ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠬᠥᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019-10-11
              ᠬᠥᠬᠡᠬᠤᠲᠠ ᠵᠠᠰᠠᠭ ᠲᠠᠷᠬᠠᠭᠠᠭᠰᠠᠨ ︵2019︶ 10 ᠳ᠋ᠤᠭᠠᠷ ᠲᠣᠭᠠᠲᠤ               2019 ᠣᠨ ᠤ 2 ᠳ᠋ᠤᠭᠠᠷ ᠰᠠᠷ᠎ᠠ ᠶᠢᠨ 26 ᠤ ᠡᠳᠦᠷᠲᠦᠮᠡᠳ ᠵᠡᠭᠦᠨ ᠬᠤᠰᠢᠭᠤ᠂ ᠦᠴᠤᠸᠠᠨ ᠰᠢᠶᠠᠨ᠂ ᠰᠢᠨ᠎ᠡ ᠬᠤᠳᠠ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠄      ︽ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ  ﹇2015﹈12 ᠳ᠋ᠤᠭᠠᠷ ᠲᠣᠭᠠᠲᠤ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠦᠨᠡᠨᠬᠦ ᠦᠢᠯᠡᠳᠦᠯᠭᠡᠵᠢᠭᠦᠯᠵᠦ᠂ ᠣᠢ ᠰᠢᠭᠤᠶ ᠨᠣᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠴᠤᠭᠴᠠᠯᠠᠵᠤ᠂ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠶᠢᠭᠤᠯᠬᠤ ᠶᠢᠨ ᠲᠣᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠬᠡᠬᠤᠳᠠ ᠶᠢᠨ ᠬᠠᠷᠢᠶᠠᠨ ᠳᠣᠲᠣᠷ᠎ᠠ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠲᠣᠭᠲᠠᠪᠠ᠃ ᠡᠳᠦᠭᠡ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ︽ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ︾ ᠴᠢᠭᠯᠡᠯᠲᠡ ᠶᠢ ᠪᠥᠬᠦ ᠲᠠᠯ᠎ᠠ ᠪᠠᠷ ᠲᠣᠭᠤᠰᠢᠯᠠᠭᠤᠯᠵᠣ᠂ ᠬᠥᠮᠦᠨ ᠢᠶᠠᠷ ᠦᠨᠳᠦᠰᠦ ᠪᠣᠯᠭᠠᠬᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠬᠠᠤᠯᠢ ᠪᠠᠷ ᠵᠠᠰᠠᠬᠤ᠂ ᠪᠡᠯᠴᠢᠭᠡᠷᠯᠡᠬᠦ ᠶᠢ ᠪᠥᠬᠦ ᠲᠠᠯ᠎ᠠ ᠪᠠᠷ ᠴᠠᠭᠠᠵᠠᠯᠠᠬᠤ ᠶᠢ ᠪᠠᠷᠢᠮᠲᠠᠯᠠᠨ᠂ ᠪᠡᠯᠴᠢᠭᠡᠷᠯᠡᠬᠦ ᠶᠢ ᠴᠠᠭᠠᠵᠠᠯᠠᠬᠤ ᠬᠢᠭᠡᠳ ᠠᠮᠢ ᠠᠬᠤᠢ ᠪᠠᠷ ᠨᠡᠭᠦᠯᠭᠡᠬᠦ᠂ ᠶᠠᠳᠠᠭᠤ ᠶᠢ ᠲᠡᠳᠬᠦᠨ ᠣᠨᠳᠣᠤ ᠭᠠᠵᠠᠷ ᠲᠤ ᠨᠡᠭᠦᠯᠭᠡᠬᠦ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠮᠠᠭᠠᠯᠠᠯᠲᠠ ᠶᠢᠨ ᠣᠷᠣᠨ ᠤ  ᠳᠣᠲᠣᠷ᠎ᠠ ᠬᠤᠯᠠᠭᠠᠶᠢᠴᠢ ᠪᠠᠷ ᠪᠡᠯᠴᠢᠭᠡᠷᠯᠡᠬᠦ᠂ ᠳᠤᠷ᠎ᠠ ᠪᠠᠷ ᠢᠶᠠᠨ ᠪᠡᠯᠴᠢᠭᠡᠷᠯᠡᠬᠦ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠥᠮᠥᠨ ᠪᠦᠬᠦᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠵᠠᠰᠠᠭ ᠤᠨ ᠣᠷᠳᠣᠨ ᠠᠴᠠ ᠤᠳᠤᠷᠢᠳᠴᠤ᠂ ᠰᠠᠯᠠᠭ᠎ᠠ ᠮᠥᠴᠢᠷ ᠠᠴᠠ ᠬᠡᠷᠡᠭᠵᠢᠭᠦᠯᠦᠨ᠎ᠡ᠃ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠤᠳᠤᠷᠢᠳᠴᠤ᠂ ᠪᠣᠳᠠᠲᠠᠢ ᠠᠵᠢᠯ ᠢ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠤᠢ ᠰᠢᠭᠤᠢ ᠪᠣᠯᠤᠨ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠬᠠᠷᠢᠭᠤᠴᠠᠨ ᠶᠠᠪᠤᠭᠳᠠᠭᠤᠯᠤᠨ᠎ᠠ᠃ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠪᠥᠬᠦᠨ ᠢ ᠬᠠᠮᠤᠷᠬᠤ᠂ ᠥᠨᠴᠥᠭ ᠪᠤᠯᠤᠩ ᠦᠯᠡᠳᠡᠭᠡᠬᠦ ᠥᠬᠡᠶ ᠵᠠᠷᠴᠢᠮ ᠶᠣᠰᠣᠭᠠᠷ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠵᠤ᠂ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃      ︵ᠬᠤᠶᠠᠷ︶ ᠢᠳᠡᠪᠬᠢᠲᠡᠢ ᠪᠥᠭᠡᠳ ᠯᠠᠪᠳᠠᠭᠤᠨ ᠪᠠᠶᠢᠵᠤ᠂ ᠬᠠᠤᠯᠢ ᠶᠣᠰᠣᠭᠠᠷ ᠲᠦᠯᠬᠢᠨ ᠠᠬᠢᠭᠤᠯᠤᠨ᠎ᠠ᠃ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠳᠤ ᠬᠠᠤᠯᠢ ᠵᠢᠷᠤᠮᠯᠠᠵᠤ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ ᠠᠷᠭ᠎ᠠ ᠪᠠᠷᠢᠯ ᠪᠣᠯᠣᠨ ᠬᠠᠤᠯᠢ ᠴᠠᠭᠠᠵᠠ ᠶᠢᠨ ᠵᠢᠷᠤᠮ ᠶᠣᠰᠣᠭᠠᠷ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠭᠲᠠᠭᠠᠵᠤ᠂ ᠲᠥᠷᠥᠯ ᠬᠤᠪᠢᠶᠠᠨ ᠵᠢᠯᠣᠭᠤᠳᠴᠤ᠂ ᠠᠯᠬᠤᠮ ᠬᠤᠪᠢᠶᠠᠨ ᠠᠬᠢᠭᠤᠯᠣᠨ᠎ᠠ᠃      ᠭᠤᠷᠪᠠ᠂ ᠭᠤᠤᠯ ᠬᠠᠷᠠᠯᠲᠠ      2020 ᠣᠨ ᠪᠣᠯᠬᠤ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠬᠡᠬᠤᠲᠠ ᠶᠢᠨ ᠬᠠᠷᠢᠶ᠎ᠠ ᠣᠷᠣᠨ ᠤ ᠬᠡᠪᠴᠢᠶᠡᠨ ᠳᠤ ᠪᠡᠯᠴᠢᠭᠡᠷᠯᠡᠬᠦ ᠶᠢ ᠪᠥᠬᠦ ᠲᠠᠯ᠎ᠠ ᠪᠠᠷ ᠴᠠᠭᠠᠵᠠᠯᠠᠵᠣ ᠶᠢ ᠪᠡᠶᠡᠯᠡᠭᠦᠯᠵᠦ᠂ ᠡᠯ᠎ᠡ ᠵᠣᠶᠢᠯ ᠤᠨ ᠣᠢ ᠰᠢᠭᠤᠶ ᠵᠢᠴᠢ ᠬᠡᠭᠡᠷ᠎ᠡ ᠶᠢᠨ ᠠᠮᠢᠲᠠᠨ ᠣᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ ᠰᠡᠷᠭᠦᠭᠡᠵᠦ᠂ ᠠᠭᠤᠯᠠᠨ ᠴᠣᠭᠴᠠ ᠶᠢᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠮᠢ ᠠᠬᠤᠢ ᠶᠢᠨ ᠰᠢᠰᠲ᠋ᠧᠮ ᠤᠯᠠᠮ ᠨᠢᠭᠡ ᠠᠯᠬᠤᠮ ᠰᠠᠶᠢᠵᠢᠷᠠᠵᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠯᠠᠮ ᠨᠢᠭᠡ ᠠᠯᠬᠤᠮ ᠬᠤᠪᠢᠷᠠᠵᠤ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠤᠯᠠᠮ ᠨᠢᠭᠡ ᠠᠯᠬᠤᠮ ᠥᠷᠭᠡᠳᠴᠦ᠂ ᠣᠷᠣᠯᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠥᠮᠥᠨ  ᠪᠠᠶᠢᠭᠠᠯᠢ ᠶᠢᠨ ᠡᠶ᠎ᠡ ᠵᠣᠬᠢᠴᠠᠯ ᠢ ᠪᠡᠶᠡᠯᠡᠭᠦᠯᠦᠨ᠎ᠡ᠃      ᠳᠥᠷᠪᠡ᠂ ᠪᠡᠯᠴᠢᠭᠡᠷᠯᠡᠬᠦ ᠶᠢ ᠵᠣᠭᠰᠣᠭᠠᠵᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ      ︵ᠨᠢᠭᠡ︶ ᠪᠡᠯᠴᠢᠭᠡᠷᠯᠡᠬᠦ ᠶᠢ ᠴᠠᠭᠠᠵᠠᠯᠠᠬᠤ ᠣᠷᠣᠨ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠬᠡᠬᠤᠲᠠ ᠶᠢᠨ ᠬᠠᠷᠢᠶ᠎ᠠ ᠣᠷᠣᠨ ᠤ ᠬᠡᠪᠴᠢᠶᠡᠨ ᠳᠤ ᠪᠡᠯᠴᠢᠭᠡᠷᠯᠡᠬᠦ ᠶᠢ ᠪᠥᠬᠦ ᠲᠠᠯ᠎ᠠ ᠪᠠᠷ ᠴᠠᠭᠠᠵᠠᠯᠠᠨ᠎ᠠ᠃      ︵ᠬᠤᠶᠠᠷ︶ ᠪᠡᠯᠴᠢᠭᠡᠷᠯᠡᠬᠦ ᠶᠢ ᠵᠣᠭᠰᠣᠭᠠᠬᠤ ᠶᠢ ᠪᠡᠶᠡᠯᠡᠭᠦᠯᠬᠦ ᠴᠠᠭ ᠬᠤᠭᠤᠴᠠᠭ᠎ᠠ ᠵᠢᠴᠢ ᠱᠠᠭᠠᠷᠳᠠᠯᠭ᠎ᠠ ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠠᠷᠠᠭ᠎ᠠ ᠠᠴᠠ ᠬᠡᠷᠡᠭᠵᠢᠭᠦᠯᠵᠦ᠂ 2019 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠬᠦ ᠶᠢ ᠵᠣᠭᠰᠣᠭᠠᠬᠤ ᠠᠵᠢᠯ ᠢ ᠦᠨᠳᠦᠰᠦᠨ ᠳᠤ ᠪᠠᠨ ᠳᠠᠭᠤᠰᠬᠠᠨ᠎ᠠ᠃ ᠬᠠᠮᠠᠭᠠᠯᠠᠯᠲᠠ ᠶᠢᠨ ᠣᠷᠣᠨ ᠤ ᠭᠤᠣᠯᠯᠠᠬᠤ ᠣᠷᠣᠨ᠂ ᠵᠠᠪᠰᠠᠷ ᠤᠨ ᠣᠷᠣᠨ ᠪᠣᠯᠣᠨ ᠲᠤᠷᠰᠢᠯᠲᠠ ᠶᠢᠨ ᠣᠷᠣᠨ ᠤ ᠳᠣᠲᠣᠷ᠎ᠠ ᠶᠠᠮᠠᠷᠪᠠ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠡᠯᠡᠳᠬᠡᠮᠵᠢ ᠶᠢ ᠳᠠᠬᠢᠨ ᠰᠢᠨ᠎ᠡ ᠪᠠᠷ ᠪᠠᠶᠢᠭᠤᠯᠬᠤ ᠪᠠ ᠦᠯᠡᠳᠡᠭᠡᠵᠦ ᠪᠣᠯᠬᠤ ᠦᠭᠡᠢ᠂ ᠬᠥᠮᠦᠨ ᠤ ᠬᠦᠴᠦ ᠪᠠᠷ ᠲᠡᠵᠢᠭᠡᠵᠦ ᠪᠠᠶᠢᠭ᠎ᠠ ᠡᠪᠡᠰᠦᠯᠢᠭ ᠤᠷᠭᠤᠮᠠᠯ ᠪᠣᠯᠣᠨ ᠮᠣᠳᠣᠯᠢᠭ ᠤᠷᠭᠤᠮᠠᠯ ᠢᠳᠡᠳᠡᠭ ᠮᠠᠯ ᠪᠤᠶᠤ ᠠᠮᠢ ᠠᠬᠤᠢ ᠶᠢᠨ ᠤᠷᠭᠤᠮᠠᠯ ᠬᠤᠴᠢᠯᠭ᠎ᠠ ᠳᠤ ᠡᠪᠳᠡᠯᠭᠡ ᠪᠣᠯᠳᠠᠭ ᠮᠠᠯ ᠢ ᠪᠠᠶᠢᠬᠤ ᠦᠭᠡᠢ ᠪᠣᠯᠭᠠᠨ᠎ᠠ᠃      ︵ᠭᠤᠷᠪᠠ︶ ᠪᠡᠯᠴᠢᠭᠡᠷᠯᠡᠬᠦ ᠶᠢ ᠴᠠᠭᠠᠵᠠᠯᠠᠬᠤ ᠬᠡᠯᠪᠡᠷᠢ      1. ᠪᠡᠯᠴᠢᠭᠡᠷᠯᠡᠬᠦ ᠶᠢ ᠬᠠᠤᠯᠢ ᠶᠣᠰᠣᠭᠠᠷ ᠴᠠᠭᠠᠵᠠᠯᠠᠬᠤ ᠶᠢ ᠪᠠᠷᠢᠮᠲᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠂ ︽ᠬᠥᠬᠡᠬᠤᠲᠠ ᠶᠢᠨ ᠠᠭᠤᠯᠠ ᠶᠢ ᠪᠢᠲᠡᠭᠦᠮᠵᠢᠯᠡᠨ ᠤᠢ ᠮᠣᠳᠣ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠶᠢᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠣᠮᠵᠢ ᠪᠣᠯᠤᠨ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠨᠢ ᠬᠠᠤᠯᠢ ᠬᠡᠷᠡᠭᠵᠢᠭᠦᠯᠦᠨ ᠲᠣᠭᠤᠷᠢᠨ ᠬᠠᠮᠠᠭᠠᠯᠠᠬᠤ ᠳᠤ ᠪᠠᠨ ᠰᠤᠷᠭᠠᠨ ᠬᠥᠮᠦᠵᠢᠭᠦᠯᠬᠦ ᠪᠠ ᠰᠢᠢᠳᠬᠡᠨ ᠲᠣᠷᠭᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠬᠤᠯᠠᠭᠠᠶᠢᠴᠢ ᠪᠠᠷ ᠪᠡᠯᠴᠢᠭᠡᠷᠯᠡᠬᠦ᠂ ᠮᠠᠯ ᠢᠶᠠᠨ ᠪᠡᠯᠴᠢᠭᠡᠷᠯᠡᠭᠦᠯᠬᠦ ᠳᠤ ᠬᠠᠷᠢᠭᠤᠴᠠᠵᠣ ᠪᠠᠶᠢᠭ᠎ᠠ ᠬᠦᠮᠦᠰ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠠᠮᠤᠷ ᠢ ᠬᠠᠮᠠᠭᠠᠯᠠᠬᠤ ᠰᠢᠢᠳᠬᠡᠨ ᠲᠣᠷᠭᠠᠬᠤ ᠡᠷᠴᠢᠮ ᠢ ᠨᠡᠮᠡᠭᠳᠡᠭᠦᠯᠵᠦ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠳᠤ ᠬᠦᠷᠦᠭᠰᠡᠳ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠡᠯᠴᠢᠭᠡᠷᠯᠡᠬᠦ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠠᠭᠠᠯᠠᠯᠲᠠ ᠶᠢᠨ ᠣᠷᠣᠨ  ᠤ ᠳᠣᠲᠣᠷ᠎ᠠ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠴᠤ᠂ ᠬᠠᠮᠲᠣ ᠶᠢᠨ ᠬᠦᠴᠦᠨ ᠢ ᠪᠦᠷᠢᠯᠳᠦᠭᠦᠯᠦᠨ᠂ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠣᠯᠠᠨ᠎ᠠ᠃      2. ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠲᠤᠰᠬᠠᠢ ᠪᠡᠯᠴᠢᠭᠡᠷᠯᠡᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠣᠯᠲᠠ ᠶᠢ ᠴᠢᠩᠭᠠᠳᠬᠠᠬᠤ ᠶᠢᠨ ᠬᠠᠮᠲᠤ ᠲᠤᠬᠠᠢ ᠶᠢᠨ ᠭᠠᠵᠠᠷ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠳᠤ ᠵᠢᠭᠰᠠᠭᠠᠨ ᠣᠷᠣᠭᠤᠯᠵᠤ᠂ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠴᠠ ᠶᠢ ᠰᠢᠯᠤᠭᠤᠳᠬᠠᠨ᠂ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠮᠵᠢ ᠪᠣᠯᠤᠨ ᠬᠠᠤᠯᠢ ᠬᠡᠷᠡᠭᠵᠢᠭᠦᠯᠬᠦ ᠣᠷᠣᠨ ᠬᠡᠪᠴᠢᠶ᠎ᠡ ᠶᠢ ᠲᠣᠳᠣᠷᠬᠠᠶᠢᠯᠠᠵᠤ᠂ ᠤᠯᠠᠨ ᠰᠠᠯᠠᠭ᠎ᠠ ᠮᠥᠴᠢᠷ ᠠᠴᠠ ᠬᠠᠤᠯᠢ ᠬᠡᠷᠡᠭᠵᠢᠭᠦᠯᠬᠦ ᠦᠵᠡᠭᠳᠡᠯ ᠢ ᠬᠤᠪᠢᠷᠠᠭᠤᠯᠤᠨ᠂  ᠬᠦᠨᠳᠦ ᠪᠠᠷ ᠰᠢᠢᠳᠭᠡᠬᠦ ᠠᠴᠠ ᠵᠠᠶᠢᠯᠠᠰᠬᠢᠵᠣ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠬᠥᠩᠭᠡᠪᠴᠢᠯᠡᠬᠦ᠂ ᠡᠭᠦᠷᠭᠡ ᠬᠠᠷᠢᠭᠤᠴᠠᠯᠭ᠎ᠠ ᠲᠣᠳᠣᠷᠬᠠᠢ ᠪᠤᠰᠤ᠂ ᠡᠷᠬᠡ ᠠᠴᠠ ᠪᠠᠨ ᠳᠠᠪᠠᠵᠤ ᠬᠠᠤᠯᠢ ᠬᠡᠷᠡᠭᠵᠢᠭᠦᠯᠬᠦ᠂ ᠳᠤᠷ᠎ᠠ ᠪᠠᠷ ᠵᠣᠭᠤᠰ ᠲᠣᠷᠭᠠᠬᠤ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠨ᠎ᠠ᠃      ᠲᠠᠪᠤ᠂ ᠠᠵᠤ ᠦᠢᠯᠡᠰ ᠢᠶᠠᠷ ᠲᠡᠳᠬᠦᠬᠦ      ︵ᠨᠢᠭᠡ︶ ᠮᠠᠯ ᠢ ᠬᠠᠰᠢᠶᠠᠯᠠᠨ ᠲᠡᠵᠢᠭᠡᠬᠦ ᠶᠢ ᠪᠥᠬᠦ ᠲᠠᠯ᠎ᠠ ᠪᠠᠷ ᠲᠦᠭᠡᠮᠡᠯᠵᠢᠭᠦᠯᠦᠨ᠎ᠡ᠃ ᠪᠡᠯᠴᠢᠭᠡᠷᠯᠡᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠠᠴᠠ ᠪᠣᠯᠵᠤ ᠪᠡᠯᠴᠢᠭᠡᠷᠯᠡᠨ ᠮᠠᠯᠵᠢᠬᠤ ᠠᠴᠠ ᠤᠬᠤᠷᠢᠨ ᠭᠠᠷᠣᠭᠰᠠᠨ ᠪᠣᠯᠪᠠᠴᠣ ᠦᠷᠭᠦᠯᠵᠢᠯᠡᠨ ᠲᠡᠵᠢᠭᠡᠨ ᠦᠷᠡᠵᠢᠭᠦᠯᠬᠦ ᠠᠵᠢᠯ ᠡᠷᠬᠢᠯᠡᠬᠦ ᠬᠦᠰᠡᠯ ᠲᠠᠢ ᠪᠡᠯᠴᠢᠭᠡᠷᠯᠡᠬᠦ ᠶᠢ ᠴᠠᠭᠠᠵᠠᠯᠠᠬᠤ ᠣᠷᠣᠨ ᠤ ᠡᠷᠦᠬᠡ ᠠᠮᠠ ᠪᠦᠬᠦᠢ ᠰᠠᠭᠤᠭᠠᠯᠢ ᠠᠷᠠᠳ ᠢ ᠬᠠᠮᠠᠭᠠᠯᠠᠯᠲᠠ ᠶᠢᠨ ᠣᠷᠣᠨ ᠤ ᠭᠠᠳᠠᠨ᠎ᠠ ᠬᠠᠰᠢᠶᠠᠯᠠᠨ ᠲᠡᠵᠢᠭᠡᠬᠦ ᠶᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠲᠡᠵᠢᠭᠡᠨ ᠦᠷᠡᠵᠢᠭᠦᠯᠬᠦ ᠡᠷᠦᠬᠡ ᠳᠤ ᠬᠠᠪᠰᠤᠷᠤᠨ ᠰᠠᠶᠢᠨ ᠡᠭᠦᠯᠳᠡᠷ ᠤᠨ ᠮᠠᠯ ᠣᠷᠣᠭᠤᠯᠵᠤ ᠦᠷᠡᠵᠢᠭᠦᠯᠦᠨ ᠪᠣᠶᠢᠵᠢᠭᠤᠯᠣᠨ᠎ᠠ᠃      ︵ᠬᠤᠶᠠᠷ︶ ᠲᠡᠵᠢᠭᠡᠯ ᠡᠪᠡᠰᠦᠨ ᠤ ᠠᠵᠤ ᠦᠢᠯᠡᠰ ᠢ ᠲᠡᠳᠬᠦᠬᠦ ᠡᠷᠴᠢᠮ ᠢ ᠴᠢᠩᠭᠠᠳᠬᠠᠨ᠎ᠠ᠃ ᠲᠡᠵᠢᠭᠡᠨ ᠦᠷᠡᠵᠢᠭᠦᠯᠬᠦ ᠡᠷᠦᠬᠡ ᠶᠢᠨ ᠬᠠᠮᠠᠭᠠᠯᠠᠯᠲᠠ ᠶᠢᠨ ᠣᠷᠣᠨ ᠤ ᠭᠠᠳᠠᠨ᠎ᠠ ᠲᠦᠯᠦᠪᠯᠡᠭᠡ ᠲᠠᠢ ᠪᠠᠷ ᠴᠠᠷᠭᠠᠰᠣ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ ᠶᠢ ᠵᠣᠷᠢᠭᠵᠢᠭᠤᠯᠵᠤ᠂ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠬᠠᠰᠢᠶᠠᠯᠠᠨ ᠲᠡᠵᠢᠭᠡᠬᠦ ᠮᠠᠯ ᠤᠨ ᠲᠡᠵᠢᠭᠡᠯ ᠡᠪᠡᠰᠦ ᠶᠢᠨ ᠬᠠᠩᠭᠠᠯᠭ᠎ᠠ ᠶᠢ ᠪᠠᠲᠤᠯᠠᠨ᠎ᠠ᠃      ︵ᠭᠤᠷᠪᠠ︶ ᠠᠵᠤ ᠠᠬᠤᠢ ᠶᠢᠨ ᠤᠢ ᠰᠢᠭᠤᠢ ᠶᠢᠨ ᠠᠵᠤ ᠦᠢᠯᠡᠰ ᠢ ᠲᠡᠳᠬᠦᠬᠦ ᠡᠷᠴᠢᠮ ᠢ ᠴᠢᠩᠭᠠᠳᠬᠠᠨ᠎ᠠ᠃ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠲᠡᠵᠢᠭᠡᠨ ᠦᠷᠡᠵᠢᠭᠦᠯᠬᠦ ᠡᠷᠦᠬᠡ ᠵᠢᠴᠢ ᠲᠠᠷᠢᠶᠠᠴᠢᠨ ᠡᠷᠦᠬᠡ ᠶᠢᠨ ᠲᠥᠯᠥᠪᠯᠡᠭᠡ ᠲᠠᠢ ᠪᠠᠷ ᠠᠵᠤ ᠠᠬᠤᠢ ᠶᠢᠨ ᠣᠢ ᠰᠢᠭᠤᠢ ᠶᠢᠨ ᠪᠦᠲᠦᠭᠡᠨ ᠪᠠᠶᠢᠭᠤᠯᠣᠯᠲᠠ ᠶᠢ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠡᠯᠡ ᠮᠥᠩᠭᠦ᠂ ᠵᠢᠭᠡᠯᠡᠯᠭᠡ᠂ ᠴᠢᠬᠢ ᠮᠣᠳᠣ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ ᠪᠣᠯᠣᠨ᠎ᠠ᠃      ᠵᠢᠷᠭᠤᠭ᠎ᠠ᠂ ᠪᠡᠯᠴᠢᠭᠡᠷᠯᠡᠬᠦ ᠶᠢ ᠴᠠᠭᠠᠵᠠᠯᠠᠬᠤ ᠱᠠᠩᠨᠠᠯ ᠨᠥᠬᠦᠪᠥᠷᠢ      ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠪᠡᠯᠴᠢᠭᠡᠷᠯᠡᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠨᠥᠯᠥᠭᠡ ᠶᠢ ᠬᠦᠷᠲᠡᠬᠦ ᠥᠬᠡᠶ ᠪᠠᠶᠢᠬᠤ ᠶᠢ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠡᠯᠴᠢᠭᠡᠷᠯᠡᠬᠦ ᠶᠢ ᠴᠠᠭᠠᠵᠠᠯᠠᠬᠤ ᠳᠤ ᠬᠤᠯᠪᠣᠭᠳᠠᠬᠤ ᠡᠲᠡᠭᠡᠳ ᠢ ᠲᠠᠷᠠᠭᠠᠴᠢ ᠶᠢᠨ ᠲᠣᠭᠲᠠᠭᠠᠬᠤ ᠲᠥᠷᠥ ᠶᠢᠨ ᠪᠣᠳᠣᠯᠭ᠎ᠠ ᠳᠤᠮᠳᠠ ᠡᠷᠬᠡᠪᠰᠢ ᠠᠮᠢ ᠠᠬᠤᠢ ᠪᠠᠷ ᠨᠡᠭᠦᠯᠭᠡᠬᠦ ᠠᠷᠠᠳ᠂ ᠠᠵᠤ ᠦᠢᠯᠡᠰ ᠢᠶᠠᠷ ᠲᠡᠳᠬᠦᠬᠦ ᠵᠡᠷᠭᠡ ᠠᠵᠢᠯ ᠲᠠᠢ ᠤᠶᠠᠯᠳᠤᠭᠤᠯᠤᠨ ᠨᠢᠭᠡᠳᠦᠯᠲᠡᠶ ᠲᠥᠯᠥᠪᠯᠡᠨ  ᠪᠣᠳᠣᠯᠬᠢᠯᠠᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠵᠢᠯ ᠪᠦᠷᠢ ᠠᠵᠢᠯ ᠤᠨ ᠦᠷ᠎ᠡ ᠪᠦᠲᠦᠮᠵᠢᠲᠡᠢ ᠪᠠᠷ ᠲᠣᠪᠣᠶᠢᠮ᠎ᠠ ᠬᠤᠰᠢᠭᠤ ᠰᠢᠶᠠᠨ ᠲᠣᠭᠤᠷᠢᠭ ᠲᠤ ᠪᠠᠯᠠ ᠮᠥᠩᠭᠦ ᠶᠢᠨ ᠱᠠᠩᠨᠠᠯ ᠣᠯᠭᠤᠵᠤ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠣᠢ ᠰᠢᠭᠤᠶ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠣᠯᠲᠠ ᠪᠣᠯᠣᠨ ᠠᠵᠤ ᠠᠬᠤᠢ ᠶᠢᠨ ᠣᠢ ᠰᠢᠭᠤᠢ ᠵᠢᠴᠢ ᠡᠪᠡᠰᠦ ᠪᠡᠯᠴᠢᠭᠡᠷ ᠮᠠᠯ ᠠᠵᠤ ᠠᠬᠤᠢ ᠶᠢᠨ ᠬᠥᠭᠵᠢᠯᠲᠡ ᠳᠤ ᠬᠡᠷᠡᠭᠯᠡᠨ᠎ᠡ᠃      ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠣᠮᠵᠢ      ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠲᠣᠰᠠᠳᠠ᠂ ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠣᠭᠤᠶᠢᠯᠠᠩ ᠢ ᠪᠠᠶᠢᠭᠤᠯᠬᠤ ᠪᠠᠷ ᠲᠣᠭᠲᠠᠪᠠ᠃ ᠭᠡᠰᠢᠭᠦᠳ ᠤᠨ ᠨᠡᠷᠡᠰ ᠨᠢ ᠳᠣᠣᠷᠠᠬᠢ ᠮᠡᠲᠦ᠄ ᠳᠣᠭᠤᠶᠢᠯᠠᠩ ᠤᠨ ᠳᠠᠷᠤᠭ᠎ᠠ᠄ ᠬᠤᠸᠠᠩ ᠵᠢᠶ ᠭᠠᠩ          ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠡᠰᠢᠭᠦᠨ᠄ ᠯᠢ ᠸᠧᠨ ᠭᠧ     ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠪᠢᠨ       ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠳ᠋ᠦᠩ ᠱᠧᠩ    ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠴᠧᠨ ᠰᠢᠶᠠᠩ ᠳ᠋ᠦᠩ   ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ᠡᠷᠬᠢᠯᠡᠭᠴᠢ ᠵᠣᠣ ᠶᠦᠩ ᠹᠦ᠋       ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠯᠢᠦ ᠶᠤᠸᠠᠢ ᠫᠢᠩ      ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠸᠧᠶ ᠾᠦᠩ ᠵᠢᠶᠦ᠋ᠨ   ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠯᠢᠦᠶ ᠪᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠬᠡᠬᠤᠲᠠ ᠶᠢᠨ ᠬᠤᠪᠢᠶᠠᠷᠢ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠣᠣ ᠶᠢᠩ ᠵᠢᠶᠧ       ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠶᠠᠨ ᠯᠢᠨ             ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠣᠣ ᠸᠠᠨ ᠵᠥᠩ       ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠯᠢ ᠬᠤᠤ ᠱᠣ᠋          ᠲᠦᠮᠡᠳ ᠵᠡᠭᠦᠨ ᠬᠤᠰᠢᠭᠤᠨ ᠤ ᠬᠤᠰᠢᠭᠤᠨ ᠳᠠᠷᠤᠭ᠎ᠠ  ᠶᠢᠨ ᠴᠦᠨ ᠯᠢᠶᠠᠩ        ᠦᠴᠤᠸᠠᠨ ᠰᠢᠶᠠᠨ ᠤ ᠰᠢᠶᠠᠨ ᠤ ᠳᠠᠷᠤᠭ᠎ᠠ ᠹᠠᠨ ᡁᠢ ᠵᠥᠩ           ᠰᠢᠨ᠎ᠡ ᠬᠤᠲᠠ ᠲᠣᠭᠤᠷᠢᠭ ᠤᠨ ᠲᠣᠭᠤᠷᠢᠭ ᠤᠨ ᠳᠠᠷᠤᠭ᠎ᠠ ᠶᠦᠨ ᠷᠦᠢ ᠫᠧᠩ          ᠬᠤᠲᠣᠩ ᠠᠷᠠᠳ ᠤᠨ ᠲᠣᠭᠤᠷᠢᠭ ᠤᠨ ᠲᠣᠭᠤᠷᠢᠭ ᠤᠨ ᠳᠠᠷᠤᠭ᠎ᠠ      ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠣᠬᠢᠷᠠᠭᠤᠯᠪᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠧᠶ ᠾᠦᠩ ᠵᠢᠶᠦ᠋ᠨ ᠨᠥᠬᠦᠷ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠯᠢᠦᠶ ᠪᠠ ᠨᠥᠬᠦᠷ ᠬᠠᠪᠰᠤᠷᠭᠠᠨ ᠡᠭᠦᠷᠭᠡᠯᠡᠨ᠎ᠡ᠃ ᠠᠯᠪᠠᠨ ᠭᠡᠷ ᠨᠢ ᠤᠳᠤᠷᠢᠳᠬᠤ ᠳᠣᠭᠤᠶᠢᠯᠠᠩ ᠤᠨ ᠬᠤᠷᠠᠯ ᠤᠨ ᠵᠣᠬᠢᠶᠠᠨ ᠪᠠᠶᠢᠭᠤᠯᠣᠯᠲᠠ᠂ ᠠᠵᠢᠯ ᠤᠨ ᠲᠣᠬᠢᠷᠠᠭᠤᠯᠤᠯᠲᠠ᠂ ᠪᠠᠶᠢᠳᠠᠯ ᠢ ᠬᠤᠷᠢᠶᠠᠩᠭᠤᠶᠢᠯᠠᠬᠤ᠂ ᠰᠢᠮᠳᠠᠭᠤᠯᠤᠨ ᠪᠠᠶᠢᠴᠠᠭᠠᠬᠤ ᠵᠡᠷᠭᠡ ᠡᠳᠦᠷ ᠲᠣᠲᠤᠮ ᠤᠨ ᠠᠵᠢᠯ ᠢ ᠪᠣᠳᠠᠲᠠᠢ ᠬᠠᠷᠢᠭᠤᠴᠠᠨ᠎ᠠ᠃      ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠳᠤᠷᠢᠳᠬᠤ ᠳᠣᠭᠤᠶᠢᠯᠠᠩ ᠪᠠᠶᠢᠭᠤᠯᠵᠣ᠂ ᠲᠤᠰ ᠭᠠᠵᠠᠷ ᠣᠷᠣᠨ ᠤ ᠬᠡᠷᠡᠭᠵᠢᠭᠦᠯᠬᠦ ᠲᠥᠰᠦᠯ ᠢ ᠲᠦᠷᠭᠡᠬᠡᠨ ᠲᠣᠭᠲᠠᠭᠠᠬᠤ ᠶᠢᠨ ᠬᠠᠮᠲᠤ ᠴᠠᠭ ᠢ ᠠᠮᠵᠢᠨ ᠬᠡᠷᠡᠭᠵᠢᠭᠦᠯᠦᠨ᠎ᠡ᠃ ᠬᠤᠳᠠ ᠶᠢᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ᠱᠠᠭᠠᠷᠳᠠᠯᠭ᠎ᠠ ᠶᠣᠰᠣᠭᠠᠷ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠡᠯᠴᠢᠭᠡᠷᠯᠡᠬᠦ ᠶᠢ ᠴᠠᠭᠠᠵᠠᠯᠠᠬᠤ ᠵᠢᠴᠢ ᠮᠠᠯᠴᠢᠨ ᠲᠠᠷᠢᠶᠠᠴᠢᠨ ᠢ ᠲᠥᠪᠬᠢᠨᠡᠭᠦᠯᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠨᠠᠷᠢᠨ ᠨᠢᠮᠪᠠᠢ ᠪᠠᠶᠢᠷᠢᠯᠠᠭᠤᠯᠣᠨ᠎ᠠ᠃ ᠵᠠᠰᠠᠭ ᠤᠨ ᠣᠷᠳᠣᠨ ᠤ ᠭᠤᠣᠯ ᠬᠠᠷᠢᠭᠤᠴᠠᠵᠣ ᠪᠠᠶᠢᠭ᠎ᠠ ᠨᠦᠬᠦᠷ ᠪᠣᠯᠤᠨ ᠬᠤᠪᠢᠳᠠᠨ ᠬᠠᠮᠢᠶᠠᠷᠴᠤ  ᠪᠠᠶᠢᠭ᠎ᠠ ᠨᠦᠬᠦᠷ ᠪᠣᠯ ᠲᠤᠰ ᠲᠤᠰ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ ᠰᠢᠭᠤᠳ ᠬᠠᠷᠢᠭᠤᠴᠠᠯᠭᠠᠲᠠᠨ ᠪᠣᠯᠬᠤᠷ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠡᠳᠦᠷ ᠲᠣᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠲᠤᠰ ᠭᠠᠵᠠᠷ ᠣᠷᠣᠨ ᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ ᠠᠬᠢᠭᠤᠯᠵᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠪᠰᠤᠷᠤᠨ ᠬᠠᠮᠵᠢᠯᠴᠠᠬᠤ ᠠᠵᠢᠯ ᠢᠶᠠᠨ ᠰᠠᠶᠢᠲᠤᠷ ᠬᠢᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠡᠯ᠎ᠡ ᠬᠤᠰᠢᠭᠤ ᠰᠢᠶᠠᠨ ᠲᠣᠭᠤᠷᠢᠭ ᠲᠠᠢ ᠠᠵᠢᠯ ᠤᠨ ᠬᠠᠮᠲᠣ ᠶᠢᠨ ᠬᠦᠴᠦᠨ ᠢ ᠪᠣᠶ ᠪᠣᠯᠭᠠᠨ᠎ᠠ᠃      ︵ᠬᠤᠶᠠᠷ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠬᠦ ᠶᠢ ᠴᠠᠭᠠᠵᠠᠯᠠᠬᠤ ᠰᠢᠮᠳᠠᠭᠤᠯᠤᠨ ᠪᠠᠶᠢᠴᠠᠭᠠᠬᠤ ᠳᠦᠷᠢᠮ ᠢ ᠲᠣᠭᠲᠠᠭᠠᠵᠣ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ  ᠨᠠᠶᠢᠳᠠᠪᠣᠷᠢᠵᠢᠭᠤᠯᠣᠭᠳᠠᠭᠰᠠᠨ ᠪᠠᠶᠢᠳᠠᠯ ᠢ ᠪᠠᠶᠢᠴᠠᠭᠠᠨ᠎ᠠ᠃ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠨ ᠰᠢᠢᠳᠪᠦᠷᠢᠯᠡᠵᠦ᠂ ᠤᠯᠠᠷᠢᠯ ᠪᠦᠷᠢ ᠬᠤᠲᠠ ᠶᠢᠨ ᠤᠳᠤᠷᠢᠳᠬᠤ ᠳᠣᠭᠤᠶᠢᠯᠠᠩ ᠳᠤ ᠠᠵᠢᠯ ᠤᠨ ᠠᠬᠢᠴᠠ ᠶᠢ ᠬᠠᠷᠢᠭᠤ ᠮᠡᠳᠡᠭᠦᠯᠦᠨ᠎ᠡ᠃ ᠤᠷᠳᠤ ᠬᠤᠭᠤᠴᠠᠭᠠᠨ ᠤ ᠬᠦᠴᠦᠨ ᠪᠦᠬᠦᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠣ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠢᠨᠠᠨ ᠰᠢᠯᠭᠠᠬᠤ ᠪᠣᠳᠠᠲᠠᠶ ᠠᠷᠭ᠎ᠠ ᠶᠢ ᠲᠣᠭᠲᠠᠭᠠᠵᠤ᠂ ᠪᠣᠳᠠᠲᠠᠶ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠬᠤᠲᠠ ᠶᠢᠨ ᠤᠳᠤᠷᠢᠳᠬᠤ ᠳᠣᠭᠤᠶᠢᠯᠠᠩ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠭᠠᠵᠠᠷ ᠤᠨ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠰᠢᠮᠳᠠᠭᠤᠯᠤᠨ ᠪᠠᠶᠢᠴᠠᠭᠠᠵᠤ᠂ ᠪᠡᠯᠴᠢᠭᠡᠷᠯᠡᠬᠦ ᠶᠢ ᠵᠣᠭᠰᠣᠭᠠᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠵᠦ ᠳᠡᠶᠢᠯᠬᠦ ᠥᠬᠡᠶ᠂ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠡᠯᠴᠢᠭᠡᠷᠯᠡᠬᠦ ᠦᠵᠡᠭᠳᠡᠯ ᠮᠥᠨ ᠬᠦ ᠣᠷᠣᠰᠢᠵᠤ ᠪᠠᠶᠢᠭ᠎ᠠ ᠭᠠᠵᠠᠷ ᠣᠷᠣᠨ ᠢ ᠤᠳᠤᠷᠢᠳᠬᠤ ᠳᠣᠭᠤᠶᠢᠯᠠᠩ ᠠᠴᠠ ᠪᠥᠬᠦ ᠬᠤᠲᠠ ᠶᠢᠨ ᠬᠡᠪᠴᠢᠶᠡᠨ ᠳᠣᠲᠣᠷ᠎ᠠ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠭᠦᠢᠴᠡᠳ ᠪᠤᠰᠤ᠂ ᠰᠢᠯᠲᠠᠭᠯᠠᠨ ᠲᠦᠯᠬᠢᠯᠴᠡᠭᠰᠡᠨ ᠭᠠᠵᠠᠷ ᠣᠷᠣᠨ ᠤ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠪᠦᠬᠦ ᠬᠤᠳᠠ ᠶᠢᠨ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠳᠤ ᠥᠷᠭᠡᠨ ᠳᠡᠯᠭᠡᠷ ᠤᠬᠠᠭᠤᠯᠭ᠎ᠠ ᠬᠢᠵᠦ᠂ ᠬᠠᠰᠢᠶᠠᠯᠠᠨ ᠲᠡᠵᠢᠭᠡᠵᠦ ᠪᠠᠶᠢᠭ᠎ᠠ ᠨᠡᠶᠢᠲᠡᠯᠢᠭ ᠡᠷᠦᠬᠡ ᠶᠢ ᠭᠤᠣᠯᠳᠠᠯᠭ᠎ᠠ ᠲᠠᠢ ᠤᠬᠠᠭᠤᠯᠤᠨ ᠮᠡᠳᠡᠭᠡᠯᠡᠵᠦ᠂ ᠲᠠᠷᠠᠬᠠᠢ ᠲᠡᠵᠢᠭᠡᠨ ᠪᠡᠯᠴᠢᠭᠡᠷᠯᠡᠭᠦᠯᠵᠦ᠂ ᠤᠷᠭᠤᠮᠠᠯ ᠤᠨ ᠬᠤᠴᠢᠯᠭ᠎ᠠ ᠶᠢ ᠡᠪᠳᠡᠵᠦ ᠠᠮᠢ ᠠᠬᠤᠢ ᠣᠷᠴᠢᠨ ᠲᠣᠭᠤᠷᠢᠨ ᠢ ᠮᠠᠭᠤᠳᠠᠭᠤᠯᠤᠭᠰᠠᠨ ᠦᠢᠯᠡ ᠠᠵᠢᠯᠯᠠᠭ᠎ᠠ ᠶᠢ ᠢᠯᠠ ᠪᠠᠷ ᠨᠡᠶᠢᠲᠡᠯᠡᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨᠠᠯᠲᠠ ᠲᠠᠯᠪᠢᠬᠤ᠂ ᠰᠤᠷᠭᠠᠨ ᠬᠥᠮᠦᠵᠢᠭᠦᠯᠬᠦ ᠪᠠ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠡᠯᠴᠢᠭᠡᠷᠯᠡᠬᠦ ᠶᠢ ᠴᠠᠭᠠᠵᠠᠯᠠᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃      ᠶᠢᠰᠦ᠂ ᠪᠤᠰᠤᠳ ᠵᠦᠢᠯ      ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠠᠷᠠᠭ᠎ᠠ ᠠᠴᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠨᠢᠭᠡᠳᠦᠯᠲᠡᠢ ᠳ᠋ᠤᠭᠠᠷᠯᠠᠯ ᠨᠢ᠄ ZG—2019—1᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号