᠮᠲᠠ︾ ᠬᠤᠲᠠ ᠶᠢᠨ ᠰᠡᠯᠡᠭᠦᠴᠡᠯ ᠤᠨ ᠵᠠᠮ᠄ ᠥᠪᠥᠷ ᠮᠣᠩᠭᠤᠯ ᠤᠨ ᠮᠦᠽᠧᠶ — ᠵᠠᠩᠵᠤᠨ ᠤ ᠶᠠᠮᠤᠨ ᠤ ᠮᠦᠽᠧᠶ — ᠭᠦᠩᠵᠦ ᠶᠢᠨ ᠣᠷᠳᠣᠨ ᠤ ᠮᠦᠽᠧᠶ — ᠶᠡᠭᠡ ᠵᠣᠣ ᠲᠡᠤᠬᠡ ᠰᠣᠶᠣᠯ ᠵᠢᠭᠤᠯᠴᠢᠯᠠᠯ ᠤᠨ ᠣᠷᠣᠨ᠂ ︽ᠭᠤᠶᠤ ᠰᠠᠶᠢᠬᠠᠨ ᠬᠦᠬᠡᠬᠤᠲᠠ︾ ᠠᠮᠢ ᠠᠬᠤᠢ ᠶᠢᠨ ᠰᠡᠯᠡᠭᠦᠴᠡᠯ ᠤᠨ ᠱᠤᠭᠤᠮ᠄ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ — ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠵᠢᠭᠤᠯᠴᠢᠯᠠᠯ ᠤᠨ ᠬᠤᠩᠭᠢᠯ — ᠬᠠᠲᠤᠨ ᠭᠤᠣᠯ ᠳᠠᠭᠠᠤ ᠶᠢᠨ ᠵᠢᠭᠤᠯᠴᠢᠯᠠᠯ ᠤᠨ ᠦᠵᠡᠮᠵᠢ ᠶᠢᠨ ᠵᠠᠮ ︵ᠬᠠᠳᠤᠨ ᠭᠤᠣᠯ ᠤᠨ ᠨᠤᠶᠢᠲᠠᠨ ᠭᠠᠵᠠᠷ ᠤᠨ ᠴᠡᠴᠡᠷᠯᠢᠭ — ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠲᠣᠭᠤᠷᠢᠭ — ᠯᠣᠣ ᠨᠢᠤ ᠸᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ︶ ᠂ ︽ᠬᠦᠬᠡᠬᠤᠲᠠ ᠳᠤ ᠬᠤᠪᠢ ᠶᠢᠨ ᠮᠠᠰᠢᠨ ᠢᠶᠠᠷ ᠲᠤᠭᠤᠷᠢᠨ ᠵᠤᠭᠠᠴᠠᠬᠤ︾ ᠵᠢᠭᠤᠯᠴᠢᠯᠠᠯ ᠤᠨ ᠱᠤᠭᠤᠮ᠄ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠦᠵᠡᠮᠵᠢ ᠶᠢᠨ ᠵᠠᠮ᠂ ᠬᠠᠲᠤᠨ ᠭᠤᠣᠯ ᠳᠠᠭᠠᠤ ᠶᠢᠨ ᠵᠢᠭᠤᠯᠴᠢᠯᠠᠯ ᠤᠨ ᠦᠵᠡᠮᠵᠢ ᠶᠢᠨ ᠵᠠᠮ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠠᠯ ᠤᠨ ᠦᠵᠡᠮᠵᠢ ᠶᠢᠨ ᠵᠠᠮ᠂ ︽ ᠬᠦᠬᠡᠬᠤᠲᠠ ᠶᠢᠨ ᠠᠮᠲᠠᠲᠤ ᠢᠳᠡᠭᠡᠨ︾ ᠤ ᠣᠨᠴᠠᠯᠢᠭᠲᠤ ᠲᠣᠰᠬᠤᠨ ᠪᠠᠯᠭᠠᠰᠤ ᠶᠢᠨ ᠵᠢᠭᠤᠯᠴᠢᠯᠠᠯ ᠤᠨ ᠱᠤᠭᠤᠮ᠄  ᠬᠠᠷᠬᠤᠰᠤ ᠵᠢᠵᠢᠭ ᠪᠠᠯᠭᠠᠰᠤ — ᠬᠠᠲᠤᠨ ᠭᠤᠣᠯ ᠤᠨ ᠵᠢᠭᠤᠯᠴᠢᠯᠠᠯ ᠤᠨ ᠵᠢᠵᠢᠭ ᠪᠠᠯᠭᠠᠰᠤ — ᠱᠧᠩ ᠯᠧ ᠪᠠᠯᠭᠠᠰᠤ᠂ ︽ᠬᠤᠳᠠᠯᠳᠤᠭᠠᠨ ᠤ ᠤᠬᠠᠭᠠᠨ ᠤ ᠬᠥᠬᠡᠬᠤᠲᠠ︾ ᠬᠤᠳᠠᠯᠳᠤᠭᠠᠨ ᠤ ᠶᠠᠪᠤᠳᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠱᠤᠭᠤᠮ᠄ ᠢᠯᠢ ᠰᠦ ᠶᠢᠨ ᠦᠢᠯᠡᠰ ᠤᠨ ᠬᠦᠷᠢᠶᠡᠯᠡᠩ ᠤᠨ ᠠᠵᠤ  ᠦᠢᠯᠡᠳᠪᠦᠷᠢ ᠶᠢᠨ ᠵᠢᠭᠤᠯᠴᠢᠯᠠᠯ ᠤᠨ ᠣᠷᠣᠨ — ᠱᠧᠩ ᠯᠧ ᠮᠦᠽᠧᠢ — ᠮᠧᠩ ᠨᠢᠤ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ — ᠮᠧᠩ ᠶᠠᠩ ᠮᠠᠯ ᠠᠵᠤ ᠠᠬᠤᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ — ᠮᠧᠩ ᠼᠤᠤ — ᠤᠤ ᠸᠧᠢ ᠮᠤᠷᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ︽ ᠬᠦᠳᠡᠯᠬᠦ ᠶᠢᠨ ᠮᠡᠳᠡᠷᠡᠮᠵᠢ ᠲᠠᠢ ᠬᠦᠬᠡᠬᠤᠲᠠ︾ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠱᠤᠭᠤᠮ᠄ ᠲᠠᠢ ᠸᠧᠢ ᠴᠠᠰᠤᠨ ᠳᠤ ᠭᠤᠯᠭᠤᠬᠤ ᠲᠠᠯᠠᠪᠠᠢ —  ᠪᠧᠢ ᠵᠢᠢ ᠭᠤᠸᠠᠩ ᠴᠠᠰᠤᠨ ᠳᠤ ᠭᠤᠯᠭᠤᠬᠤ ᠲᠠᠯᠠᠪᠠᠢ — ᠯᠣᠣ ᠨᠢᠤ ᠸᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠥᠳᠡᠯᠭᠡᠭᠡᠨ ᠤ ᠲᠥᠪ ᠢ ᠴᠤᠭᠴᠠᠯᠠᠨ ᠪᠠᠶᠢᠭᠤᠯᠤᠨ᠎ᠠ᠃      ᠣᠷᠣᠨ ᠪᠦᠰᠡ ᠬᠤᠯᠪᠣᠭᠠᠯᠠᠨ ᠬᠥᠳᠡᠯᠦᠯᠴᠡᠬᠦ ᠪᠠᠷ ᠰᠠᠭᠤᠷᠢ ᠪᠣᠯᠭᠠᠵᠤ᠂ ᠬᠥᠬᠡᠬᠤᠲᠠ ︵ᠥᠪᠥᠷ ᠮᠣᠩᠭᠤᠯ ᠤᠨ ᠮᠦᠽᠧᠶ — ᠶᠡᠭᠡ ᠵᠣᠤ ᠶᠢᠨ ᠲᠡᠤᠬᠡ ᠰᠣᠶᠣᠯ ᠵᠢᠭᠤᠯᠴᠢᠯᠠᠯ ᠤᠨ ᠣᠷᠣᠨ — ᠬᠠᠳᠠᠭ ᠤᠨ ᠦᠨᠳᠦᠷᠯᠢᠭ ᠤᠯᠤᠰ ᠤᠨ ᠣᠢ ᠰᠢᠭᠤᠶ ᠶᠢᠨ ᠴᠡᠴᠡᠷᠯᠢᠭ︶ — ᠪᠤᠭᠤᠲᠤ ︵ᠰᠢᠷᠠᠮᠥ᠋ᠷᠡᠨ ᠲᠠᠯ᠎ᠠ ᠨᠤᠲᠤᠭ︶ — ᠣᠷᠳᠣᠰ ︵ᠴᠢᠩᠭᠢᠰ ᠤᠨ ᠣᠩᠭᠤᠨ᠂  ᠪᠦᠷᠢᠶ᠎ᠡ ᠮᠠᠩᠬ᠎ᠠ︶ — ᠬᠥᠬᠡᠬᠤᠲᠠ ︵ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ — ᠱᠧᠩ ᠯᠧ ᠣᠯᠠᠨ ᠤᠯᠤᠰ ᠤᠨ ᠠᠭᠠᠷ ᠤᠨ ᠭᠠᠷᠠᠮ ᠤᠨ ᠵᠢᠭᠤᠯᠴᠢᠯᠠᠯ ᠤᠨ ᠬᠤᠲᠠ — ᠳ᠋ᠦᠩᠱᠧᠩ ᠸᠧᠶ ᠴᠧᠩ ᠬᠤᠲᠠ ᠶᠢᠨ ᠡᠷᠲᠡᠨ ᠤ ᠬᠤᠲᠠ ᠶᠢᠨ ᠪᠠᠭᠤᠷᠢ ᠶᠢᠨ ᠴᠡᠴᠡᠷᠯᠢᠭ — ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠣᠷᠣᠨ — ᠯᠣᠣ ᠨᠢᠤ ᠸᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ︶ — ᠪᠤᠭᠤᠲᠤ ︵ᠰᠢᠷᠠᠮᠥ᠋ᠷᠡᠨ ᠲᠠᠯ᠎ᠠ ᠨᠤᠲᠤᠭ︶ — ᠣᠷᠳᠣᠰ ︵ᠴᠢᠩᠭᠢᠰ ᠤᠨ ᠣᠩᠭᠤᠨ᠂ ᠪᠦᠷᠢᠶ᠎ᠡ ᠮᠠᠩᠬ᠎ᠠ︶ ᠵᠡᠷᠭᠡ ᠰᠣᠳᠣᠨ ᠵᠠᠮ ᠱᠤᠭᠤᠮ ᠢ ᠴᠤᠭᠴᠠᠯᠠᠨ ᠪᠠᠶᠢᠭᠤᠯᠤᠨ᠎ᠠ᠃      ︵ᠳᠥᠷᠪᠡ︶ ᠰᠣᠶᠣᠯ ᠤᠨ ᠥᠪ ᠤᠨ ᠵᠢᠭᠤᠯᠴᠢᠯᠠᠯ ᠤᠨ ᠨᠡᠭᠡᠭᠡᠨ  ᠬᠦᠭᠵᠢᠭᠦᠯᠬᠦ ᠶᠢ  ᠳᠠᠮᠵᠢᠨ᠎ᠠ᠃ ᠰᠣᠶᠣᠯ ᠤᠨ ᠥᠪ᠂ ᠪᠣᠳᠠᠰ ᠤᠨ ᠪᠤᠰᠤ ᠰᠣᠶᠣᠯ ‍ᠤᠨ‌ᠦᠪ ᠢ ᠤᠯᠠᠮᠵᠢᠯᠠᠨ ᠬᠠᠮᠠᠭᠠᠯᠠᠬᠤ ᠶᠢᠨ ᠲᠣᠭᠤᠷᠢᠨ ᠳᠤ᠂ ᠥᠷᠭᠡᠨ ᠣᠯᠠᠨ ᠵᠢᠭᠤᠯᠴᠢᠯᠠᠭᠰᠠᠳ ᠲᠤ ᠬᠠᠨᠳᠤᠭᠤᠯᠤᠭᠰᠠᠨ ᠨᠠᠩ ᠣᠯᠠᠨ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠡᠭᠦᠳᠦᠨ᠎ᠡ᠃ ︽ᠬᠠᠮᠠᠭᠠᠯᠠᠬᠤ ᠪᠠᠷ ᠭᠤᠤᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠬᠠᠮᠢᠶᠠᠷᠤᠯᠲᠠ ᠶᠢ ᠴᠢᠩᠭᠠᠳᠬᠠᠬᠤ︾ ᠴᠢᠭᠯᠡᠯᠲᠡ ᠶᠣᠰᠣᠭᠠᠷ᠂ ᠰᠣᠶᠣᠯ ᠤᠨ ᠥᠪ ᠤᠨ ᠤᠭ ᠠᠮᠢ ᠠᠬᠤᠶ ᠪᠠ ᠵᠢᠩᠬᠢᠨᠢ ᠴᠢᠨᠠᠷ ᠢ ᠦᠯᠡᠳᠡᠭᠡᠭᠰᠡᠨ ᠰᠠᠭᠤᠷᠢᠨ ᠳᠡᠭᠡᠷ᠎ᠡ᠂ ᠬᠠᠤᠯᠢ ᠲᠣᠭᠲᠠᠭᠠᠯ ᠶᠣᠰᠣᠭᠠᠷ ᠠᠰᠢᠭᠯᠠᠵᠤ ᠪᠣᠯᠬᠤ ᠰᠣᠶᠣᠯ ᠤᠨ ᠪᠠᠭᠤᠷᠢ ᠳᠤ ᠵᠦᠶ ᠵᠣᠬᠢᠰᠲᠠᠶ ᠵᠢᠭᠤᠯᠴᠢᠯᠠᠯ ᠤᠨ ᠨᠡᠭᠡᠭᠡᠯᠲᠡ ᠬᠢᠨ᠎ᠡ᠃ ᠣᠷᠳᠣ ᠴᠠᠭᠠᠨ ᠬᠡᠷᠡᠮ᠂ ᠵᠠᠭᠠᠭ ᠰᠤᠪᠠᠭ᠂ ᠰᠦᠮ᠎ᠡ ᠬᠡᠶᠢᠳ ᠵᠡᠷᠭᠡ ᠲᠡᠤᠬᠡ ᠶᠢᠨ ᠪᠠᠭᠤᠷᠢ ᠶᠢᠨ ᠬᠠᠮᠠᠭᠠᠯᠠᠯᠲᠠ ᠶᠢᠨ ᠴᠢᠨᠠᠷᠲᠠᠶ ᠵᠠᠰᠠᠨ ᠰᠡᠯᠪᠢᠯᠲᠡ ᠶᠢ ᠴᠢᠩᠭᠠᠳᠬᠠᠵᠤ᠂ ᠲᠡᠤᠬᠡ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠬᠥᠮᠥᠨ ᠰᠣᠶᠣᠯ ᠤᠨ ᠦᠯᠢᠭᠡᠷ ᠢ ᠡᠮᠬᠢᠯᠡᠵᠦ᠂ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠠᠷᠠᠳ ᠤᠨ ᠳᠠᠭᠤᠤ  ᠂ ᠠᠷᠠᠳ ᠤᠨ ᠳᠠᠭᠤᠤ ᠬᠥᠭᠵᠢᠮ᠂ ᠦᠨᠳᠦᠰᠦᠲᠡᠨ ᠤ ᠬᠢᠫ ᠫᠤᠫ᠂ ᠤᠯᠠᠮᠵᠢᠯᠠᠯᠲᠤ ᠳᠠᠭᠤᠤ ᠬᠥᠭᠵᠢᠮ ᠪᠥᠵᠢᠭ᠂ ᠠᠷᠠᠳ ᠤᠨ ᠵᠠᠩ ᠦᠢᠯᠡ  ᠵᠠᠩ ᠠᠭᠠᠯᠢ᠂ ᠦᠨᠳᠦᠰᠦᠲᠡᠨ ᠤ ᠦᠢᠯᠡᠳᠬᠦ ᠤᠷ᠎ᠠ ᠮᠡᠷᠭᠡᠰᠢᠯ᠂ ᠠᠷᠠᠳ ᠤᠨ ᠳᠤᠮᠳᠠᠬᠢ ᠬᠤᠷᠢᠮ ᠤᠨ ᠶᠤᠰᠤᠯᠠᠯ ᠪᠠ ᠲᠠᠬᠢᠯᠭ᠎ᠠ᠂ ᠭᠠᠷ ᠤᠷᠠᠯᠠᠯ ᠤᠨ ᠪᠦᠲᠦᠭᠡᠭᠳᠡᠬᠦᠨ᠂ ᠬᠤᠪᠴᠠᠰᠤ ᠵᠠᠰᠠᠯ ᠡᠳ᠋ᠯᠡᠯ ᠬᠡᠷᠡᠭᠰᠡᠯ᠂ ᠦᠨᠳᠦᠰᠦᠲᠡᠨ ᠤ ᠢᠳᠡᠭᠡᠨ ᠤᠮᠳᠠᠭᠠᠨ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠡᠯᠧᠮᠧᠨ᠋ᠲ ᠢ ᠵᠢᠭᠤᠯᠴᠢᠯᠠᠯ ᠤᠨ ᠦᠢᠯᠡᠳᠬᠦᠨ ᠳᠤ ᠠᠭᠤᠰᠬᠠᠨ ᠣᠷᠣᠭᠤᠯᠬᠤ ᠶᠢ ᠬᠠᠶᠢᠨ ᠰᠦᠪᠡᠭᠴᠢᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠦᠵᠡᠭᠦᠯᠦᠯᠭᠡ ᠨᠡᠭᠡᠭᠡᠯᠲᠡ ᠪᠠ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ᠃ ᠬᠠᠭᠤᠴᠢᠨ ᠨᠠᠷᠠᠲᠤ ᠠᠵᠤ ᠠᠬᠤᠶᠢᠯᠠᠯ ᠤᠨ ᠥᠪᠡᠷᠮᠢᠴᠡ ᠲᠡᠤᠬᠡ᠂ ᠭᠠᠷ ᠤᠷᠠᠯᠠᠯ ᠤᠨ ᠰᠣᠶᠣᠯ ᠤᠨ ᠥᠷᠲᠡᠭ ᠲᠤ ᠲᠦᠰᠢᠭᠯᠡᠨ᠂ ᠬᠠᠭᠤᠴᠢᠨ ᠨᠠᠷᠠᠲᠤ ᠰᠣᠶᠣᠯ ᠤᠨ ᠣᠨᠴᠠᠯᠢᠭ ᠲᠠᠢ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠡᠤᠬᠡ ᠰᠣᠶᠣᠯ ᠤᠨ ᠦᠯᠳᠡᠭᠳᠡᠯ ᠨᠡᠯᠢᠶᠡᠳ ᠠᠷᠪᠢᠨ᠂ ᠰᠣᠶᠣᠯ ᠤᠨ ᠠᠭᠤᠯᠤᠮᠵᠢ ᠭᠦᠨ ᠵᠤᠵᠠᠭᠠᠨ ᠡᠷᠲᠡᠨ ᠤ ᠬᠤᠲᠠ᠂ ᠡᠷᠲᠡᠨ ᠤ ᠪᠠᠯᠭᠠᠰᠤ᠂ ᠡᠷᠲᠡᠨ ᠤ ᠲᠣᠰᠬᠤᠨ᠂ ᠡᠷᠲᠡᠨ ᠤ ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠤᠤᠯ ᠤᠨ ᠳᠦᠷᠰᠦ ᠪᠠᠶᠢᠳᠠᠯ ᠢ ᠰᠡᠷᠭᠦᠭᠡᠬᠦ ᠶᠢ ᠴᠢᠩᠭᠠᠳᠬᠠᠵᠤ᠂ ᠲᠡᠤᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ᠂ ᠨᠠᠷᠠᠲᠤ ᠵᠡᠭᠡᠯᠢ ᠭᠤᠳᠤᠮᠵᠢ ᠶᠢ ᠪᠦᠲᠦᠭᠡᠨ ᠪᠠᠶᠢᠭᠤᠯᠤᠨ᠎ᠠ᠃      ︵ᠲᠠᠪᠤ︶ ᠤᠯᠠᠨ ᠨᠡᠶᠢᠲᠡ ᠶᠢᠨ ᠰᠣᠶᠣᠯ ᠤᠨ  ᠲᠦᠭᠦᠭᠡᠷᠤᠮᠵᠢ ᠶᠢ ᠵᠢᠭᠤᠯᠴᠢᠯᠠᠯ ᠳᠤ ᠨᠡᠭᠡᠭᠡᠯᠲᠡ ᠬᠢᠬᠦ ᠶᠢ ᠲᠦᠯᠬᠢᠨ ᠠᠬᠢᠭᠤᠯᠤᠨ᠎ᠠ᠃ ᠣᠳᠣ ᠪᠠᠶᠢᠭ᠎ᠠ ᠮᠦᠽᠧᠶ ︵ᠬᠦᠷᠢᠶᠡᠯᠡᠩ︶᠂ ᠳᠤᠷᠠᠰᠬᠠᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠨᠣᠮ ᠤᠨ ᠰᠠᠩ᠂ ᠪᠡᠶ᠎ᠡ ᠶᠢᠨ ᠲᠠᠮᠢᠷ ᠤᠨ ᠣᠷᠳᠣᠨ ︵ᠲᠠᠯᠠᠪᠠᠢ︶᠂ ᠰᠣᠶᠣᠯ ᠤᠨ ᠲᠠᠯᠠᠪᠠᠢ ᠵᠡᠷᠭᠡ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠵᠢᠭᠤᠯᠴᠢᠯᠠᠯ ᠳᠤ ᠨᠡᠭᠡᠭᠡᠯᠲᠡ ᠬᠢᠬᠦ ᠶᠢ ᠳᠠᠮᠵᠢᠵᠤ᠂ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠬᠦᠨ ᠤ ᠪᠣᠷᠣᠯᠠᠭᠤᠯᠭ᠎ᠠ ᠶᠢᠨ ᠦᠵᠡᠭᠦᠯᠦᠯᠭᠡ᠂ ᠵᠢᠭᠤᠯᠴᠢᠯᠠᠯ ᠤᠨ ᠦᠵᠡᠮᠵᠢᠲᠦ ᠣᠷᠣᠨ ᠪᠠ ᠵᠢᠭᠤᠯᠴᠢᠯᠠᠯ ᠤᠨ ᠵᠠᠮ ᠱᠤᠭᠤᠮ ᠤᠨ ᠲᠠᠨᠢᠯᠴᠠᠭᠤᠯᠭ᠎ᠠ᠂ ᠵᠦᠴᠦᠭᠡ ᠶᠢᠨ ᠪᠦᠲᠦᠭᠡᠯ ᠤᠨ ᠦᠵᠡᠭᠦᠯᠦᠯᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠬᠢᠭᠡᠳ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠰᠣᠶᠣᠯ ᠤᠨ ᠳᠠᠮᠵᠢᠭᠤᠯᠭ᠎ᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠡ ᠶᠢ ᠵᠦᠢ ᠵᠣᠬᠢᠰᠲᠠᠶ ᠠᠰᠢᠭᠯᠠᠬᠤ ᠠᠯᠬᠤᠴᠠ ᠪᠠᠨ ᠲᠦᠷᠭᠡᠳᠬᠡᠵᠦ᠂ ᠰᠣᠶᠣᠯ ᠵᠢᠭᠤᠯᠴᠢᠯᠠᠯ᠂ ᠰᠣᠶᠣᠯ ᠤᠨ ᠤᠶᠢᠯᠠᠭᠠᠯᠲᠠ᠂ ᠰᠣᠶᠣᠯ ᠤᠨ ᠰᠡᠯᠡᠭᠦᠴᠡᠯ ᠵᠡᠷᠭᠡ ᠤᠯᠠᠨ ᠵᠦᠢᠯ ᠤᠨ ᠬᠡᠯᠪᠡᠷᠢ ᠶᠢᠨ ᠵᠢᠭᠤᠯᠴᠢᠯᠠᠯ ᠤᠨ ᠠᠵᠢᠯᠯᠠᠭ᠎ᠠ ᠶᠢ ᠢᠳᠡᠪᠬᠢᠲᠡᠶ ᠬᠥᠭᠵᠢᠭᠦᠯᠵᠦ᠂ ᠵᠤᠤ ᠵᠢᠶᠦ᠋ᠨ ᠤ ᠡᠪᠰᠡᠯ ᠤᠷᠤᠭ ᠤᠨ ᠰᠣᠶᠣᠯ᠂ ᠡᠷᠲᠡᠨ ᠤ ᠤᠷᠳᠤ ᠴᠠᠭᠠᠨ ᠬᠡᠷᠡᠮ ᠤᠨ ᠰᠣᠶᠣᠯ᠂ ᠮᠣᠩᠭᠤᠯ ᠶᠤᠸᠠᠨ ᠤ ᠰᠣᠶᠣᠯ᠂ ᠰᠢᠶᠠᠨᠪᠸᠢ ᠶᠢᠨ ᠤᠮᠠᠷᠠᠲᠤ ᠸᠧᠶ ᠤᠯᠤᠰ ᠤᠨ ᠰᠣᠶᠣᠯ᠂ ᠬᠢᠳᠠᠨ ᠯᠢᠶᠣᠤ ᠤᠯᠤᠰ ᠤᠨ ᠰᠣᠶᠣᠯ᠂ ᠮᠢᠩ ᠴᠢᠩ ︵ᠱᠦᠷᠬᠡᠢ ᠬᠠᠭᠠᠯᠭ᠎ᠠ ᠶᠢᠨ ᠨᠡᠭᠦᠳᠡᠯᠡᠯ᠂ ᠯᠤᠤᠭᠠᠷᠴᠢᠨ᠂ ᠯᠠᠮᠠ ᠶᠢᠨ ᠱᠠᠰᠢᠨ᠂  ᠲᠦᠮᠡᠨ ᠭᠠᠵᠠᠷ ᠤᠨ ᠴᠠᠢ ᠶᠢᠨ ᠵᠠᠮ︶ ᠤᠨ ᠰᠣᠶᠣᠯ ᠵᠡᠷᠭᠡ ᠲᠡᠤᠬᠡ ᠶᠢᠨ ᠮᠦᠽᠧᠶ ︵ᠬᠦᠷᠢᠶᠡᠯᠡᠩ︶ ᠵᠢᠴᠢ ᠲᠠᠷᠢᠶᠠᠯᠠᠬᠤ ᠰᠣᠶᠣᠯ ᠤᠨ ᠮᠦᠽᠧᠶ᠂ ᠪᠣᠳᠠᠰ ᠤᠨ ᠪᠤᠰᠤ ᠰᠣᠶᠣᠯ ᠤᠨ ᠦᠵᠡᠭᠦᠯᠦᠯᠭᠡ ᠶᠢᠨ ᠮᠦᠽᠧᠶ᠂ ᠬᠤᠪᠢᠰᠬᠠᠯ ᠤᠨ ᠰᠣᠶᠣᠯ ᠤᠨ ᠳᠡᠯᠭᠡᠨ ᠦᠵᠡᠭᠦᠯᠬᠦ ᠣᠷᠳᠣᠨ ᠵᠡᠷᠭᠡ ᠣᠨᠴᠠᠯᠢᠭᠲᠤ ᠮᠦᠽᠧᠶ ᠶᠢ ᠭᠤᠣᠯᠳᠠᠯᠭ᠎ᠠ ᠲᠠᠢ ᠪᠠᠷ ᠪᠠᠶᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠥᠨ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠭᠤᠣᠯ ᠰᠡᠳᠦᠪ ᠨᠢ ᠳᠤᠪᠤᠶᠢᠮ᠎ᠠ᠂ ᠣᠨᠴᠠᠯᠢᠭ ᠨᠢ ᠢᠯᠠ ᠲᠣᠳᠣ᠂ ᠴᠢᠬᠤᠯᠠ ᠤᠯᠠᠮᠵᠢᠯᠠᠨ ᠵᠠᠯᠭᠠᠮᠵᠢᠯᠠᠬᠤ ᠦᠨ᠎ᠡ ᠥᠷᠲᠡᠭ ᠪᠦᠬᠦᠢ ᠣᠨᠴᠠᠯᠢᠭᠲᠤ ᠮᠦᠽᠧᠢ ᠡᠷᠬᠢᠯᠡᠬᠦ ᠶᠢ ᠵᠣᠷᠢᠭᠵᠢᠭᠤᠯᠤᠨ ᠳᠠᠮᠵᠢᠨ᠎ᠠ᠃      ︵ᠵᠢᠷᠭᠤᠭ᠎ᠠ︶ ᠣᠨᠴᠠᠯᠢᠭᠲᠤ ᠰᠣᠶᠣᠯ ᠵᠢᠭᠤᠯᠴᠢᠯᠠᠯ ᠤᠨ ᠤᠷᠠᠨ ᠲᠣᠭᠯᠠᠯᠲᠠ ᠶᠢᠨ ᠪᠦᠲᠦᠭᠡᠭᠳᠡᠬᠦᠨ ᠢ ᠪᠤᠶᠢᠵᠢᠭᠤᠯᠤᠨ᠎ᠠ᠃ ︽ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠵᠤ ᠠᠬᠤᠶᠢᠯᠠᠯ ᠣᠷᠣᠯᠴᠠᠬᠤ︾ ᠵᠠᠷᠴᠢᠮ ᠤᠨ ᠶᠣᠰᠣᠭᠠᠷ᠂ ᠰᠣᠶᠣᠯ ᠵᠢᠭᠤᠯᠴᠢᠯᠠᠯ   ᠤᠨ ᠤᠷᠠᠨ ᠰᠠᠶᠢᠬᠠᠨ ᠤ ᠲᠣᠭᠯᠠᠯᠲᠠ ᠶᠢᠨ ᠵᠠᠬ᠎ᠠ ᠳᠡᠯᠭᠡᠭᠦᠷ ᠢ ᠶᠡᠬᠡᠪᠡᠷ ᠪᠤᠶᠢᠵᠢᠭᠤᠯᠵᠤ᠂ ᠰᠢᠯᠢᠳᠡᠭ ᠵᠢᠭᠤᠯᠴᠢᠯᠠᠯ ᠤᠨ ᠬᠤᠳᠠ ᠪᠣᠯᠤᠨ ᠵᠢᠭᠤᠯᠴᠢᠯᠠᠯ ᠤᠨ ᠦᠵᠡᠮᠵᠢᠲᠦ ᠣᠷᠣᠨ ᠤ ᠲᠠᠯᠠᠪᠠᠢ ᠳᠤ ᠰᠠᠭᠤᠷᠢᠰᠢᠬᠤ ᠤᠷᠠᠨ ᠲᠣᠭᠯᠠᠯᠲᠠ ᠶᠢᠨ ᠲᠠᠯᠠᠪᠠᠢ ᠪᠠᠶᠢᠭᠤᠯᠬᠤ ᠶᠢ ᠳᠠᠮᠵᠢᠵᠤ᠂ ᠰᠢᠯᠢᠳᠡᠭ ᠵᠢᠭᠤᠯᠴᠢᠯᠠᠯ ᠤᠨ ᠬᠤᠳᠠ ᠪᠣᠯᠤᠨ 4 A ᠳᠡᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢᠲᠦ ᠣᠷᠣᠨ ᠪᠦᠬᠦᠨ ᠳᠤ ᠤᠷᠠᠨ ᠲᠣᠭᠯᠠᠯᠲᠠ ᠶᠢᠨ ᠲᠠᠯᠠᠪᠠᠢ ᠤᠷᠳᠤᠨ ᠢ ᠲᠤᠬᠢᠷᠠᠭᠤᠯᠬᠤ ᠵᠢ‌ᠠᠯᠬᠤᠮ ᠠᠯᠬᠤᠮ ᠢᠶᠠᠷ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠤᠷᠠᠨ ᠰᠠᠶᠢᠬᠠᠨ ᠤ ᠲᠣᠭᠯᠠᠯᠲᠠ ᠶᠢᠨ ᠪᠠᠶᠢᠭᠤᠯᠤᠮᠵᠢ ᠶᠢᠨ ᠵᠢᠭᠤᠯᠴᠢᠯᠠᠯ  ᠤᠨ ᠬᠤᠳᠠ᠂ ᠦᠵᠡᠮᠵᠢ ᠶᠢᠨ ᠣᠷᠣᠨ ᠳᠤ ᠣᠷᠣᠵᠤ᠂ ᠭᠤᠣᠯᠯᠠᠬᠤ ᠵᠢᠭᠤᠯᠴᠢᠯᠠᠯ ᠤᠨ ᠦᠵᠡᠮᠵᠢ ᠶᠢᠨ ᠣᠷᠣᠨ ᠬᠢᠭᠡᠳ ᠬᠤᠲᠠ ᠪᠠᠯᠭᠠᠰᠤ ᠶᠢᠨ ᠲᠣᠭᠲᠠᠮᠠᠯ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠤᠷ ᠲᠤ ᠲᠦᠰᠢᠭᠯᠡᠨ᠂ ᠵᠠᠬ᠎ᠠ ᠳᠡᠭᠡᠭᠦᠷ ᠢᠶᠠᠷ ᠠᠵᠢᠯᠯᠠᠭᠤᠯᠬᠤ ᠠᠷᠭ᠎ᠠ ᠮᠠᠶ᠋ᠢᠭ ᠢ ᠬᠡᠷᠡᠭᠯᠡᠨ᠂ ᠳᠠᠭᠠᠭᠠᠨ ᠡᠷᠬᠢᠯᠡᠬᠦ᠂ ᠬᠠᠮᠲᠤᠷᠠᠨ ᠡᠷᠬᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠣᠨ ᠨᠤᠲᠤᠭ ᠤᠨ ᠣᠨᠴᠠᠯᠢᠭ ᠪᠠ ᠦᠵᠡᠮᠵᠢ ᠶᠢᠨ ᠣᠷᠣᠨ ᠤ ᠣᠨᠴᠠᠯᠢᠭ ᠪᠦᠬᠦᠢ ᠲᠣᠮᠣ ᠬᠡᠯᠪᠡᠷᠢ ᠶᠢᠨ ᠰᠣᠶᠣᠯ ᠤᠨ ᠤᠷᠠᠨ ᠰᠠᠶᠢᠬᠠᠨ ᠤ ᠲᠣᠭᠯᠠᠯᠲᠠ ᠶᠢᠨ ᠵᠦᠴᠦᠭᠡ ᠶᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠠᠴᠠ ᠣᠷᠣᠨ ᠤ ᠳᠣᠲᠣᠷ᠎ᠠ ᠭᠠᠳᠠᠨᠠᠬᠢ ᠵᠣᠬᠢᠶᠠᠨ ᠪᠦᠲᠦᠭᠡᠬᠦ ᠡᠵᠡᠩᠨᠡᠬᠦ ᠨᠠᠷᠠᠲᠤ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ 3 D᠂ 4 D᠂ ᠳ᠋ᠢᠭᠢᠲ ᠲᠦᠰᠤᠭᠡᠳᠤᠯᠭᠡ ᠵᠡᠷᠭᠡ ᠳᠡᠭᠡᠳᠦ ᠰᠢᠨ᠎ᠡ ᠮᠡᠷᠭᠡᠵᠢᠯ ᠢ ᠬᠡᠷᠡᠭᠯᠡᠨ᠂ ᠰᠣᠶᠣᠯ ᠤᠨ ᠲᠣᠭᠯᠠᠯᠲᠠ ᠵᠦᠴᠦᠭᠡ ᠶᠢᠨ ᠢᠯᠡᠳᠬᠡᠬᠦ ᠬᠡᠯᠪᠡᠷᠢ ᠶᠢᠨ ᠰᠢᠨ᠎ᠡ ᠶᠢ ᠡᠭᠦᠳᠦᠨ᠎ᠡ᠃ ︽ᠦᠵᠡᠮᠵᠢ ᠶᠢᠨ ᠣᠷᠣᠨ + ᠤᠳᠬ᠎ᠠ ᠤᠷᠠᠯᠢᠭ ︾᠂ ︽ᠪᠣᠳᠠᠲᠤ ᠦᠵᠡᠮᠵᠢ + ᠲᠣᠭᠯᠠᠯᠲᠠ︾ ᠵᠡᠷᠭᠡ ᠬᠡᠪ ᠵᠠᠭᠪᠤᠷ ᠤᠨ ᠶᠣᠰᠣᠭᠠᠷ᠂ ︽ᠮᠠᠷᠺᠤ ᠫᠣᠯᠣ︾ ᠵᠡᠷᠭᠡ ᠰᠣᠳᠣᠨ ᠵᠦᠴᠦᠭᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠨᠢᠭᠡ ᠪᠦᠯᠦᠭ ᠳᠠᠭᠤᠤ ᠪᠥᠵᠢᠭ ᠶᠠᠷᠢᠶᠠᠲᠤ ᠵᠦᠴᠦᠭᠡ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠨᠠᠷᠢᠯᠢᠭ ᠵᠣᠬᠢᠶᠠᠨ ᠪᠦᠲᠦᠭᠡᠵᠦ᠂ ᠨᠢᠭᠡ ᠪᠦᠯᠦᠭ ᠪᠣᠳᠠᠲᠤ ᠦᠵᠡᠮᠵᠢ ᠵᠢᠴᠢ ᠲᠣᠭᠯᠠᠯᠲᠠ ᠶᠢᠨ ᠰᠣᠳᠣᠨ ᠵᠦᠴᠦᠭᠡ ᠶᠢ  ᠨᠠᠶᠢᠷᠠᠭᠤᠯᠤᠨ ᠪᠤᠯᠪᠠᠰᠤᠷᠠᠵᠤ᠂ ᠨᠢᠭᠡ ᠪᠦᠯᠦᠭ ᠰᠣᠶᠣᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠡᠭᠦᠳᠵᠦ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃       ︵ᠲᠤᠯᠤᠭ᠎ᠠ︶ ᠰᠣᠶᠣᠯ ᠵᠢᠭᠤᠯᠴᠢᠯᠠᠯ ᠤᠨ ᠲᠠᠸᠠᠷ ᠢ ᠨᠡᠭᠡᠭᠡᠨ ᠬᠦᠭᠵᠢᠭᠦᠯᠬᠦ ᠶᠢ ᠳᠡᠳᠭᠦᠨ᠎ᠡ᠃ ᠮᠠᠨ ᠤ ᠬᠤᠳᠠ ᠶᠢᠨ ᠵᠢᠭᠤᠯᠴᠢᠯᠠᠯ ᠤᠨ ᠪᠦᠲᠦᠭᠡᠭᠳᠡᠭᠦᠨ ᠤ ᠣᠨᠴᠠᠯᠢᠭ ᠪᠣᠯᠤᠨ ᠲᠠᠸᠠᠷ ᠤᠨ ᠡᠬᠢ ᠪᠠᠶᠠᠯᠢᠭ ᠤᠨ ᠳᠠᠪᠠᠭᠤᠯᠢᠭ  ᠢ ᠦᠨᠳᠦᠰᠦᠯᠡᠨ᠂ ᠥᠪᠥᠷ ᠮᠣᠩᠭᠤᠯ  ᠤᠨ ᠰᠣᠶᠣᠯ ᠤᠨ ᠪᠦᠲᠦᠭᠡᠯᠴᠢ ᠦᠢᠯᠡᠳᠬᠦᠨ ᠢᠶᠠᠷ ᠭᠤᠣᠯ ᠪᠣᠯᠭᠠᠭᠰᠠᠨ᠂ ᠣᠷᠣᠨ ᠨᠤᠲᠤᠭ ᠤᠨ ᠰᠣᠶᠣᠯ ᠤᠨ ᠣᠨᠴᠠᠯᠢᠭ ᠢᠶᠠᠷ ᠭᠦᠨ ᠭᠠᠷ ᠤᠷᠠᠯᠠᠯ ᠤᠷᠠᠨ ᠵᠢᠷᠤᠭ ᠤᠨ ᠪᠦᠲᠦᠭᠡᠭᠳᠡᠬᠦᠨ᠂ ᠵᠢᠭᠤᠯᠴᠢᠯᠠᠯ ᠤᠨ ᠳᠤᠷᠠᠰᠬᠠᠯ ᠤᠨ ᠡᠳ᠋ ᠂ ᠵᠢᠭᠤᠯᠴᠢᠯᠠᠯ ᠤᠨ ᠢᠳᠡᠭᠡᠨ᠂ ᠠᠮᠢᠳᠤᠷᠠᠯ ᠤᠨ ᠬᠡᠷᠡᠭᠰᠡᠯ ᠢᠶᠠᠷ ᠭᠤᠣᠯ ᠪᠣᠯᠭᠠᠭᠰᠠᠨ ᠵᠢᠭᠤᠯᠴᠢᠯᠠᠯ ᠤᠨ ᠰᠣᠶᠣᠯ ᠤᠨ ᠲᠠᠸᠠᠷ ᠤᠨ ᠰᠢᠰᠲ᠋ᠧᠮᠵᠢ ᠶᠢ ᠪᠦᠷᠢᠯᠳᠦᠭᠦᠯᠵᠦ᠂ ᠮᠣᠩᠭᠤᠯ ᠬᠢᠲᠤᠭ᠎ᠠ᠂ ᠠᠷᠠᠰᠤᠨ ᠵᠢᠷᠤᠭ ᠵᠡᠷᠭᠡ ᠭᠠᠷ ᠤᠷᠠᠯᠠᠯ ᠤᠨ ᠪᠦᠲᠦᠭᠡᠭᠳᠡᠬᠦᠨ᠂ ᠦᠬᠡᠷ ᠤᠨ ᠪᠣᠷᠴᠠ᠂ ᠴᠠᠭᠠᠨ ᠢᠳᠡᠭᠡ᠂ ᠴᠢᠴᠠᠷᠭᠠᠨ᠎ᠠ ᠶᠢᠨ ᠰᠢᠭᠦᠰᠦ᠂  ᠠᠭᠠᠯᠢᠭ ᠠᠯᠢᠮ᠎ᠠ ᠶᠢᠨ ᠬᠠᠲᠠᠭᠠᠮᠠᠯ ᠵᠡᠷᠭᠡ ᠢᠳᠡᠭᠡᠨ ᠤᠮᠳᠠᠭᠠᠨ ᠤ ᠦᠢᠯᠡᠳᠪᠦᠷᠢᠯᠡᠯ ᠢ ᠶᠡᠬᠡᠪᠡᠷ ᠬᠥᠭᠵᠢᠭᠦᠯᠵᠦ᠂ ᠺᠢᠨᠣ᠋ ᠲᠧᠯᠸᠢᠰ᠂ ᠺᠠᠷᠲ᠋ᠣᠨ ᠵᠢᠷᠤᠭ᠂ ᠲᠣᠭᠯᠠᠭᠠᠮ ᠵᠡᠷᠭᠡ ᠰᠢᠨ᠎ᠡ ᠮᠠᠶ᠋ᠢᠭ ᠤᠨ ᠰᠣᠶᠣᠯ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠣᠶᠣᠯ   ᠤᠨ ᠵᠢᠭᠤᠯᠴᠢᠯᠠᠯ ᠤᠨ ᠪᠦᠲᠦᠭᠡᠯᠴᠢ ᠦᠢᠯᠡᠳᠬᠦᠨ ᠢ ᠳᠡᠯᠭᠡᠨ ᠦᠵᠡᠭᠦᠯᠬᠦ ᠪᠠ ᠪᠣᠷᠣᠯᠠᠭᠤᠯᠬᠤ ᠲᠥᠪ ᠪᠠ ᠰᠤᠳᠤᠯᠤᠨ ᠨᠡᠭᠡᠭᠡᠬᠦ ᠰᠠᠭᠤᠷᠢᠨ ᠭᠠᠵᠠᠷ ᠪᠠᠶᠢᠭᠤᠯᠬᠤ ᠶᠢ ᠳᠠᠮᠵᠢᠵᠤ᠂ ᠰᠣᠶᠣᠯ ᠵᠢᠭᠤᠯᠴᠢᠯᠠᠯ ᠤᠨ ᠪᠦᠲᠦᠭᠡᠯᠴᠢ ᠰᠠᠨᠠᠭ᠎ᠠ ᠶᠢ ᠵᠢᠷᠤᠭᠯᠠᠨ ᠲᠥᠯᠥᠪᠯᠡᠬᠦ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠵᠦ᠂ ᠦᠢᠯᠡᠳᠬᠦᠨ ᠤ  ᠰᠢᠨ᠎ᠡ ᠶᠢ ᠡᠭᠦᠳᠬᠦ ᠪᠦᠲᠦᠭᠡᠯᠴᠢ ᠰᠡᠳᠬᠢᠮᠵᠢ ᠶᠢ ᠳᠡᠭᠡᠭᠰᠢᠯᠡᠭᠦᠯᠦᠨ᠎ᠡ᠃ ᠪᠦᠬᠦ ᠬᠤᠲᠠ ᠶᠢᠨ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ ᠪᠠ ᠰᠣᠶᠣᠯ ᠵᠢᠭᠤᠯᠴᠢᠯᠠᠯ ᠤᠨ ᠲᠠᠸᠠᠷ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ ᠨᠡᠶᠢᠲᠡᠯᠡᠵᠦ᠂ ᠬᠠᠭᠤᠴᠢᠨ ᠨᠠᠷᠠᠲᠤ ᠲᠡᠮᠳᠡᠭ ᠢ ᠤᠯᠠᠮᠵᠢᠯᠠᠨ ᠪᠠᠳᠠᠷᠠᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠥᠪ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠭᠤᠯᠴᠢᠯᠠᠯ ᠢ ᠲᠥᠪᠯᠡᠷᠡᠭᠦᠯᠦᠨ ᠲᠠᠷᠬᠠᠭᠠᠬᠤ ᠪᠠ ᠠᠰᠠᠭᠤᠨ ᠯᠠᠪᠯᠠᠬᠤ ᠴᠢᠳᠠᠮᠵᠢ ᠶᠢ ᠬᠠᠪᠰᠤᠷᠭᠠᠭᠰᠠᠨ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠠᠸᠠᠷ ᠤᠨ ᠶᠡᠷᠦᠩᠬᠡᠶᠢᠯᠡᠭᠰᠡᠨ ᠳᠡᠯᠭᠡᠭᠦᠷ ᠢ ᠲᠥᠯᠥᠪᠵᠢᠭᠦᠯᠦᠨ ᠪᠠᠶᠢᠭᠤᠯᠤᠨ᠎ᠠ᠃      ᠭᠤᠷᠪᠠ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠪᠣᠷᠣᠯᠠᠭᠤᠯᠭ᠎ᠠ ᠶᠢ ᠴᠢᠩᠭᠠᠳᠬᠠᠨ᠎ᠠ᠃        ︵ᠨᠢᠭᠡ︶ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠲᠦᠷᠦᠭᠦᠯᠡᠨ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠠᠵᠤ ᠠᠬᠤᠶᠢᠯᠠᠯ᠂ ᠵᠠᠭᠤᠴᠢᠯᠠᠭᠤᠷ ᠬᠠᠮᠲᠤ ᠪᠠᠷ ᠣᠷᠣᠯᠴᠠᠭᠰᠠᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠲᠣᠭᠲᠠᠴᠠ ᠶᠢ  ᠪᠠᠶᠢᠭᠤᠯᠵᠤ᠂ ᠰᠣᠶᠣᠯ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠤᠬᠠᠭᠤᠯᠬᠤ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠠᠭᠤᠴᠢᠯᠠᠭᠤᠷ ᠤᠨ ᠡᠬᠢ ᠪᠠᠶᠠᠯᠢᠭ ᠢ ᠨᠡᠶᠢᠳᠭᠡᠵᠤ᠂  ᠰᠢᠰᠲ᠋ᠧᠮ ᠢᠶᠠᠷ ᠬᠦᠲᠡᠯᠦᠯᠴᠡᠬᠦ ᠤᠬᠠᠭᠤᠯᠬᠤ ᠰᠢᠰᠲ᠋ᠧᠮᠵᠢ ᠶᠢ ᠪᠦᠷᠢᠯᠳᠦᠭᠦᠯᠦᠨ᠎ᠡ︔ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠦᠬᠦᠯᠢ ᠴᠣᠭᠴᠠ ᠶᠢᠨ ᠳᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠳᠤ ᠪᠠᠨ ᠣᠷᠣᠨ ᠪᠦᠰᠡ ᠶᠢᠨ ᠰᠣᠶᠣᠯ ᠤᠨ ᠣᠨᠴᠠᠯᠢᠭ ᠢ  ᠳᠤᠪᠤᠶᠢᠯᠭᠠᠵᠤ᠂ ᠰᠣᠶᠣᠯ ᠵᠢᠭᠤᠯᠴᠢᠯᠠᠯ ᠤᠨ ᠳᠦᠷᠢ ᠲᠥᠷᠬᠦ᠂ ᠪᠦᠲᠦᠭᠡᠭᠳᠡᠬᠦᠨ᠂ ᠲᠥᠷᠥᠯ ᠵᠦᠢᠯ ᠢ ᠵᠢᠭᠤᠯᠴᠢᠯᠠᠯ ᠢ ᠳᠡᠯᠭᠡᠷᠡᠭᠦᠯᠬᠦ ᠲᠥᠯᠥᠪᠯᠡᠭᠡ ᠳᠤ ᠣᠷᠣᠭᠤᠯᠬᠤ ᠶᠢᠨ ᠬᠠᠮᠲᠤ  ᠵᠢᠭᠤᠯᠴᠢᠯᠠᠭᠰᠠᠳ ᠲᠤ ᠬᠠᠨᠳᠤᠭᠤᠯᠤᠭᠰᠠᠨ ᠤᠳᠬ᠎ᠠ ᠤᠷᠠᠯᠢᠭ ᠤᠨ ᠪᠦᠲᠦᠭᠡᠯ ᠢ ᠶᠡᠬᠡᠪᠡᠷ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠤᠨ ᠰᠣᠶᠣᠯ ᠤᠨ ᠦᠵᠡᠰᠬᠦᠯᠡᠩ ᠤᠨ ᠴᠤᠭᠯᠠᠭᠠᠨ ᠳᠤᠮᠳᠠ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠲᠥᠷᠥᠯ ᠵᠦᠢᠯ ᠤᠨ ᠦᠵᠡᠭᠦᠯᠭᠡ ᠶᠢ ᠨᠡᠮᠡᠨ ᠪᠠᠶᠢᠭᠤᠯᠬᠤ ᠬᠡᠷᠡᠭᠲᠡᠢ︔ ᠡᠯ᠎ᠡ ᠲᠥᠷᠥᠯ ᠤᠨ ᠵᠠᠭᠤᠴᠢᠯᠠᠭᠤᠷ ᠤᠳ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠭᠰᠡᠨ ᠦᠷ᠎ᠡ ᠪᠦᠲᠦᠭᠡᠯ ᠢ ᠭᠤᠤᠯᠴᠢᠯᠠᠨ ᠤᠬᠠᠭᠤᠯᠵᠤ᠂ ᠤᠬᠠᠭᠤᠯᠭ᠎ᠠ ᠶᠢᠨ ᠳᠠᠯᠠᠶᠢᠴᠠ ᠬᠦᠴᠦᠨ ᠢ ᠪᠣᠶ ᠪᠣᠯᠭᠠᠬᠤ ᠬᠡᠷᠡᠭᠲᠡᠢ᠃      ︵ᠬᠤᠶᠠᠷ︶ ᠰᠣᠶᠣᠯ ᠵᠢᠭᠤᠯᠴᠢᠯᠠᠯ ᠤᠨ ᠤᠬᠠᠭᠤᠯᠭ᠎ᠠ ᠡᠵᠡᠩᠨᠡᠨ ᠪᠣᠷᠣᠯᠠᠭᠤᠯᠬᠤ ᠠᠷᠭ᠎ᠠ ᠮᠠᠶᠠᠭ ᠤᠨ ᠰᠢᠨ᠎ᠡ ᠶᠢ ᠡᠭᠦᠳᠦᠨ᠎ᠡ᠃ ᠬᠤᠲᠠ᠂ ᠬᠤᠰᠢᠭᠤ ᠰᠢᠶᠠᠨ ᠲᠣᠭᠤᠷᠢᠭ ᠤᠨ ᠬᠤᠶᠠᠳᠤᠭᠠᠷ ᠲᠡᠰ ᠤᠨ ᠭᠤᠤᠯᠯᠠᠬᠤ ᠵᠠᠭᠤᠴᠢᠯᠠᠭᠤᠷ᠂ ᠰᠦᠯᠵᠢᠶᠡᠨ ᠤ ᠵᠠᠭᠤᠴᠢᠯᠠᠭᠤᠷ᠂  ᠬᠤᠪᠢ ᠶᠢᠨ ᠵᠠᠭᠤᠴᠢᠯᠠᠭᠤᠷ ᠢ ᠬᠠᠮᠤᠷᠤᠭᠰᠠᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠤᠨ ᠭᠤᠤᠯᠯᠠᠬᠤ ᠵᠠᠭᠤᠴᠢᠯᠠᠭᠤᠷ ᠲᠤ ᠲᠦᠰᠢᠭᠯᠡᠨ ᠰᠣᠶᠣᠯ ᠵᠢᠭᠤᠯᠴᠢᠯᠠᠯ ᠤᠨ ᠤᠬᠠᠭᠤᠯᠭ᠎ᠠ ᠬᠢᠨ᠎ᠡ᠃ ᠡᠯ᠎ᠡ ᠲᠣᠮᠣ ᠰᠦᠯᠵᠢᠶᠡᠨ ᠤ ᠵᠠᠭᠤᠴᠢᠯᠠᠭᠤᠷ᠂ ᠬᠠᠮ ᠵᠠᠭᠤᠴᠢᠯᠠᠭᠤᠷ ᠵᠢᠴᠢ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢ ᠭᠦᠢᠴᠡᠳ ᠨᠡᠶᠢᠳᠭᠡᠵᠤ᠂ ᠪᠢᠴᠢᠯ ᠪᠦᠷᠭᠡ᠂ ᠸᠢᠴᠠᠲ᠂  ᠨᠡᠭᠦᠳᠡᠯ ᠬᠤᠯᠪᠤᠭᠠᠨ ᠤ ᠬᠡᠷᠡᠭᠯᠡᠭᠴᠢᠳ ᠤᠨ ᠳᠠᠪᠴᠠᠩ ︵A P P︶ ᠵᠡᠷᠭᠡ ᠪᠢᠴᠢᠯ ᠵᠠᠭᠤᠴᠢᠯᠠᠭᠤᠷ ᠵᠢᠴᠢ ᠲᠣᠭᠠᠴᠢᠯᠠᠭᠰᠠᠨ ᠲᠧᠯᠸᠢᠰ᠂ ᠲᠣᠭᠠᠴᠢᠯᠠᠭᠰᠠᠨ ᠷᠠᠳᠢᠣ᠋ ᠨᠡᠪᠲᠡᠷᠡᠭᠦᠯᠭᠡ᠂ ᠲᠣᠭᠠᠴᠢᠯᠠᠭᠰᠠᠨ ᠬᠡᠪᠯᠡᠯ᠂ ᠳᠡᠯᠭᠡᠴᠡ ᠵᠡᠷᠭᠡ ᠰᠢᠨ᠎ᠡ ᠵᠠᠭᠤᠴᠢᠯᠠᠭᠤᠷ ᠢ ᠶᠡᠬᠡᠪᠡᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠵᠠᠷ ᠤᠨ ᠮᠡᠳᠡᠭᠡ ᠵᠠᠩᠭᠢ ᠶᠢ ᠨᠠᠷᠢᠨ ᠤᠨᠤᠪᠴᠢᠲᠠᠢ ᠪᠠᠷ ᠨᠡᠶᠢᠲᠡᠯᠡᠨ᠎ᠡ᠃ ᠤᠬᠠᠭᠤᠯᠤᠨ ᠳᠡᠯᠭᠡᠷᠡᠭᠦᠯᠬᠦ᠂ ᠡᠬᠢ ᠪᠠᠶᠠᠯᠢᠭ ᠢ ᠲᠠᠨᠢᠯᠴᠠᠭᠤᠯᠬᠤ᠂ ᠮᠡᠳᠡᠭᠡ ᠵᠠᠩᠭᠢ ᠶᠢ ᠡᠷᠢᠬᠦ᠂ ᠦᠢᠯᠡᠳᠬᠦᠨ ᠤ ᠦᠢᠯᠡᠴᠢᠯᠡᠭᠡ ᠶᠢ ᠵᠠᠬᠢᠶᠠᠯᠠᠨ ᠬᠤᠳᠠᠯᠳᠤᠨ ᠠᠪᠬᠤ᠂ ᠵᠠᠭᠠᠯᠳᠤᠯᠭ᠎ᠠ ᠶᠢ ᠰᠢᠢᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠰᠣᠶᠣᠯ ᠵᠢᠭᠤᠯᠴᠢᠯᠠᠯ ᠤᠨ ᠲᠣᠤᠷ ᠰᠦᠯᠵᠢᠶ᠎ᠡ ᠶᠢᠨ ᠤᠬᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ᠃      ︵ᠭᠤᠷᠪᠠ︶ ᠰᠣᠶᠣᠯ ᠵᠢᠭᠤᠯᠴᠢᠯᠠᠯ ᠤᠨ ᠤᠬᠠᠭᠤᠯᠭ᠎ᠠ ᠡᠵᠡᠩᠨᠡᠵᠦ ᠪᠣᠷᠣᠯᠠᠭᠤᠯᠬᠤ ᠪᠦᠲᠦᠭᠡᠭᠳᠡᠭᠦᠨ ᠢ ᠨᠡᠭᠡᠭᠡᠨ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠭᠡᠵᠤ᠂ ᠰᠣᠶᠣᠯ ᠤᠨ ᠣᠬᠢ ᠰᠣᠳᠣ ᠶᠢ ᠪᠣᠯᠪᠠᠰᠤᠷᠠᠭᠤᠯᠤᠨ᠂ ᠨᠥᠯᠥᠭᠡᠯᠡᠬᠦ ᠬᠦᠴᠦᠨ ᠪᠦᠬᠦᠢ ᠬᠦᠬᠡᠬᠤᠲᠠ ᠶᠢᠨ ᠳᠦᠷᠢ ᠲᠥᠷᠬᠦ ᠶᠢᠨ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ᠂ ᠭᠤᠤᠯᠳᠠᠯᠭ᠎ᠠ ᠲᠠᠢ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠶᠢᠨ ᠹᠢᠯᠢᠮ ᠢ ᠦᠢᠯᠡᠳᠴᠦ᠂ ᠲᠥᠪ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠡᠰ ᠤᠨ ᠭᠤᠤᠯ ᠪᠣᠯᠬᠤ ᠵᠠᠭᠤᠴᠢᠯᠠᠭᠤᠷ ᠢᠶᠠᠷ ᠨᠡᠪᠲᠡᠷᠡᠭᠦᠯᠦᠨ᠎ᠡ᠃  ᠤᠬᠠᠭᠤᠯᠬᠤ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠮᠠᠨ ᠤ ᠬᠤᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠬᠠᠮᠲᠤ ᠪᠠᠷ  ᠨᠠᠶᠢᠷᠠᠭᠤᠯᠤᠨ ᠵᠣᠬᠢᠶᠠᠵᠤ᠂ ᠦᠨᠳᠦᠰᠦᠲᠡᠨ ᠤ ᠣᠨᠴᠠᠯᠢᠭ ᠲᠠᠢ᠂ ᠭᠠᠵᠠᠷ ᠣᠷᠣᠨ ᠤ ᠣᠨᠴᠠᠯᠢᠭ ᠲᠠᠢ ᠰᠣᠶᠣᠯ ᠵᠢᠭᠤᠯᠴᠢᠯᠠᠯ ᠤᠨ ᠨᠣᠮ ᠪᠢᠴᠢᠭ ᠪᠠ ᠳᠠᠭᠤ ᠳᠦᠷᠰᠦ ᠰᠢᠩᠭᠡᠭᠡᠯᠲᠡ ᠶᠢᠨ ᠬᠡᠪᠯᠡᠭᠳᠡᠬᠦᠨ ᠢ ᠨᠠᠶᠢᠷᠠᠭᠤᠯᠤᠨ ᠬᠡᠪᠯᠡᠭᠦᠯᠬᠦ ᠪᠠᠷ ᠲᠦᠰᠦᠪᠯᠡᠵᠦ᠂ ᠰᠣᠶᠣᠯ ᠵᠢᠭᠤᠯᠴᠢᠯᠠᠯ ᠤᠨ ᠭᠠᠵᠠᠷ ᠤᠨ ᠵᠢᠷᠤᠭ ᠢ ᠨᠡᠭᠡᠭᠡᠨ ᠠᠰᠢᠭᠯᠠᠬᠤ ᠪᠠ ᠴᠠᠭ ᠲᠤᠬᠠᠶ ᠳᠤᠨᠢ  ᠰᠢᠨᠡᠳᠭᠡᠨ᠎ᠡ᠃      ︵ᠳᠥᠷᠪᠡ︶ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ᠃ ᠡᠯ᠎ᠡ ᠲᠥᠷᠥᠯ ᠤᠨ ᠦᠨᠳᠦᠰᠦᠲᠡᠨ ᠤ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠰᠣᠶᠣᠯ ᠤᠨ ᠪᠠᠶᠠᠷ ᠳᠤᠷᠠᠰᠬᠠᠯ ᠂ ᠪᠡᠶ᠎ᠡ ᠶᠢᠨ ᠲᠠᠮᠢᠷ᠂ ᠴᠤᠭᠯᠠᠭᠠᠨ ᠦᠵᠡᠰᠬᠦᠯᠡᠩ ᠤᠨ ᠠᠵᠢᠯᠯᠠᠭ᠎ᠠ ᠶᠢ ᠳᠠᠮᠵᠢᠨ ᠬᠥᠭᠵᠢᠭᠦᠯᠵᠦ᠂ ᠰᠣᠶᠣᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠬᠦ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠢᠭᠤᠯᠴᠢᠯᠠᠯ ᠤᠨ ᠡᠯᠧᠮᠧᠨ᠋ᠲ ᠢ ᠪᠦᠲᠦᠮᠵᠢᠲᠡᠶ ᠠᠭᠤᠰᠤᠯᠴᠠᠭᠤᠯᠵᠤ᠂ ᠣᠷᠣᠨ ᠪᠦᠰᠡ ᠶᠢᠨ ᠰᠣᠶᠣᠯ ᠤᠨ ᠣᠨᠴᠠᠯᠢᠭ ᠪᠠ ᠵᠢᠭᠤᠯᠴᠢᠯᠠᠯ ᠤᠨ ᠲᠠᠲᠠᠬᠤ ᠬᠦᠴᠦᠨ ᠲᠠᠢ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠨᠠᠷᠠᠲᠤ ᠲᠡᠮᠲᠡᠭᠲᠦ ᠶᠢ ᠪᠤᠶᠢᠵᠢᠭᠤᠯᠤᠨ᠎ᠠ᠃   ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠰᠠᠳ ᠲᠤ ᠬᠠᠨᠳᠤᠭᠤᠯᠤᠨ᠂ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ᠂ ᠵᠣᠣ ᠵᠢᠶᠦ᠋ᠨ ᠤ ᠰᠣᠶᠣᠯ ᠤᠨ ᠨᠠᠶᠢᠷ ᠵᠢᠴᠢ ᠡᠯ᠎ᠡ ᠲᠥᠷᠥᠯ ᠤᠨ ᠣᠨᠴᠠᠯᠢᠭᠲᠤ ᠭᠤᠤᠯ ᠰᠡᠳᠦᠪᠲᠦ ᠰᠣᠶᠣᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠰᠠᠶᠢᠲᠤᠷ ᠬᠢᠨ᠎ᠡ᠃ ᠡᠯ᠎ᠡ ᠲᠥᠷᠥᠯ ᠤᠨ ᠪᠠᠶᠠᠷ ᠳᠤᠷᠠᠰᠬᠠᠯ᠂ ᠴᠤᠭᠯᠠᠭᠠᠨ ᠦᠵᠡᠰᠬᠦᠯᠡᠩ᠂ ᠰᠣᠯᠢᠯᠴᠠᠭᠠᠨ ᠤ ᠠᠵᠢᠯᠯᠠᠭ᠎ᠠ ᠶᠢ ᠬᠦᠬᠡᠬᠤᠲᠠ ᠶᠢᠨ ᠰᠣᠶᠣᠯ ᠢ ᠤᠬᠠᠭᠤᠯᠤᠨ ᠳᠡᠯᠭᠡᠨ ᠦᠵᠡᠭᠦᠯᠬᠦ᠂ ᠵᠢᠭᠤᠯᠴᠢᠯᠠᠭᠰᠠᠳ ᠢ ᠲᠠᠲᠠᠨ ᠠᠪᠴᠢᠷᠠᠵᠤ ᠲᠣᠭᠤᠷᠢᠨ ᠦᠵᠡᠭᠦᠯᠵᠦ ᠪᠡᠶᠡᠴᠢᠯᠡᠨ ᠤᠶᠢᠯᠠᠭᠠᠭᠤᠯᠬᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠪᠣᠯᠭᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠣᠯᠴᠠᠭᠰᠠᠨ ᠬᠤᠲᠠ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠵᠣᠬᠢᠴᠠᠭᠤᠯᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠠᠬᠢᠯᠲᠠ ᠶᠢᠨ ᠪᠠᠶᠢᠳᠠᠯ ᠢ ᠮᠡᠳᠡᠭᠡᠯᠡᠨ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠭᠯᠡᠯ ᠪᠠ ᠠᠷᠭ᠎ᠠ ᠬᠡᠮᠵᠢᠶ᠎ᠡ ᠶᠢ ᠰᠤᠳᠤᠯᠤᠨ᠎ᠠ᠃  ᠵᠤᠬᠢᠴᠠᠭᠤᠯᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠤ ᠲᠤᠬᠢᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠤ ᠪᠠᠶᠢᠳᠠᠯ ᠢ ᠦᠨᠳᠦᠰᠦᠯᠡᠨ᠂ ᠬᠠᠷᠠᠭᠠᠯᠵᠠᠭᠰᠠᠨ‌ᠠᠵᠢᠯ ᠤᠨ ᠲᠣᠭᠲᠠᠴᠠ ᠶᠢ  ᠪᠠᠶᠢᠭᠤᠯᠬᠤ ᠬᠡᠷᠡᠭᠲᠡᠢ᠃      ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ   ᠢ ᠨᠡᠮᠡᠭᠳᠡᠭᠦᠯᠦᠨ᠎ᠡ᠃ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠦᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠤᠲᠠ ᠶᠢᠨ ᠡᠳ᠋ ᠤᠨ ᠵᠠᠰᠠᠭ ᠤᠨ ᠪᠠᠯᠠ ᠮᠥᠩᠭᠦ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠠᠰᠢᠭᠯᠠᠨ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠤᠯᠠᠨ ᠡᠰᠢᠴᠢᠯᠡᠭᠰᠡᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠢ ᠪᠠᠶᠢᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠨᠡᠮᠡᠭᠳᠡᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠠᠪᠴᠠᠩ ᠢ ᠪᠠᠶᠢᠭᠤᠯᠤᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠶᠢ ᠵᠤᠬᠢᠶᠠᠨ ᠪᠠᠶᠢᠭᠤᠯᠵᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠤᠯᠭᠠᠯᠳᠤᠭᠤᠯᠵᠤ᠂ ᠪᠠᠩᠬᠢ᠂ ᠳᠠᠭᠠᠳᠬᠠᠯ᠂ ᠲᠡᠮᠳᠡᠭᠲᠦ᠂ ᠰᠠᠭᠤᠷᠢ ᠮᠥᠩᠭᠦ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠣᠶᠣᠯ ᠵᠢᠭᠤᠯᠴᠢᠯᠠᠯ ᠤᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂  ᠬᠤᠪᠢᠴᠠᠭᠠᠨ ᠤ ᠡᠷᠬᠡ ᠪᠠᠨ ᠰᠢᠯᠵᠢᠭᠦᠯᠦᠨ ᠥᠭᠬᠦ᠂ ᠲᠦᠭᠰᠢᠭᠦᠷᠢᠲᠦ ᠪᠠᠯᠠ ᠣᠷᠣᠭᠤᠯᠤᠯᠲᠠ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵P P P︶ ᠵᠡᠷᠭᠡ ᠠᠷᠭ᠎ᠠ ᠮᠠᠶ᠋ᠢᠭ ᠢᠶᠠᠷ ᠪᠠᠯᠠ ᠲᠣᠬᠢᠷᠠᠭᠤᠯᠬᠤ ᠶᠢ ᠳᠡᠮᠵᠢᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ ᠰᠣᠶᠣᠯ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ︵ᠭᠤᠷᠪᠠ︶ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ   ᠤᠨ ᠰᠢᠰᠲ᠋ᠧᠮᠵᠢ ᠶᠢ ᠪᠤᠶᠢᠵᠢᠭᠤᠯᠬᠤ ᠪᠠ ᠪᠦᠲᠦᠭᠡᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠲᠣᠯᠣᠭᠠᠶᠢᠯᠠᠭᠴᠢ ᠠᠵᠤ ᠠᠬᠤᠶᠢᠯᠠᠯ ᠢ ᠬᠦᠮᠦᠵᠢᠭᠦᠯᠦᠨ᠎ᠡ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠂ ᠠᠰᠢᠭ ᠲᠤᠰᠠ ᠪᠠᠷ ᠬᠤᠯᠪᠣᠭᠠᠰᠤ ᠪᠤᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠬᠢ ᠪᠠᠶᠠᠯᠢᠭ ᠨᠢ ᠰᠠᠯᠠᠭ᠎ᠠ ᠮᠥᠴᠢᠷ ᠤᠨ ᠥᠮᠴᠢᠯᠡᠯ  ᠪᠤᠯᠤᠭᠰᠠᠨ ᠪᠠᠶᠢᠳᠠᠯ ᠢ ᠡᠪᠳᠡᠵᠦ᠂ ᠵᠦᠢ ᠵᠣᠬᠢᠰᠲᠠᠶ ᠪᠠᠶᠢᠷᠢᠯᠠᠭᠤᠯᠤᠯᠲᠠ ᠶᠢ ᠠᠬᠢᠭᠤᠯᠤᠨ᠂ ᠡᠷᠴᠢᠮᠵᠢᠭᠦᠯᠦᠭᠰᠡᠨ ᠡᠵᠡᠩᠨᠡᠯᠲᠡ ᠶᠢ ᠬᠥᠭᠵᠢᠭᠦᠯᠵᠦ᠂ ᠬᠡᠪᠴᠢᠶᠡᠵᠢᠭᠰᠡᠨ ᠳᠠᠪᠠᠭᠤᠯᠢᠭ ᠢ ᠪᠣᠶ ᠪᠣᠯᠭᠠᠵᠤ᠂ ᠡᠳ᠋ ᠬᠥᠷᠥᠩᠭᠡ ᠪᠠ ᠲᠤᠬᠠᠶᠢᠯᠠᠭᠰᠠᠨ ᠠᠵᠢᠯ ᠢᠶᠠᠷ ᠬᠤᠯᠪᠣᠭᠠᠰᠤ ᠪᠣᠯᠭᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠨ᠂ ᠨᠡᠶᠢᠯᠡᠭᠦᠯᠬᠦ᠂ ᠬᠤᠯᠪᠣᠭᠠᠯᠠᠬᠤ᠂ ᠲᠠᠬᠢᠨ ᠪᠠᠶᠢᠭᠤᠯᠬᠤ ᠪᠠᠷ ᠳᠠᠮᠵᠢᠭᠤᠯᠤᠨ ᠪᠦᠯᠦᠭᠯᠡᠯ ᠡᠵᠡᠩᠨᠡᠬᠦ ᠵᠠᠭᠪᠤᠷ ᠢ ᠬᠡᠷᠡᠭᠵᠢᠭᠦᠯᠵᠦ᠂ ᠡᠵᠡᠩᠨᠡᠯᠲᠡ ᠶᠢᠨ ᠬᠢᠷᠢ ᠲᠦᠪᠰᠢᠨ ᠪᠠ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠦᠢᠯᠡᠰ᠂ ᠲᠣᠭᠯᠠᠯᠲᠠ ᠤᠷᠠᠯᠢᠭ ᠤᠨ ᠦᠢᠯᠡᠰ᠂ ᠵᠤᠭ᠎ᠠ ᠴᠡᠩᠭᠡᠯ ᠤᠨ ᠦᠢᠯᠡᠰ᠂ ᠵᠠᠭᠤᠴᠢᠯᠠᠭᠤᠷ ᠤᠨ ᠦᠢᠯᠡᠰ ᠵᠡᠷᠭᠡ ᠳᠥᠷᠪᠡᠨ ᠠᠵᠤ ᠦᠢᠯᠡᠰ ᠤᠨ ᠲᠥᠷᠥᠯ ᠵᠦᠢᠯ  ᠤᠨ ᠪᠦᠯᠦᠭᠴᠢᠯᠡᠭᠰᠡᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠺᠣᠮᠫᠠᠨᠢ᠂ ᠬᠥᠬᠡᠬᠤᠲᠠ ᠶᠢᠨ ᠲᠣᠭᠯᠠᠯᠲᠠ ᠤᠷᠠᠯᠢᠭ   ᠤᠨ ᠪᠦᠯᠦᠭᠯᠡᠯ ᠺᠣᠮᠫᠠᠨᠢ ᠵᠡᠷᠭᠡ ᠰᠣᠶᠣᠯ ᠤᠨ ᠶᠡᠭᠡ ᠪᠦᠯᠦᠭᠯᠡᠯ ᠢ ᠴᠣᠭᠴᠠᠯᠠᠨ ᠪᠠᠶᠢᠭᠤᠯᠤᠨ᠎ᠠ᠃ ᠮᠠᠨ ᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠢ ᠨᠡᠶᠢᠳᠭᠡᠵᠤ᠂ ᠬᠦᠬᠡᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠤᠨ᠎ᠠ᠃      ᠨᠢᠭᠡ ᠪᠦᠯᠦᠭ ᠳᠤᠮᠳᠠ ᠵᠢᠵᠢᠭ ᠠᠵᠤ ᠠᠬᠤᠶᠢᠯᠠᠯ ᠢ ᠬᠦᠮᠦᠵᠢᠭᠦᠯᠦᠨ᠎ᠡ᠃ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂  ᠪᠦᠭᠦᠳᠡᠭᠡᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠶᠢ ᠡᠭᠦᠳᠬᠦ ᠲᠠᠪᠴᠠᠩ ᠯᠤᠭ᠎ᠠ ᠢᠳᠡᠪᠬᠢᠲᠡᠶ ᠪᠠᠷ ᠬᠠᠮᠲᠤᠷᠠᠨ ᠠᠵᠢᠯᠯᠠᠵᠤ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠣᠯᠠᠨ ᠢᠶᠠᠷ ᠢᠶᠠᠨ ᠪᠡᠯᠡ ᠮᠥᠩᠭᠦ ᠴᠤᠭᠯᠠᠭᠤᠯᠬᠤ ᠲᠤᠷᠰᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠢᠭᠤᠯᠴᠢᠯᠠᠯ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠡᠭᠦᠳᠦᠨ ᠪᠦᠲᠦᠭᠡᠭᠴᠢ ᠶᠢᠨ ᠰᠠᠭᠤᠷᠢᠨ ᠭᠠᠵᠠᠷ ᠢ ᠲᠤᠬᠢᠷᠠᠭᠤᠯᠤᠨ᠎ᠠ᠃ ᠪᠠᠶ ᠳ᠋ᠦ᠋ ᠣᠯᠠᠨ ᠢᠶᠠᠷ ᠢᠶᠠᠨ ᠪᠠᠯᠠ ᠴᠤᠭᠯᠠᠭᠤᠯᠬᠤ᠂ ᠲᠤᠤ ᠪᠦᠦ ᠣᠯᠠᠨ ᠢᠶᠠᠷ ᠢᠶᠠᠨ ᠪᠠᠯᠠ ᠴᠤᠭᠯᠠᠭᠤᠯᠬᠤ ᠵᠡᠷᠭᠡ ᠲᠠᠪᠴᠠᠩ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠤᠶᠤᠲᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ︾ ︽ᠠᠳᠠᠯ ᠦᠢᠯᠡᠰ ᠴᠣᠭᠴᠠᠯᠠᠬᠤ ᠨᠡᠪᠴᠢᠭᠦᠯᠬᠦ ᠬᠦᠷᠢᠶᠡᠯᠡᠩ ᠲᠣᠭᠤᠷᠢᠭ︾ ᠲᠤ ᠰᠠᠭᠤᠭ᠎ᠠ ᠳᠤᠮᠳᠠ ᠵᠢᠵᠢᠭ ᠪᠢᠴᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠢᠳᠡᠪᠬᠢᠲᠡᠶ ᠬᠥᠮᠦᠵᠢᠭᠦᠯᠦᠨ᠎ᠡ᠃ ᠤᠯᠠᠨ ᠵᠦᠢᠯ ᠤᠨ ᠬᠡᠯᠪᠡᠷᠢ ᠮᠠᠶᠠᠭ ᠢᠶᠠᠷ ︽ᠲᠤᠰᠬᠠᠶᠢᠵᠢᠭᠰᠠᠨ᠂  ᠰᠢᠯᠢᠳᠡᠭ᠂ ᠤᠨᠴᠠᠯᠢᠭᠲᠤ᠂ ᠰᠢᠨ᠎ᠡ︾ ᠳᠤᠮᠳᠠ ᠵᠢᠵᠢᠭ ᠪᠢᠴᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠡᠷᠬᠢᠯᠡᠬᠦ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠲᠤᠰ ᠭᠠᠵᠠᠷ ᠤᠨ ᠳᠤᠮᠳᠠ ᠵᠢᠵᠢᠭ ᠪᠢᠴᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠴᠠ ᠦᠢᠯᠡᠴᠢᠯᠡᠭᠡ ᠬᠤᠳᠠᠯᠳᠤᠨ ᠠᠪᠬᠤ ᠶᠢ ᠠᠬᠢᠭᠤᠯᠤᠨ᠎ᠠ᠃      ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ  ᠤᠯᠠᠮ ᠨᠢᠭᠡ ᠠᠯᠬᠤᠮ ᠠᠭᠤᠵᠢᠭᠤ ᠪᠤᠯᠭᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠥᠷᠥᠩᠭᠡ ᠪᠣᠯᠤᠨ ᠭᠠᠳᠠᠭᠠᠳᠤ ᠶᠢᠨ ᠪᠡᠯᠡ ᠶᠢᠨ ᠲᠥᠷᠥ ᠶᠢᠨ ᠪᠣᠳᠣᠯᠭ᠎ᠠ ᠳᠤ ᠵᠦᠪᠰᠢᠶᠡᠷᠡᠬᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠨ ᠳᠤ ᠣᠷᠣᠬᠤ ᠶᠢ ᠵᠥᠪᠰᠢᠶᠡᠷᠡᠵᠦ᠂ ᠬᠤᠪᠢ ᠬᠥᠮᠥᠨ᠂ ᠠᠷᠠᠳ ᠤᠨ ᠡᠵᠡᠩᠨᠡᠯᠲᠡ᠂ ᠭᠠᠳᠠᠭᠠᠳᠤ  ᠶᠢᠨ ᠪᠡᠯᠡ᠂ ᠤᠯᠤᠰ ᠤᠨ ᠥᠮᠴᠢᠯᠡᠯ ᠤᠨ ᠪᠡᠯᠡ ᠣᠷᠣᠭᠤᠯᠤᠭᠴᠢ ᠬᠦᠬᠡᠬᠤᠲᠠ ᠳᠤ  ᠰᠠᠭᠤᠷᠢᠰᠢᠨ ᠰᠣᠶᠣᠯ ᠵᠢᠭᠤᠯᠴᠢᠯᠠᠯ᠂ ᠰᠣᠶᠣᠯ ᠦᠵᠡᠰᠬᠦᠯᠡᠩ ᠤᠨ ᠴᠤᠭᠯᠠᠭᠠᠨ᠂ ᠭᠠᠷ ᠤᠷᠠᠯᠠᠯ᠂  ᠤᠷᠠᠨ ᠵᠢᠷᠤᠭ  ᠂ ᠺᠠᠷᠲ᠋ᠣᠨ ᠺᠢᠨᠣ᠋᠂ ᠪᠦᠲᠦᠭᠡᠯᠴᠢ ᠵᠢᠷᠤᠭ ᠲᠥᠯᠥᠪᠯᠡᠭᠡ᠂ ᠲᠣᠭᠯᠠᠯᠲᠠ ᠵᠤᠭ᠎ᠠ ᠴᠡᠩᠭᠡᠯ ᠵᠡᠷᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠨ ᠳᠤ ᠪᠡᠯᠡ ᠤᠷᠤᠭᠤᠯᠬᠤ ᠶᠢ ᠵᠣᠷᠢᠭᠵᠢᠭᠤᠯᠤᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠥᠷᠥᠩᠭᠡ ᠪᠠ ᠭᠠᠳᠠᠭᠠᠳᠤ ᠶᠢᠨ ᠪᠡᠯᠡ ᠶᠢᠨ ᠲᠥᠷᠥ ᠶᠢᠨ ᠪᠣᠳᠣᠯᠭ᠎ᠠ ᠳᠤ ᠨᠡᠶᠢᠴᠡᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠨ ᠳᠤ ᠣᠷᠣᠬᠤ ᠳᠤ᠂ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ᠂ ᠬᠢᠷᠢ ᠬᠡᠮ ᠢ ᠮᠠᠭᠠᠳᠯᠠᠨ ᠲᠣᠭᠲᠠᠭᠠᠬᠤ᠂ ᠦᠨᠡᠮᠯᠡᠯ ᠣᠯᠭᠤᠬᠤ ᠵᠡᠷᠭᠡ ᠲᠠᠯ᠎ᠠ ᠪᠠᠷ ᠤᠯᠤᠰ ᠤᠨ ᠥᠮᠴᠢᠯᠡᠯ ᠤᠨ ᠰᠣᠶᠣᠯ ᠤᠨ ᠠᠵᠤ ᠠᠬᠤᠶᠢᠯᠠᠯ ᠲᠠᠢ ᠠᠳᠠᠯᠢ ᠲᠡᠭᠰᠢ ᠬᠠᠷᠠᠭᠠᠯᠵᠠᠯ ᠬᠦᠷᠲᠡᠭᠡᠨ᠎ᠡ᠃ ᠨᠡᠶᠢᠲᠡ ᠶᠢᠨ ᠥᠮᠴᠢᠯᠡᠯ ᠤᠨ ᠪᠤᠰᠤ ᠬᠥᠷᠥᠩᠭᠡ ᠶᠢᠨ ᠪᠡᠯᠡ ᠣᠷᠣᠭᠤᠯᠬᠤ᠂ ᠬᠤᠪᠢ ᠣᠷᠣᠭᠤᠯᠬᠤ᠂ ᠨᠡᠶᠢᠯᠡᠭᠦᠯᠬᠦ ᠵᠡᠷᠭᠡ ᠬᠡᠯᠪᠡᠷᠢ ᠪᠠᠷ ᠪᠠᠶᠢᠭᠤᠯᠤᠯ ᠢᠶᠠᠨ ᠬᠤᠪᠢᠷᠠᠭᠤᠯᠵᠤ ᠠᠵᠤ ᠠᠬᠤᠶᠢᠯᠠᠯ ᠪᠤᠯᠭᠠᠨ ᠥᠭᠡᠷᠡᠴᠢᠯᠡᠬᠦ᠂ ᠤᠯᠤᠰ ᠤᠨ ᠦᠮᠴᠢᠯᠡᠯᠲᠦ ᠰᠣᠶᠣᠯ ᠤᠨ ᠨᠢᠭᠡᠴᠡ ᠶᠢᠨ ᠡᠳ᠋ ᠬᠥᠷᠥᠩᠭᠡ ᠶᠢ ᠲᠠᠬᠢᠨ ᠵᠣᠬᠢᠶᠠᠨ ᠪᠠᠶᠢᠭᠤᠯᠬᠤ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠤᠨ ᠦᠮᠴᠢᠯᠡᠯᠲᠦ ᠰᠣᠶᠣᠯ ᠤᠨ ᠨᠢᠭᠡᠴᠡ ᠶᠢᠨ ᠦᠮᠴᠢᠯᠡᠯ ᠤᠨ ᠡᠷᠬᠡ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠳᠠᠩᠰᠠᠯᠠᠬᠤ  ᠴᠤᠪᠤᠷᠠᠯ ᠢ ᠵᠢᠷᠤᠮᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠰᠢᠶᠡᠷᠡᠭᠰᠡᠨ ᠬᠡᠪᠴᠢᠶᠡᠨ ᠳᠣᠲᠣᠷ᠎ᠠ᠂ ᠪᠠᠷᠢᠮᠵᠢᠶ᠎ᠠ ᠶᠢ ᠠᠭᠤᠵᠢᠭᠤ ᠪᠣᠯᠭᠠᠬᠤ ᠪᠤᠶᠤ ᠲᠠᠰ ᠳᠠᠷᠠᠭᠠᠯᠠᠯ ᠢ ᠳᠥᠭᠦᠮᠴᠢᠯᠡᠬᠦ ᠬᠡᠷᠡᠭᠲᠡᠢ᠃      ᠣᠳᠣ ᠦᠶ᠎ᠡ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠤᠨ᠎ᠠ᠃ ᠬᠥᠭᠵᠢᠯᠲᠡ ᠴᠡᠴᠡᠭᠯᠡᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠠᠬ᠎ᠠ ᠳᠡᠯᠭᠡᠭᠦᠷ ᠤᠨ ᠪᠠᠶᠢᠷᠢᠰᠢᠯ ᠢ ᠲᠤᠬᠢᠷᠠᠭᠤᠯᠤᠨ᠂ ᠵᠠᠬ᠎ᠠ ᠳᠡᠯᠭᠡᠭᠦᠷ ᠤᠨ ᠪᠦᠲᠦᠴᠡ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠤᠨ ᠵᠢᠷᠤᠮᠵᠢᠭᠤᠯᠤᠨ᠂ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠳᠬᠦᠨ ᠪᠠ ᠦᠢᠯᠡᠳᠪᠦᠷᠢᠯᠡᠯ ᠤᠨ ᠡᠯᠧᠮᠧᠨ᠋ᠲ ᠤᠨ ᠵᠦᠢ ᠵᠣᠬᠢᠰᠲᠠᠶ‌ᠡᠷᠭᠢᠯᠳᠦᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠭᠠᠴᠢᠯᠠᠭᠰᠠᠨ ᠵᠠᠭᠤᠴᠢᠯᠠᠭᠤᠷ  ᠤᠨ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂ ᠡᠭᠦᠳᠦᠨ ᠪᠦᠲᠦᠭᠡᠬᠦ ᠦᠢᠯᠡᠰ᠂ ᠰᠣᠶᠣᠯ ᠤᠨ ᠦᠵᠡᠰᠬᠦᠯᠡᠩ  ᠤᠨ ᠦᠢᠯᠡᠰ᠂ ᠰᠣᠶᠣᠯ ᠴᠡᠩᠭᠡᠯ  ᠲᠣᠭᠯᠠᠯᠲᠠ ᠶᠢᠨ ᠦᠢᠯᠡᠰ᠂ ᠬᠡᠪᠯᠡᠨ ᠳᠠᠷᠤᠮᠯᠠᠬᠤ ᠪᠠ ᠲᠠᠷᠬᠠᠭᠠᠯᠲᠠ᠂ ᠤᠷᠠᠯᠢᠭ  ᠤᠨ ᠪᠦᠲᠦᠭᠡᠭᠳᠡᠬᠦᠨ ᠢ ᠬᠤᠷᠢᠶᠠᠨ ᠬᠠᠳᠠᠭᠠᠯᠠᠬᠤ ᠪᠠ ᠠᠷᠠᠯᠵᠢᠶᠠᠯᠠᠬᠤ ᠦᠢᠯᠡᠰ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠢ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠤᠨ ᠡᠳ᠋ ᠬᠥᠷᠥᠩᠭᠡ ᠶᠢ ᠦᠨᠡᠯᠡᠨ ᠵᠢᠱᠢᠬᠦ ᠪᠠ ᠰᠣᠶᠣᠯ ᠵᠢᠭᠤᠯᠴᠢᠯᠠᠯ ᠤᠨ ᠦᠮᠴᠢᠯᠡᠯ ᠤᠨ ᠡᠷᠬᠡ ᠶᠢ ᠠᠷᠠᠯᠵᠢᠶᠠᠯᠠᠬᠤ ᠰᠢᠰᠲ᠋ᠧᠮᠵᠢ ᠶᠢ ᠪᠠᠶᠢᠭᠤᠯᠵᠤ᠂ ᠡᠯ᠎ᠡ ᠲᠥᠷᠥᠯ ᠤᠨ ᠰᠤᠶᠤᠯ ᠵᠢᠭᠤᠯᠴᠢᠯᠠᠯ ᠤᠨ ᠡᠳ᠋ ᠬᠦᠷᠤᠩᠭᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠵᠠᠭᠤᠴᠢ ᠶᠢᠨ ᠣᠷᠣᠯᠠᠨ ᠭᠦᠢᠴᠡᠳᠬᠡᠬᠦ᠂ ᠦᠨᠡᠯᠡᠨ ᠵᠢᠱᠢᠵᠦ ᠬᠢᠨᠠᠨ ᠲᠣᠭᠲᠠᠭᠠᠬᠤ᠂ ᠲᠦᠭᠰᠢᠭᠦᠷᠢᠲᠦ ᠪᠡᠯᠡ ᠣᠷᠣᠭᠤᠯᠤᠯᠲᠠ᠂ ᠦᠨ᠎ᠡ ᠬᠠᠶᠠᠯᠴᠠᠨ ᠬᠤᠳᠠᠯᠳᠤᠬᠤ ᠵᠡᠷᠭᠡ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ  ᠶᠢ ᠬᠦᠭᠵᠢᠭᠦᠯᠵᠦ ᠰᠣᠶᠣᠯ ᠵᠢᠭᠤᠯᠴᠢᠯᠠᠯ ᠤᠨ ᠦᠢᠯᠡᠳᠬᠦᠨ ᠪᠠ ᠦᠢᠯᠡᠳᠪᠦᠷᠢᠯᠡᠯ ᠤᠨ ᠡᠯᠧᠮᠧᠨ᠋ᠲ ᠤᠨ ᠵᠦᠢ ᠵᠣᠬᠢᠰᠲᠠᠶ ᠡᠷᠭᠢᠯᠳᠦᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠡᠯᠡ ᠮᠥᠩᠭᠦ ᠶᠢᠨ ᠪᠠᠲᠤᠯᠠᠭ᠎ᠠ᠂ ᠲᠠᠪᠴᠠᠩ ᠪᠠᠶᠢᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠰᠣᠶᠣᠯ ᠤᠨ ᠪᠦᠲᠦᠭᠡᠯᠴᠢ ᠠᠵᠤ ᠦᠢᠯᠡᠰ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠪᠣᠳᠠᠲᠤ ᠬᠦᠴᠦᠨ ᠲᠠᠢ ᠠᠵᠤ ᠠᠬᠤᠶᠢᠯᠠᠯ᠂ ᠪᠦᠯᠬᠦᠮ ᠨᠢᠭᠡᠴᠡ᠂ ᠬᠤᠪᠢ ᠬᠥᠮᠦᠨ ᠬᠠᠤᠯᠢ ᠶᠣᠰᠣᠭᠠᠷ ᠡᠯ᠎ᠡ ᠲᠥᠷᠥᠯ ᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠ ᠪᠠᠶᠢᠭᠤᠯᠤᠮᠵᠢ ᠡᠭᠦᠰᠭᠡᠨ ᠪᠠᠶᠢᠭᠤᠯᠬᠤ ᠶᠢ ᠵᠣᠷᠢᠭᠵᠢᠭᠤᠯᠵᠤ᠂ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠡᠯᠡ ᠮᠥᠩᠭᠦ  ᠶᠢᠨ ᠤᠷᠤᠵᠤ ᠢᠷᠡᠬᠦ ᠶᠢ ᠬᠥᠲᠥᠯᠥᠨ ᠵᠢᠯᠣᠭᠤᠳᠤᠨ᠎ᠠ᠃ ᠨᠥᠬᠦᠴᠡᠯ ᠳᠤ ᠨᠡᠶᠢᠴᠡᠬᠦ ᠰᠣᠶᠣᠯ ᠤᠨ ᠪᠦᠲᠦᠭᠡᠯᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠣᠬᠤᠷ ᠬᠤᠭᠤᠴᠠᠭᠠᠨ ᠤ ᠪᠠᠯᠠ ᠲᠣᠬᠢᠷᠠᠭᠤᠯᠬᠤ ᠲᠡᠮᠳᠡᠭᠲᠦ ᠪᠠ ᠳᠤᠮᠳᠠ ᠬᠤᠭᠤᠴᠠᠭᠠᠨ ᠤ ᠫᠢᠶᠣᠣ ᠪᠠᠷᠢᠮᠲᠠ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠯᠠ  ᠲᠤᠬᠢᠷᠠᠭᠤᠯᠵᠤ᠂ ᠰᠣᠶᠣᠯ ᠤᠨ ᠪᠦᠲᠦᠭᠡᠯᠴᠢ ᠠᠵᠤ ᠠᠬᠤᠶᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢ ᠬᠠᠮᠲᠤᠷᠠᠨ ᠲᠠᠷᠬᠠᠭᠠᠬᠤ ᠲᠤᠷᠰᠢᠯᠲᠠ ᠦᠷᠨᠢᠭᠦᠯᠬᠦ ᠶᠢ ᠵᠤᠷᠢᠭᠵᠢᠭᠤᠯᠤᠨ᠎ᠠ᠃ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠳᠬᠡᠵᠦ᠂ ᠬᠤᠳᠠᠯᠳᠤᠭᠠᠨ ᠤ ᠬᠡᠪ ᠵᠠᠭᠪᠤᠷ ᠤᠨ ᠲᠠᠯ᠎ᠠ ᠳᠤ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃      ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠰᠣᠶᠣᠯ ᠤᠨ ᠵᠠᠬ᠎ᠠ ᠳᠡᠯᠭᠡᠭᠦᠷ ᠢ ᠬᠥᠲᠥᠯᠥᠨ ᠵᠢᠯᠣᠭᠤᠳᠴᠤ ᠪᠠᠶᠢᠭᠠᠳ ᠬᠡᠪᠴᠢᠶᠡᠵᠢᠭᠦᠯᠬᠦ᠂ ᠬᠤᠯᠪᠤᠭᠠᠯᠭᠤᠯᠬᠤ᠂ ᠠᠵᠤ ᠦᠢᠯᠡᠰᠵᠢᠭᠦᠯᠬᠦ᠂ ᠨᠠᠷᠠᠲᠤ ᠲᠡᠮᠲᠡᠭᠵᠢᠭᠦᠯᠬᠦ  ᠲᠡᠶᠢᠰᠢ ᠬᠥᠭᠵᠢᠭᠦᠯᠦᠨ᠎ᠡ᠃ ᠬᠠᠮᠢᠶᠠᠷᠤᠯᠲᠠ ᠨᠢ ᠵᠢᠷᠤᠮᠵᠢᠭᠰᠠᠨ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠡᠳᠬᠦᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠢ ᠬᠦᠴᠦᠷᠬᠡᠭᠵᠢᠭᠦᠯᠵᠦ᠂ ᠰᠢᠯᠢᠳᠡᠭᠵᠢᠭᠦᠯᠵᠦ᠂ ᠥᠪᠡᠷᠮᠢᠴᠡ ᠣᠨᠴᠠᠯᠢᠭ ᠲᠠᠢ ᠪᠣᠯᠭᠠᠨ᠎ᠠ᠃ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠨ ᠲᠦᠮᠡᠨᠴᠢ ᠴᠢᠨᠠᠷᠲᠠᠢ ᠰᠣᠶᠣᠯ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠤᠯᠠᠨ ᠲᠠᠰ ᠳᠠᠪᠬᠤᠷᠭ᠎ᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠠᠴᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠡᠶᠢᠰᠢ ᠬᠤᠪᠢᠷᠠᠭᠤᠯᠵᠤ᠂ ᠨᠡᠮᠡᠭᠳᠡᠯ ᠤᠨ ᠠᠷᠭ᠎ᠠ ᠬᠡᠯᠪᠡᠷᠢ ᠪᠡᠯᠡ ᠮᠥᠩᠭᠦ ᠶᠢᠨ ᠣᠷᠣᠭᠤᠯᠤᠯᠲᠠ ᠶᠢ ᠬᠥᠭᠡᠭᠡᠴᠡᠯᠳᠦᠬᠦ ᠪᠠ ᠡᠵᠡᠩᠨᠡᠯᠲᠡ ᠪᠠᠷ ᠬᠡᠷᠡᠭᠯᠡᠭᠡ ᠶᠢ ᠠᠬᠢᠭᠤᠯᠬᠤ ᠪᠠᠷ ᠭᠤᠣᠯ ᠪᠣᠯᠭᠠᠵᠤ ᠪᠠᠶᠢᠭᠰᠠᠨ ᠠᠴᠠ ᠬᠡᠷᠡᠭᠯᠡᠭᠡ ᠪᠠᠷ ᠡᠵᠡᠩᠨᠡᠯᠲᠡ ᠶᠢ ᠠᠬᠢᠭᠤᠯᠬᠤ᠂ ᠡᠵᠡᠩᠨᠡᠯᠲᠡ ᠪᠠᠷ ᠬᠥᠭᠵᠢᠯᠲᠡ ᠶᠢ ᠠᠬᠢᠭᠤᠯᠬᠤ ᠪᠠᠷ ᠭᠤᠣᠯ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠭᠤᠣᠯᠳᠠᠯᠭ᠎ᠠ ᠶᠢ ᠬᠤᠲᠠ ᠪᠠᠷ ᠭᠤᠣᠯ ᠪᠣᠯᠭᠠᠵᠤ ᠪᠠᠶᠢᠭᠰᠠᠨ ᠠᠴᠠ ᠬᠤᠳᠠ ᠬᠥᠳᠡᠭᠡ ᠶᠢ ᠵᠡᠷᠭᠡ ᠪᠠᠷ ᠴᠢᠬᠤᠯᠠᠴᠢᠯᠠᠬᠤ ᠪᠣᠯᠭᠠᠨ ᠬᠤᠪᠢᠷᠠᠭᠤᠯᠤᠨ᠎ᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠠᠭᠤᠷᠢ‌ᠦᠢᠯᠡᠳᠦᠯ ᠢ ᠪᠠᠳᠠᠷᠠᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠬᠥᠷᠥᠩᠭᠡ᠂ ᠥᠮᠴᠢᠯᠡᠬᠦ ᠡᠷᠬᠡ᠂ ᠮᠡᠳᠡᠭᠡ ᠵᠠᠩᠭᠢ᠂ ᠮᠡᠷᠭᠡᠵᠢᠯ ᠵᠡᠷᠭᠡ ᠴᠢᠬᠤᠯᠠ ᠬᠦᠴᠦᠨ ᠵᠦᠢᠯ ᠟ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠪᠣᠯᠤᠨ ᠮᠡᠳᠡᠭᠡᠯᠡᠯ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠪᠣᠯᠪᠠᠰᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠬᠤᠨ ᠢᠶᠠᠷ ᠥᠨᠳᠥᠷ ᠣᠳᠣᠬᠢᠴᠢᠯᠠᠭᠰᠠᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠯᠪᠡᠷᠢ ᠪᠣᠯᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠠᠵᠢᠯ ᠲᠥᠷᠥᠯ ᠤᠨ ᠵᠠᠭᠤᠴᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠣᠷᠢᠭᠵᠢᠭᠤᠯᠵᠤ᠂ ᠰᠣᠶᠣᠯ ᠤᠨ ᠵᠠᠬ᠎ᠠ ᠳᠡᠯᠭᠡᠭᠦᠷ ᠬᠢᠭᠡᠳ ᠵᠢᠭᠤᠯᠴᠢᠯᠠᠯ᠂ ᠪᠡᠶ᠎ᠡ ᠶᠢᠨ ᠲᠠᠮᠢᠷ᠂ ᠰᠡᠯᠡᠭᠦᠴᠡᠯ ᠵᠡᠷᠭᠡ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠬᠤᠯᠪᠤᠯᠳᠤᠨ ᠬᠥᠭᠵᠢᠬᠦ ᠶᠢ ᠠᠬᠢᠭᠤᠯᠤᠨ᠎ᠠ᠃      ︵ᠳᠥᠷᠪᠡ︶ ᠰᠠᠭᠤᠷᠢ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ  ᠃ᠵᠢᠭᠤᠯᠴᠢᠯᠠᠯ ᠤᠨ ᠢᠯᠡᠷᠬᠡᠶᠢᠯᠡᠯ ᠲᠡᠮᠲᠡᠭ ᠤᠨ ᠰᠢᠰᠲ᠋ᠧᠮ ᠢ ᠪᠠᠶᠢᠭᠤᠯᠤᠨ᠎ᠠ᠃ ᠪᠠᠷᠢᠮᠵᠢᠶᠠᠵᠢᠭᠤᠯᠬᠤ ᠪᠠ ᠥᠪᠡᠷᠮᠢᠴᠡ ᠪᠣᠯᠭᠠᠬᠤ ᠪᠠᠷ ᠠᠷᠭ᠎ᠠ ᠪᠠᠷᠢᠯ ᠪᠣᠯᠭᠠᠵᠤ᠂ ᠵᠢᠭᠤᠯᠴᠢᠯᠠᠯ ᠤᠨ ᠢᠯᠡᠷᠬᠡᠶᠢᠯᠡᠯ ᠲᠡᠮᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠠᠮ ᠬᠠᠷᠢᠯᠴᠠᠭᠠᠨ ᠤ ᠬᠥᠲᠥᠯᠥᠨ ᠵᠢᠯᠣᠭᠤᠳᠬᠤ ᠰᠢᠰᠲ᠋ᠧᠮ ᠢ ᠵᠢᠷᠤᠮᠵᠢᠭᠤᠯᠤᠨ ᠲᠣᠬᠢᠷᠠᠭᠤᠯᠵᠤ᠂ ᠵᠠᠮ ᠱᠤᠭᠤᠮ ᠤᠨ ᠰᠢᠰᠲ᠋ᠧᠮ ᠬᠢᠭᠡᠳ ᠭᠠᠵᠠᠷ   ᠤᠨ ᠵᠢᠷᠤᠭ ᠤᠨ ᠰᠢᠰᠲ᠋ᠧᠮ ᠵᠤᠬᠢᠴᠠᠵᠤ ᠨᠢᠭᠡᠲᠦᠭᠰᠡᠨ ᠤᠯᠠᠨ ᠲᠠᠯ᠎ᠠ ᠶᠢᠨ ᠬᠥᠲᠥᠯᠥᠨ ᠵᠢᠯᠣᠭᠤᠳᠬᠤ ᠰᠢᠰᠲ᠋ᠧᠮ ᠢ ᠪᠣᠶ ᠪᠣᠯᠭᠠᠨ᠎ᠠ᠃ ᠵᠠᠮ ᠬᠠᠷᠢᠯᠴᠠᠭᠠᠨ ᠤ  ᠭᠤᠤᠯ ᠵᠠᠮ ᠱᠤᠭᠤᠮ ᠳᠡᠭᠡᠷ᠎ᠡ᠂ ᠵᠢᠷᠤᠮᠵᠢᠭᠰᠠᠨ ᠢᠯᠡᠷᠬᠡᠢ ᠵᠠᠮ ᠱᠤᠭᠤᠮ ᠢ ᠵᠢᠭᠠᠭᠰᠠᠨ‌ᠢᠯᠡᠷᠬᠡᠶᠢᠯᠡᠯ  ᠫᠠᠶᠢᠵᠠ ᠲᠣᠬᠢᠷᠠᠭᠤᠯᠵᠤ᠂ ᠭᠤᠣᠯ ᠪᠣᠯᠬᠤ ᠦᠵᠡᠮᠵᠢ ᠶᠢᠨ ᠣᠷᠣᠨ ᠤ ᠤᠶᠢᠷ᠎ᠠ ᠬᠠᠪᠢ ᠶᠢᠨ ᠭᠤᠣᠯ ᠵᠠᠮ᠂ ᠲᠦᠷᠭᠡᠨ ᠵᠠᠮ ᠤᠨ ᠭᠠᠷᠬᠤ ᠠᠮᠠᠰᠠᠷ ᠵᠡᠷᠭᠡ ᠭᠠᠵᠠᠷ ᠲᠤ ᠵᠢᠭᠤᠯᠴᠢᠯᠠᠯ ᠤᠨ ᠳᠦᠷᠢ ᠲᠦᠷᠬᠦ ᠶᠢᠨ ᠢᠯᠡᠷᠬᠡᠶᠢᠯᠡᠯ  ᠫᠠᠶᠢᠵᠠ ᠲᠣᠬᠢᠷᠠᠭᠤᠯᠵᠤ᠂ ᠬᠥᠲᠥᠯᠥᠨ ᠵᠢᠭᠤᠯᠴᠢᠯᠠᠬᠤ ᠢᠯᠡᠷᠬᠡᠶᠢᠯᠡᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃      ᠵᠣᠷᠯᠣᠩ ᠤᠨ ᠬᠤᠪᠢᠰᠤᠯᠲᠠ ᠶᠢ ᠶᠡᠬᠡᠪᠡᠷ ᠠᠬᠢᠭᠤᠯᠤᠨ᠎ᠠ᠃ ᠵᠢᠭᠤᠯᠴᠢᠯᠠᠯ ᠤᠨ ᠵᠣᠷᠯᠣᠩ ᠢ ᠪᠦᠷᠢᠨ ᠪᠦᠷᠬᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠢᠭᠤᠯᠴᠢᠯᠠᠯ ᠤᠨ ᠦᠵᠡᠮᠵᠢᠲᠦ ᠣᠷᠣᠨ᠂ ᠵᠢᠭᠤᠯᠴᠢᠯᠠᠯ ᠤᠨ ᠵᠠᠰᠠᠮᠠᠯ ᠵᠠᠮ ᠳᠠᠭᠠᠤ᠂ ᠬᠤᠲᠠ ᠶᠢᠨ ᠵᠢᠭᠤᠯᠴᠢᠯᠠᠯ ᠤᠨ ᠵᠡᠭᠡᠯᠢ ᠲᠣᠭᠤᠷᠢᠭ᠂ ᠵᠢᠭᠤᠯᠴᠢᠯᠠᠯ ᠤᠨ ᠬᠤᠭᠤᠯᠠᠨ ᠭᠡᠷ᠂ ᠵᠢᠭᠤᠯᠴᠢᠯᠠᠯ ᠵᠤᠭ᠎ᠠ ᠴᠡᠩᠭᠡᠯ ᠤᠨ ᠲᠠᠯᠠᠪᠤᠷ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠵᠡᠷᠭᠡ ᠣᠷᠣᠨ ᠪᠦᠰᠡ ᠳᠤ ᠵᠢᠭᠤᠯᠴᠢᠯᠠᠯ ᠤᠨ ᠵᠣᠷᠯᠣᠩ ᠢ ᠪᠦᠲᠦᠭᠡᠨ ᠪᠠᠶᠢᠭᠤᠯᠵᠤ᠂ ᠲᠤᠭ᠎ᠠ ᠬᠡᠮᠵᠢᠶ᠎ᠡ ᠨᠢ ᠭᠦᠢᠴᠡᠳ ᠂ ᠠᠷᠢᠭᠤᠨ ᠴᠡᠪᠡᠷ᠂  ᠬᠡᠷᠡᠭᠯᠡᠬᠦ ᠳᠤ ᠲᠥᠯᠥᠪᠦᠷᠢ ᠠᠪᠬᠤ ᠥᠬᠡᠶ᠂ ᠬᠠᠮᠢᠶᠠᠷᠤᠯᠲᠠ ᠪᠠᠷ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃ ︽ᠬᠤᠳᠠᠯᠳᠤᠭ᠎ᠠ ᠪᠠᠷ ᠵᠣᠷᠯᠣᠩ ᠢ ᠪᠠᠶᠢᠭᠤᠯᠬᠤ᠂ ᠬᠤᠳᠠᠯᠳᠤᠭ᠎ᠠ ᠪᠠᠷ ᠵᠣᠷᠯᠣᠩ ᠢ ᠡᠵᠡᠩᠨᠡᠬᠦ᠂ ᠬᠤᠳᠠᠯᠳᠤᠭ᠎ᠠ ᠪᠠᠷ ᠵᠣᠷᠯᠣᠩ ᠢ ᠬᠠᠮᠢᠶᠠᠷᠬᠤ︾  ᠬᠡᠪ ᠢ ᠰᠦᠪᠡᠭᠴᠢᠯᠡᠨ᠂ ᠨᠡᠶᠢᠭᠡᠮ ᠤᠨ ᠪᠠᠯᠠ ᠮᠥᠩᠭᠦ ᠶᠢ ᠲᠠᠲᠠᠵᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠣᠷᠣᠯᠴᠠᠭᠤᠯᠵᠤ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠵᠢᠭᠤᠯᠴᠢᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠤᠨ᠂ ᠵᠢᠭᠤᠯᠴᠢᠯᠠᠯ ᠤᠨ ᠵᠣᠷᠯᠣᠩ ᠤᠨ ᠲᠤᠭ᠎ᠠ ᠬᠡᠮᠵᠢᠶ᠎ᠡ ᠶᠢ ᠵᠢᠭᠤᠯᠴᠢᠯᠠᠭᠰᠠᠳ ᠤᠨ ᠬᠡᠷᠡᠭᠴᠡᠭᠡ ᠳᠤ ᠵᠣᠬᠢᠴᠠᠭᠤᠯᠬᠤ ᠶᠢ ᠪᠡᠶᠡᠯᠡᠭᠦᠯᠦᠨ᠎ᠡ᠃      ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ 3 A ᠲᠡᠰ ᠠᠴᠠ ᠳᠡᠭᠡᠭᠰᠢᠬᠢ ᠦᠵᠡᠮᠵᠢ ᠶᠢᠨ ᠣᠷᠣᠨ᠂ ᠬᠤᠳᠠᠯᠳᠤᠭᠠᠨ ᠤ ᠲᠥᠪ᠂ ᠭᠤᠤᠯᠳᠠᠯᠭ᠎ᠠ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠣᠷᠣᠨ ᠵᠢᠴᠢ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ ᠵᠠᠮ ᠬᠠᠷᠢᠯᠴᠠᠭᠠᠨ ᠤ  ᠬᠦᠢᠰᠦ  ᠭᠠᠵᠠᠷ ᠶᠢᠨ ᠵᠢᠭᠤᠯᠴᠢᠯᠠᠯ ᠤᠨ ᠠᠰᠠᠭᠤᠨ ᠯᠠᠪᠯᠠᠬᠤ ᠲᠥᠪ ᠪᠠ ᠵᠢᠭᠤᠯᠴᠢᠯᠠᠭᠰᠠᠳ ᠤᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠂ ᠦᠵᠡᠮᠵᠢ ᠶᠢᠨ ᠣᠷᠣᠨ᠂ ᠵᠠᠮ ᠱᠤᠭᠤᠮ᠂ ᠵᠠᠮ ᠬᠠᠷᠢᠯᠴᠠᠭ᠎ᠠ᠂ ᠴᠠᠭ ᠠᠭᠤᠷ᠂ ᠠᠮᠤᠷ ᠲᠦᠪᠰᠢᠨ᠂ ᠡᠮᠴᠢᠯᠡᠭᠡᠨ ᠤ ᠲᠦᠷᠭᠡᠨ ᠠᠪᠤᠷᠠᠯᠲᠠ ᠵᠡᠷᠭᠡ ᠮᠡᠳᠡᠭᠡ ᠵᠠᠩᠭᠢ ᠪᠠ ᠠᠰᠠᠭᠤᠨ ᠯᠠᠪᠯᠠᠬᠤ ᠦᠢᠯᠡᠴᠢᠯᠡᠭᠡ ᠶᠢ ᠲᠦᠯᠦᠪᠦᠷᠢ ᠦᠭᠡᠢ ᠪᠠᠷ ᠬᠠᠩᠭᠠᠵᠤ᠂ ᠣᠷᠣᠨ ᠪᠦᠰᠡ ᠶᠢᠨ ᠴᠢᠨᠠᠷᠲᠠᠶ ᠵᠢᠭᠤᠯᠴᠢᠯᠠᠭᠰᠠᠳ ᠢ ᠠᠪᠤᠷᠠᠨ ᠲᠤᠰᠠᠯᠠᠬᠤ᠂ ᠰᠤᠯᠠ ᠵᠢᠭᠤᠯᠴᠢᠯᠠᠭᠰᠠᠳ ᠤᠨ ᠦᠪᠡᠷ ᠢᠶᠠᠨ ᠲᠤᠰᠠᠯᠠᠬᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ᠂ ᠵᠢᠭᠤᠯᠴᠢᠯᠠᠯ ᠤᠨ ᠠᠰᠠᠭᠤᠨ ᠯᠠᠪᠯᠠᠬᠤ᠂ ᠵᠢᠭᠤᠯᠴᠢᠯᠠᠯ ᠤᠨ ᠵᠠᠭᠠᠯᠳᠤᠯᠭ᠎ᠠ ᠶᠢ  ᠰᠢᠢᠳᠪᠦᠷᠢᠯᠡᠬᠦ᠂ ᠵᠢᠭᠤᠯᠴᠢᠯᠠᠯ ᠤᠨ ᠬᠥᠲᠥᠴᠢ ᠦᠢᠯᠡᠴᠢᠯᠡᠭᠡ᠂ ᠵᠢᠭᠤᠯᠴᠢᠯᠠᠭᠰᠠᠳ ᠤᠨ  ᠠᠮᠠᠷᠠᠬᠤ ᠭᠠᠵᠠᠷ᠂ ᠢᠳᠡᠭᠡᠨ ᠤᠮᠳᠠᠭᠠᠨ ᠵᠤᠭ᠎ᠠ ᠴᠡᠩᠭᠡᠯ᠂ ᠦᠵᠡᠮᠵᠢ ᠶᠢᠨ ᠭᠠᠵᠠᠷ ᠤᠨ ᠡᠭᠦᠳᠡᠨ ᠪᠢᠯᠧᠲ ᠤᠨ ᠪᠣᠷᠣᠯᠠᠭᠤᠯᠭ᠎ᠠ᠂ ᠭᠠᠯᠲᠤ ᠲᠡᠷᠭᠡᠨ ᠤ ᠪᠢᠯᠧᠲ ᠪᠠ ᠨᠢᠰᠬᠡᠯ ᠤᠨ ᠪᠢᠯᠧᠲ ᠢ ᠣᠷᠣᠯᠠᠨ ᠭᠦᠢᠴᠡᠳᠭᠡᠬᠦ᠂ ᠪᠠᠭᠤᠳᠠᠯ ᠳᠤ ᠭᠡᠷ ᠵᠠᠬᠢᠶᠠᠯᠠᠬᠤ᠂ ᠲᠡᠷᠭᠡ ᠲᠦᠷᠢᠶᠡᠰᠦᠯᠡᠬᠦ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠎ᠡ᠃ ︽ᠬᠡᠨ ᠪᠠᠶᠢᠭᠤᠯᠪᠠᠯ ᠬᠡᠨ ᠬᠠᠮᠢᠶᠠᠷᠴᠤ ᠬᠡᠨ ᠠᠰᠢᠭ ᠬᠦᠷᠲᠡᠬᠦ︾ ᠵᠠᠷᠴᠢᠮ ᠶᠣᠰᠣᠭᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠭᠠᠵᠠᠷ ᠤᠨ ᠲᠡᠷᠭᠡ ᠵᠣᠭᠰᠣᠬᠤ ᠲᠠᠯᠠᠪᠠᠢ ᠶᠢ ᠪᠠᠶᠢᠭᠤᠯᠤᠨ᠎ᠠ᠃      ᠡᠭᠦᠨ ᠠᠴᠠ ᠭᠠᠳᠠᠨ᠎ᠠ᠂ ᠵᠢᠭᠤᠯᠴᠢᠯᠠᠯ ᠤᠨ ᠬᠥᠲᠥᠴᠢ ᠦᠭᠡ᠂ ᠲᠠᠶᠢᠯᠪᠤᠷᠢᠯᠠᠬᠤ ᠦᠭᠡ ᠶᠢ  ᠨᠠᠶᠢᠷᠠᠭᠤᠯᠤᠨ ᠵᠣᠬᠢᠶᠠᠬᠤ ᠪᠠ ᠬᠥᠲᠥᠯᠥᠭᠴᠢ᠂ ᠲᠠᠶᠢᠯᠪᠤᠷᠢᠯᠠᠭᠴᠢ ᠶᠢᠨ ᠲᠠᠶᠢᠯᠪᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠰᠣᠶᠣᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ᠃ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠵᠠᠭᠤᠴᠢᠯᠠᠬᠤ ᠺᠣᠮᠫᠠᠨᠢ ᠶᠢ ᠬᠥᠭᠵᠢᠭᠦᠯᠵᠦ᠂ ᠬᠡᠪᠯᠡᠯ ᠤᠨ ᠡᠷᠬᠡ ᠶᠢᠨ ᠠᠷᠠᠯᠵᠢᠶ᠎ᠠ᠂ ᠰᠣᠶᠣᠯ ᠤᠷᠠᠯᠢᠭ᠂ ᠤᠷᠠᠯᠢᠭ ᠤᠨ ᠪᠦᠲᠦᠭᠡᠯ ᠤᠨ ᠠᠷᠠᠯᠵᠢᠶ᠎ᠠ ᠵᠡᠷᠭᠡ ᠨᠢᠭᠡ ᠪᠦᠯᠦᠭ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ  ᠲᠦᠷᠭᠡᠳᠬᠡᠨ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠮᠧᠨ᠋ᠲ ᠤᠨ ᠵᠦᠢ ᠵᠣᠬᠢᠰᠲᠠᠶ ᠲᠣᠬᠢᠷᠠᠭᠤᠯᠤᠯᠲᠠ ᠶᠢ ᠠᠬᠢᠭᠤᠯᠤᠨ᠎ᠠ᠃ ᠣᠶᠤᠨᠯᠢᠭ ᠵᠢᠭᠤᠯᠴᠢᠯᠠᠯ ᠢ ᠢᠳᠡᠪᠬᠢᠲᠡᠶ ᠲᠦᠯᠬᠢᠨ ᠠᠬᠢᠭᠤᠯᠵᠤ᠂ ︽ᠣᠶᠤᠨᠯᠢᠭ ᠵᠢᠭᠤᠯᠴᠢᠯᠠᠯ︾ ᠤᠨ ᠡᠯ᠎ᠡ ᠲᠥᠷᠥᠯ ᠤᠨ ᠲᠠᠪᠴᠠᠩ ᠤᠨ ᠪᠠᠭᠠᠵᠢ ᠶᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠂ ᠵᠢᠭᠤᠯᠴᠢᠯᠠᠯ ᠤᠨ ᠦᠵᠡᠮᠵᠢᠲᠦ ᠣᠷᠣᠨ ᠤ ᠣᠶᠤᠨᠴᠢᠯᠠᠭᠰᠠᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂  ᠠᠭᠤᠯᠭ᠎ᠠ ᠶᠢ ᠦᠪᠡᠷᠲᠡᠭᠡᠨ ᠲᠣᠭᠲᠠᠭᠠᠬᠤ᠂ ᠦᠵᠡᠮᠵᠢ ᠶᠢᠨ ᠭᠠᠵᠠᠷ ᠢ ᠬᠥᠲᠥᠯᠥᠨ ᠵᠢᠯᠣᠭᠤᠳᠴᠤ ᠬᠠᠷᠢᠯᠴᠠᠨ ᠠᠬᠢᠭᠤᠯᠬᠤ᠂  ᠬᠡᠷᠭᠡᠯᠭᠡᠨ ᠤ ᠮᠦᠩᠬᠦ ᠶᠢ ᠰᠦᠯᠵᠢᠶᠡᠨ ᠳᠡᠭᠡᠷ᠎ᠡ ᠲᠥᠯᠥᠬᠦ᠂ ᠪᠡᠶᠡᠴᠢᠯᠡᠨ ᠣᠶᠢᠯᠠᠭᠠᠬᠤ ᠵᠢᠴᠢ ᠲᠡᠷᠡ ᠳᠠᠷᠤᠶ ᠳᠤᠨᠢi ᠬᠤᠪᠢᠶᠠᠯᠴᠠᠬᠤ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠬᠡᠯᠪᠡᠷᠢ ᠪᠠᠶᠢᠳᠠᠯ ᠢ ᠪᠡᠶᠡᠯᠡᠭᠦᠯᠦᠨ᠎ᠡ᠃      ︵ᠲᠠᠪᠤ︶ ᠴᠢᠳᠠᠪᠤᠷᠢᠲᠠᠨ ᠤ ᠪᠠᠲᠤᠯᠠᠭ᠎ᠠ ᠶᠢ  ᠴᠢᠩᠭᠠᠳᠬᠠᠨ᠎ᠠ      ᠰᠣᠶᠣᠯ ᠵᠢᠭᠤᠯᠴᠢᠯᠠᠯ ᠤᠨ ᠴᠢᠳᠠᠪᠤᠷᠢᠲᠠᠨ ᠤ ᠪᠠᠶᠢᠭᠤᠯᠤᠯᠲᠠ ᠶᠢ ᠮᠠᠨ ᠤ ᠬᠤᠲᠠ ᠶᠢᠨ ᠴᠢᠳᠠᠪᠤᠷᠢᠲᠠᠨ ᠢ ᠬᠦᠮᠦᠵᠢᠭᠦᠯᠬᠦ ᠲᠥᠯᠥᠪᠯᠡᠭᠡ ᠳᠤ ᠣᠷᠣᠭᠤᠯᠵᠤ᠂ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠯ ᠤᠨ ᠶᠡᠭᠡ ᠳᠡᠭᠡᠳᠦ ᠰᠤᠷᠭᠠᠭᠤᠯᠢ᠂ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠵᠢᠭᠤᠯᠴᠢᠯᠠᠯ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ᠂ ᠵᠢᠭᠤᠯᠴᠢᠯᠠᠯ ᠤᠨ ᠡᠵᠡᠩᠨᠡᠯᠲᠡ ᠬᠠᠮᠢᠶᠠᠷᠤᠯᠲᠠ᠂ ᠵᠢᠭᠤᠯᠴᠢᠯᠠᠯ ᠤᠨ ᠲᠤᠰᠬᠠᠶ ᠮᠡᠷᠭᠡᠵᠢᠯ᠂ ᠵᠢᠭᠤᠯᠴᠢᠯᠠᠯ ᠤᠨ ᠦᠢᠯᠡᠴᠢᠯᠡᠭᠡᠨ ᠤ ᠤᠷ᠎ᠠ ᠴᠢᠳᠠᠪᠤᠷᠢ᠂ ᠵᠢᠭᠤᠯᠴᠢᠯᠠᠯ ᠤᠨ ᠬᠥᠲᠥᠴᠢ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠠᠳᠠᠯ ᠦᠢᠯᠡᠰ ᠪᠤᠰᠬᠠᠬᠤ ᠵᠡᠷᠭᠡ ᠡᠯ᠎ᠡ ᠲᠥᠷᠥᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ᠂ ᠡᠭᠡᠯᠵᠢᠯᠡᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠵᠢᠭᠤᠯᠴᠢᠯᠠᠯ ᠤᠨ ᠲᠤᠰᠬᠠᠶ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ᠎ᠡ᠃ ᠥᠪᠥᠷ ᠮᠣᠩᠭᠤᠯ ᠤᠨ ︽ᠵᠠᠭᠤᠨ ᠨᠡᠷᠡᠰ ᠵᠢᠭᠤᠯᠴᠢᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ︾ ᠶᠢ  ᠨᠠᠶᠢᠳᠠᠪᠤᠷᠢᠵᠢᠭᠤᠯᠤᠨ᠂ ︽ᠨᠠᠷᠠᠲᠤ ᠠᠵᠤ ᠠᠬᠤᠶᠢᠯᠠᠯ + ᠨᠠᠷᠠᠲᠤ ᠬᠤᠳᠠᠯᠳᠤᠭᠠᠨ ᠤ ᠳᠡᠭᠡᠳᠦ ᠰᠤᠷᠭᠠᠭᠤᠯᠢ︾ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃  ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠵᠤ ᠢᠷᠡᠬᠦ ᠡᠯ᠎ᠡ ᠵᠦᠢᠯ   ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠣᠶᠣᠯ ᠤᠨ ᠪᠦᠲᠦᠭᠡᠯᠴᠢ ᠲᠥᠰᠦᠪᠯᠡᠯ᠂ ᠪᠦᠲᠦᠭᠡᠯᠴᠢ ᠰᠠᠨᠠᠭ᠎ᠠ ᠶᠢᠨ ᠵᠢᠷᠤᠭ ᠲᠥᠯᠥᠪᠯᠡᠭᠡ᠂ ᠵᠢᠭᠤᠯᠴᠢᠯᠠᠯ ᠤᠨ ᠡᠵᠡᠩᠨᠡᠯᠲᠡ ᠬᠠᠮᠢᠶᠠᠷᠤᠯᠲᠠ᠂ ᠡᠵᠡᠩᠨᠡᠨ ᠪᠣᠷᠣᠯᠠᠭᠤᠯᠬᠤ ᠶᠢ ᠲᠦᠰᠦᠪᠯᠡᠬᠦ ᠵᠡᠷᠭᠡ ᠳᠡᠭᠡᠳᠦ ᠲᠠᠰ ᠤᠨ ᠴᠢᠳᠠᠪᠤᠷᠢᠲᠠᠨ ᠤ ᠮᠠᠨ ᠤ ᠬᠤᠲᠠ ᠳᠤ ᠢᠷᠡᠵᠦ ᠠᠳᠠᠯ ᠦᠢᠯᠡᠰ ᠴᠣᠭᠴᠠᠯᠠᠨ ᠠᠵᠢᠯ ᠤᠯᠬᠤ ᠶᠢ ᠵᠣᠷᠢᠭᠵᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠴᠢᠩᠭᠠᠳᠬᠠᠨ᠂ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠰᠣᠶᠣᠯ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠲᠠᠰᠤᠷᠠᠯᠳᠠ ᠥᠬᠡᠶ ᠳᠡᠭᠡᠭᠰᠢᠯᠡᠭᠦᠯᠦᠨ᠎ᠡ᠃      ︵ᠵᠢᠷᠭᠤᠭ᠎ᠠ︶ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃       ᠤᠬᠠᠭᠤᠯᠬᠤ᠂ ᠰᠣᠶᠣᠯ ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ ᠤ ᠪᠠᠲᠤᠯᠠᠭ᠎ᠠ᠂ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠠᠮᠲᠤᠷᠠᠨ ᠬᠠᠤᠯᠢ ᠬᠡᠷᠡᠭᠵᠢᠭᠦᠯᠬᠦ ᠪᠠ ᠡᠳᠦᠷ ᠲᠣᠲᠤᠮ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠬᠦᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠱᠠᠯᠢᠭ ᠵᠠᠪᠬᠠᠶ ᠪᠠ ᠹᠧᠣᠳᠠᠯ ᠤᠨ ᠮᠤᠬᠤᠷ ᠪᠢᠰᠢᠷᠡᠯ ᠢ ᠤᠬᠠᠭᠤᠯᠤᠭᠰᠠᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠬᠠᠤᠯᠢ ᠪᠤᠰᠤ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ᠂ ᠰᠣᠶᠣᠯ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠦᠨᠡᠨᠴᠢt ᠢᠲᠡᠭᠡᠮᠵᠢᠲᠠᠢ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠢᠲᠡᠭᠡᠮᠵᠢ ᠶᠢᠨ ᠵᠡᠷᠭᠡ ᠲᠡᠰ ᠤᠨ ᠳᠦᠷᠢᠮ ᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠤᠯᠢ ᠶᠣᠰᠣᠨ ᠤ ᠦᠨᠡᠨᠴᠢ ᠢᠲᠡᠭᠡᠮᠵᠢᠲᠡᠢ ᠡᠵᠡᠩᠨᠡᠯᠲᠡ ᠶᠢ ᠠᠬᠢᠭᠤᠯᠤᠨ᠎ᠠ᠃ ᠪᠣᠯᠪᠠᠰᠤᠨ ᠵᠢᠭᠤᠯᠴᠢᠯᠠᠯ ᠢ ᠢᠳᠡᠪᠬᠢᠲᠡᠶ ᠲᠦᠯᠬᠢᠨ ᠠᠬᠢᠭᠤᠯᠵᠤ᠂ ᠪᠣᠯᠪᠠᠰᠤᠨ ᠵᠢᠭᠤᠯᠴᠢᠯᠠᠯ ᠢ ᠪᠠᠷᠢᠮᠵᠢᠶᠠᠵᠢᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠵᠢᠭᠤᠯᠴᠢᠯᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠤᠵᠠᠭᠠᠶᠢᠷᠠᠭᠤᠯᠵᠤ᠂ ᠪᠣᠯᠪᠠᠰᠤᠨ ᠵᠢᠭᠤᠯᠴᠢᠯᠠᠯ ᠤᠨ ᠶᠡᠭᠡ ᠣᠷᠴᠢᠨ ᠨᠥᠬᠦᠴᠡᠯ ᠢ ᠪᠤᠢ ᠪᠣᠯᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号