︽ᠬᠥᠬᠡᠬᠤᠲᠠ ᠶᠢᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2019-10-11
              ᠬᠥᠬᠡᠬᠤᠲᠠ ᠵᠠᠰᠠᠭ ᠲᠠᠷᠬᠠᠭᠠᠭᠰᠠᠨ ︵2019︶ 8 ᠳ᠋ᠤᠭᠠᠷ ᠲᠣᠭᠠᠲᠤ               2019 ᠣᠨ ᠤ 2 ᠳ᠋ᠤᠭᠠᠷ ᠰᠠᠷ᠎ᠠ ᠶᠢᠨ 28 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠄      ︽ᠬᠥᠬᠡᠬᠤᠲᠠ ᠶᠢᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ︵ᠲᠤᠷᠰᠢᠨ ᠬᠡᠷᠡᠭᠵᠢᠭᠦᠯᠬᠦ︶︾ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠥᠭᠡᠳ᠂ ᠡᠳᠦᠬᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠪᠣᠳᠠᠲᠠᠢ ᠪᠠᠶᠢᠳᠠᠯ ᠲᠠᠢ ᠪᠠᠨ ᠤᠶᠠᠯᠳᠦᠭᠤᠯᠤᠨ  ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠣᠨ ᠬᠡᠷᠡᠭᠵᠢᠬᠦᠯᠳᠦᠬᠡᠢ᠃               ᠬᠥᠬᠡᠬᠤᠲᠠ ᠶᠢᠨ ᠰᠦ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ              ᠲᠦᠷᠦ ᠶᠢᠨ ᠪᠤᠳᠤᠯᠭ᠎ᠠ ︵ᠲᠤᠷᠰᠢᠨ ᠬᠡᠷᠡᠭᠵᠢᠭᠦᠯᠬᠦ︶      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ 2018 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠵᠢᠴᠢ ᠪᠥᠬᠦ ᠤᠯᠤᠰ ᠤᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠮᠠᠨ ᠤ ᠬᠤᠲᠠ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠪᠠᠷ ᠶᠡᠷᠦᠩᠬᠡᠢ ᠭᠠᠷᠳᠠᠴᠠ ᠪᠣᠯᠭᠠᠨ ᠂ ︽ᠳᠤᠮᠳᠠᠳᠤ ᠤᠯᠤᠰ ᠤᠨ ᠰᠦ ᠶᠢᠨ ᠬᠤᠳᠠ︾ ᠶᠢᠨ ᠲᠡᠰ ᠳᠡᠪᠰᠢᠭᠰᠡᠨ ᠬᠡᠪ ᠢ   ᠴᠣᠭᠴᠠᠯᠠᠵᠤ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠬᠠᠮᠤᠭ ᠲᠡᠷᠢᠭᠦᠨ ᠳᠤ ᠰᠦ ᠰᠠᠭᠠᠯᠢ ᠶᠢᠨ ᠦᠢᠯᠡᠰ ᠤᠨ ᠬᠥᠭᠵᠢᠯ ᠮᠠᠨᠳᠠᠯ ᠢ ᠪᠡᠶᠡᠯᠡᠭᠦᠯᠬᠦ ᠶᠢᠨ ᠲᠤᠰᠠᠳᠠ᠂ ᠳᠣᠣᠷᠠᠬᠢ ᠬᠥᠭᠵᠢᠯᠲᠡ ᠶᠢᠨ ᠬᠠᠷᠠᠯᠲᠠ ᠪᠣᠯᠣᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠷᠠᠳᠪᠠ᠃      ᠨᠢᠭᠡ᠂ ᠬᠥᠭᠵᠢᠯᠲᠡ ᠶᠢᠨ ᠬᠠᠷᠠᠯᠲᠠ      2019-2022 ᠣᠨ ᠳᠤ᠂ ᠰᠠᠭᠠᠯᠢ ᠶᠢᠨ ᠦᠨᠢᠶ᠎ᠡ ᠶᠢᠨ ᠲᠤᠭ᠎ᠠ ᠶᠢ ᠵᠢᠯ ᠪᠦᠷᠢ ᠳᠤ 5 ᠲᠦᠮᠡᠨ ᠲᠣᠯᠣᠭᠠᠢ ᠰᠢᠨ᠎ᠡ ᠪᠠᠷ ᠨᠡᠮᠡᠭᠳᠡᠭᠦᠯᠵᠦ᠂ ᠡᠭᠦᠨ ᠤ ᠳᠣᠲᠣᠷ᠎ᠠ ᠰᠠᠭᠠᠯᠢ ᠶᠢᠨ ᠦᠨᠢᠶ᠎ᠡ ᠶᠢ ᠭᠠᠳᠠᠨ᠎ᠠ ᠠᠴᠠ ᠲᠦᠮᠡᠨ ᠲᠣᠯᠣᠭᠠᠢ ᠬᠤᠳᠠᠯᠳᠤᠨ ᠠᠪᠴᠤ᠂ ᠬᠦᠢᠰᠦ ᠶᠢᠨ ᠡᠵᠡᠮᠰᠢᠯᠲᠦ ᠢᠴᠡᠭᠡᠯ ᠦᠷ᠎ᠡ ᠵᠡᠷᠭᠡ ᠠᠷᠭ᠎ᠠ ᠪᠠᠷ 4 ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠦᠷᠡᠵᠢᠭᠦᠯᠦᠨ᠂ 2022 ᠣᠨ ᠪᠣᠯᠬᠤ ᠳᠤ ᠪᠥᠬᠦ ᠬᠤᠲᠠ ᠶᠢᠨ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶ᠎ᠡ ᠶᠢᠨ ᠲᠤᠭ᠎ᠠ ᠶᠢ 50 ᠲᠦᠮᠡᠨ ᠲᠣᠯᠣᠭᠠᠢ ᠳᠤ ᠬᠦᠷᠭᠡᠨ᠎ᠡ︔ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠣᠭᠤᠷᠢᠨ ᠳᠤ᠂ ᠪᠦᠬᠦᠯᠢ ᠪᠠᠷ ᠳᠠᠷᠤᠰᠢᠭᠤᠯᠬᠤ ᠡᠷᠳᠡᠨᠢ ᠰᠢᠰᠢ ᠶᠢᠨ ᠲᠠᠷᠢᠬᠤ ᠲᠠᠯᠠᠪᠠᠢ ᠶᠢ 100 ᠲᠦᠮᠡᠨ ᠮᠥ ᠳᠤ ᠬᠦᠷᠭᠡᠨ᠂ ᠪᠣᠷᠣ ᠴᠠᠷᠭᠠᠰᠤ ᠪᠠᠷ ᠭᠤᠣᠯ ᠪᠣᠯᠭᠠᠭᠰᠠᠨ ᠰᠢᠯᠢᠳᠡᠭ ᠡᠭᠦᠯᠳᠡᠷ ᠤᠨ ᠲᠡᠵᠢᠭᠡᠯ ᠡᠪᠡᠰᠦ ᠶᠢᠨ ᠲᠠᠯᠠᠪᠠᠶ ᠶᠢ 20 ᠲᠦᠮᠡᠨ ᠮᠥ ᠳᠤ ᠬᠦᠷᠭᠡᠨ᠎ᠡ︔  ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠠᠭᠠᠯᠢ ᠶᠢᠨ ᠦᠨᠢᠶ᠎ᠡ ᠶᠢᠨ ᠦᠢᠯᠡᠳᠪᠦᠷᠢᠯᠡᠯ ᠤᠨ ᠴᠢᠳᠠᠪᠣᠷᠢ ᠶᠢ ᠳᠡᠭᠡᠭᠰᠢᠯᠡᠭᠦᠯᠵᠦ᠂ ᠰᠠᠭᠠᠯᠢ ᠶᠢᠨ ᠦᠨᠢᠶ᠎ᠡ ᠶᠢᠨ ᠵᠢᠯ ᠤᠨ ᠳᠤᠮᠳᠠᠴᠢ ᠰᠦ ᠶᠢᠨ ᠭᠠᠷᠤᠯᠲᠠ 8.7 ᠲᠦᠮᠡᠨ ᠲᠣᠨ ᠳᠤ ᠬᠦᠷᠭᠡᠵᠦ᠂ ᠵᠢᠯ ᠤᠨ ᠲᠦᠭᠦᠬᠡᠢ ᠰᠦ ᠶᠢᠨ ᠭᠠᠷᠤᠯᠲᠠ ᠶᠢ 260 ᠲᠦᠮᠡᠨ ᠲᠣᠨ ᠳᠤ ᠬᠦᠷᠭᠡᠨ᠎ᠡ ︔ ᠮᠠᠯᠴᠢᠨ ᠲᠠᠷᠢᠶᠠᠴᠢᠨ ᠪᠣᠯᠣᠨ ᠠᠵᠣ ᠠᠬᠤᠶᠢᠯᠠᠯ ᠤᠨ ᠠᠰᠢᠭ ᠲᠤᠰᠠ ᠶᠢ ᠨᠢᠭᠲᠠ ᠬᠤᠯᠪᠤᠯᠳᠤᠭᠤᠯᠬᠤ ᠲᠣᠭᠲᠠᠴᠠ  ᠶᠢ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃      ᠬᠤᠶᠠᠷ᠂ ᠲᠡᠳᠬᠦᠨ ᠳᠡᠮᠵᠢᠬᠦ ᠵᠠᠷᠴᠢᠮ      ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠬᠠᠷᠠᠯᠲᠠ ᠶᠢ ᠬᠠᠮᠤᠭ ᠲᠡᠷᠢᠭᠦᠨ ᠳᠤ ᠪᠡᠶᠡᠯᠡᠭᠦᠯᠬᠦ ᠶᠢᠨ ᠲᠣᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠢ ᠲᠡᠳᠬᠦᠬᠦ ᠲᠦᠷᠦᠯ ᠵᠦᠢᠯ ᠪᠣᠯᠤᠨ ᠵᠠᠷᠤᠳᠠᠯ ᠮᠥᠩᠭᠦ ᠶᠢ ᠢᠳᠡᠪᠬᠢᠯᠡᠨ ᠣᠯᠬᠤ ᠶᠢᠨ ᠬᠠᠮᠲᠤ᠂ ᠬᠤᠲᠠ ᠶᠢᠨ ᠳᠤᠰ ᠱᠠᠲᠤᠨ ᠤ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠡᠮᠡᠷᠢᠯᠡᠨ᠎ᠡ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠳᠣᠣᠷᠠᠬᠢ ᠵᠠᠷᠴᠢᠮ ᠤᠳ ᠢ ᠵᠢᠷᠤᠮᠯᠠᠨ᠎ᠠ᠄      ᠨᠢᠭᠡ ᠳᠤ᠂ ᠬᠥᠲᠥᠯᠥᠨ ᠵᠢᠯᠣᠭᠤᠳᠬᠤ ᠪᠠᠷ ᠭᠤᠣᠯ ᠪᠣᠯᠭᠠᠵᠤ᠂ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠦᠨ᠎ᠡ᠃ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ 2019 ᠣᠨ ᠠᠴᠠ 2022 ᠣᠨ ᠤ ᠬᠤᠭᠤᠴᠠᠭᠠᠨ ᠳᠤ 4 ᠵᠢᠯ ᠳᠠᠷᠠᠭᠠᠯᠠᠨ ᠨᠥᠬᠦᠪᠥᠷᠢ ᠤᠯᠭᠤᠨ᠎ᠠ᠃      ᠬᠤᠶᠠᠷ ᠲᠤ᠂ ᠪᠡᠯᠡ ᠮᠥᠩᠭᠦ ᠶᠢ ᠨᠡᠶᠢᠳᠬᠡᠵᠦ᠂ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠤᠰ ᠱᠠᠲᠤᠨ ᠤ ᠲᠦᠷᠤᠯ ᠵᠦᠢᠯ ᠤᠨ ᠨᠥᠬᠦᠪᠥᠷᠢ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠠᠳᠠᠯᠢ ᠨᠢᠭᠡ ᠨᠥᠬᠦᠪᠥᠷᠢ ᠣᠯᠭᠤᠬᠤ ᠲᠦᠷᠤᠯ ᠵᠦᠢᠯ ᠨᠥᠬᠦᠪᠥᠷᠢ ᠶᠢ ᠳᠠᠪᠬᠤᠷ ᠬᠦᠷᠲᠡᠵᠦ ᠪᠣᠯᠬᠤ ᠥᠬᠡᠶ᠂ ᠨᠥᠬᠦᠪᠥᠷᠢ ᠶᠢᠨ ᠪᠠᠷᠢᠮᠵᠢᠶ᠎ᠠ ᠶᠢ ᠦᠨᠳᠦᠷ ᠢᠶᠠᠷ ᠨᠢ ᠬᠡᠷᠡᠭᠵᠢᠭᠦᠯᠵᠦ ᠳᠣᠣᠷ᠎ᠠ ᠪᠠᠶᠢᠯᠭᠠᠵᠣ ᠪᠣᠯᠬᠤ ᠦᠭᠡᠢ᠃      ᠭᠤᠷᠪᠠ ᠳᠤ᠂ ᠴᠢᠩᠭ᠎ᠠ ᠬᠢᠨᠠᠨ ᠬᠠᠷᠠᠭᠤᠯᠵᠤ᠂ ᠠᠷᠭᠠᠳᠠᠨ ᠠᠪᠬᠤ ᠶᠢ ᠡᠷᠡᠰ ᠬᠤᠷᠢᠭᠯᠠᠨ᠎ᠠ᠃ ᠥᠩᠭᠡᠷᠡᠭᠰᠡᠨ ᠤ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠲᠤᠷᠰᠢᠯᠭ᠎ᠠ ᠠᠴᠠ ᠰᠤᠷᠭᠠᠮᠵᠢ ᠠᠪᠴᠤ᠂ ᠨᠥᠬᠦᠪᠥᠷᠢ ᠣᠯᠭᠤᠬᠤ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ ᠠᠴᠠ ᠡᠮᠦᠨ᠎ᠡ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠢᠯᠭᠠᠵᠤ᠂ ᠴᠢᠩᠭ᠎ᠠ ᠨᠢᠮᠪᠠᠶ ᠬᠢᠨᠠᠨ ᠲᠣᠭᠲᠠᠭᠠᠭᠰᠠᠨ ᠤ ᠳᠠᠷᠠᠭ᠎ᠠ᠂ ᠲᠡᠳᠬᠦᠨ ᠳᠡᠮᠵᠢᠬᠦ ᠪᠡᠯᠡ ᠮᠥᠩᠭᠦ ᠶᠢ ᠪᠠᠭᠤᠯᠭᠠᠵᠣ᠂ ᠵᠠᠰᠠᠭ ᠤᠨ ᠣᠷᠳᠣᠨ ᠤ ᠨᠥᠬᠦᠪᠥᠷᠢ ᠶᠢ ᠠᠷᠭᠠᠳᠠᠨ ᠠᠪᠬᠤ ᠦᠵᠡᠭᠳᠡᠯ ᠡᠭᠦᠰᠬᠦ ᠠᠴᠠ ᠵᠠᠶᠢᠯᠠᠰᠬᠢᠬᠤ ᠬᠡᠷᠡᠭᠲᠡᠶ᠃      ᠭᠤᠷᠪᠠ᠂ ᠨᠥᠬᠦᠪᠥᠷᠢ ᠣᠯᠭᠤᠬᠤ ᠲᠥᠷᠥᠯ ᠵᠦᠢᠯ ᠵᠢᠴᠢ ᠪᠠᠷᠢᠮᠵᠢᠶ᠎ᠠ      ︵ᠨᠢᠭᠡ︶ ᠴᠢᠨᠠᠷ ᠰᠠᠶᠢᠲᠠᠶ ᠲᠡᠵᠢᠭᠡᠯ ᠡᠪᠡᠰᠦ ᠶᠢᠨ ᠨᠥᠬᠦᠪᠥᠷᠢ      ᠴᠢᠨᠠᠷ ᠰᠠᠶᠢᠲᠠᠶ ᠲᠡᠵᠢᠭᠡᠯ ᠡᠪᠡᠰᠦ ᠶᠢᠨ ᠬᠠᠩᠭᠠᠯᠭ᠎ᠠ ᠶᠢ ᠤᠢᠢᠷ᠎ᠠ ᠬᠠᠪᠢ ᠳᠤ ᠨᠢ ᠰᠢᠢᠳᠪᠦᠷᠢᠯᠡᠵᠦ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠢ ᠪᠠᠭᠤᠷᠠᠭᠤᠯᠬᠤ ᠶᠢᠨ ᠲᠥᠯᠦᠭᠡ᠂ ᠮᠠᠨ ᠤ ᠬᠤᠲᠠ ᠶᠢᠨ ᠪᠣᠷᠣ ᠴᠠᠷᠭᠠᠰᠤ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠵᠣ᠂ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠲᠡᠵᠢᠭᠡᠯ ᠡᠪᠡᠰᠦ ᠲᠠᠷᠢᠬᠤ ᠡᠷᠦᠬᠡ ᠳᠤ ᠨᠥᠬᠦᠪᠥᠷᠢ ᠥᠭᠭᠦᠨ᠎ᠡ᠃      ᠨᠥᠬᠦᠪᠥᠷᠢ ᠣᠯᠭᠤᠬᠤ ᠬᠡᠪᠴᠢᠶ᠎ᠡ᠄ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠯ ᠡᠪᠡᠰᠦ ᠲᠠᠷᠢᠬᠤ ᠠᠵᠤ ᠠᠬᠤᠶᠢᠯᠠᠯ᠂ ᠬᠤᠷᠰᠢᠶᠠᠵᠢᠯ ᠪᠤᠶᠤ ᠲᠠᠷᠢᠶᠠᠴᠢᠨ ᠡᠷᠦᠬᠡ ᠵᠡᠷᠭᠡ᠃      ᠨᠥᠬᠦᠪᠥᠷᠢ ᠣᠯᠭᠤᠬᠤ ᠠᠷᠭ᠎ᠠ ᠮᠠᠶ᠋ᠢᠭ᠄ ᠪᠣᠷᠣ ᠴᠠᠷᠭᠠᠰᠤ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠬᠤᠳᠠᠯᠳᠤᠨ ᠠᠪᠤᠭᠰᠠᠨ ᠪᠣᠳᠠᠲᠤ ᠬᠡᠮᠵᠢᠶ᠎ᠡ ᠪᠠᠷ ᠨᠥᠬᠦᠪᠥᠷᠢ ᠣᠯᠭᠤᠬᠤ ᠰᠠᠭᠤᠷᠢ ᠲᠤᠭ᠎ᠠ ᠪᠣᠯᠭᠠᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ᠂ ᠬᠤᠳᠠᠯᠳᠤᠨ ᠠᠪᠤᠭᠰᠠᠨ ᠪᠠᠷᠢᠮᠲᠠ ᠪᠣᠯᠣᠨ ᠰᠢᠯᠭᠠᠨ ᠪᠠᠶᠢᠴᠠᠭᠠᠭᠰᠠᠨ ᠬᠠᠭᠤᠳᠠᠰᠤ  ᠶᠢ ᠦᠨᠳᠦᠰᠦᠯᠡᠨ ᠴᠢᠩᠭ᠎ᠠ ᠪᠠᠶᠢᠴᠠᠭᠠᠨ ᠰᠢᠯᠭᠠᠭᠰᠠᠨ ᠤ ᠰᠡᠭᠦᠯᠡᠷ ᠨᠥᠬᠦᠪᠥᠷᠢ ᠥᠭᠭᠦᠨ᠎ᠡ᠃      ᠨᠥᠬᠦᠪᠥᠷᠢ ᠣᠯᠭᠤᠬᠤ ᠪᠠᠷᠢᠮᠵᠢᠶ᠎ᠠ᠄ ᠬᠠᠭᠤᠷᠠᠶ ᠡᠪᠡᠰᠦ ᠲᠣᠨ ᠪᠦᠷᠢ ᠳᠤ 200 ᠲᠥᠭᠦᠷᠢᠭ ᠤᠨ ᠨᠥᠬᠦᠪᠥᠷᠢ ᠥᠭᠴᠦ᠂ ᠬᠥᠬᠡ ᠡᠪᠡᠰᠦ ᠲᠣᠨ ᠪᠦᠷᠢ ᠳᠤ 40 ᠲᠥᠭᠦᠷᠢᠭ ᠤᠨ ᠨᠥᠬᠦᠪᠥᠷᠢ ᠥᠭᠭᠦᠨ᠎ᠡ︔ ᠲᠡᠵᠢᠭᠡᠨ ᠦᠷᠡᠵᠢᠭᠦᠯᠬᠦ ᠲᠠᠯᠠᠪᠠᠶ ᠪᠣᠯᠣᠨ ᠲᠡᠵᠢᠭᠡᠯ ᠡᠪᠡᠰᠦ ᠲᠠᠷᠢᠬᠤ ᠡᠷᠥᠭᠡ ᠲᠤᠰ ᠪᠦᠷᠢ 50% ᠶᠢᠨ ᠨᠦᠬᠦᠪᠦᠷᠢ ᠮᠦᠩᠭᠦ ᠬᠦᠷᠲᠡᠨ᠎ᠡ᠃ ᠪᠣᠷᠣ ᠴᠠᠷᠭᠠᠰᠣ ᠲᠠᠷᠢᠵᠣ ᠪᠠᠶᠢᠭ᠎ᠠ ᠡᠷᠦᠬᠡ ᠤᠯᠤᠰ ᠤᠨ ᠥᠨᠳᠥᠷ ᠤᠨᠠᠯᠲᠠ ᠲᠠᠢ ᠴᠢᠨᠠᠷ ᠰᠠᠶᠢᠲᠠᠶ ᠪᠣᠷᠣ ᠴᠠᠷᠭᠠᠰᠤ ᠶᠢᠨ ᠲᠦᠷᠦᠯ ᠵᠦᠢᠯ᠂ ᠬᠤᠲᠠ ᠶᠢᠨ ᠳᠤᠰ ᠱᠠᠲᠤᠨ ᠤ ᠲᠡᠵᠢᠭᠡᠯ ᠡᠪᠡᠰᠦ ᠶᠢᠨ ᠨᠡᠶᠢᠳᠡᠮ ᠤᠨ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠡᠳ᠋ᠯᠡᠵᠦ ᠪᠣᠯᠤᠨ᠎ᠠ᠃      ︵ᠬᠤᠶᠠᠷ︶ ᠮᠠᠯᠵᠢᠯ ᠤᠨ ᠲᠠᠯᠠᠪᠠᠶ ᠶᠢᠨ ᠨᠥᠬᠦᠪᠥᠷᠢ      1. ᠰᠢᠨ᠎ᠡ ᠪᠠᠷ ᠪᠠᠶᠢᠭᠤᠯᠤᠭᠰᠠᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠨᠥᠬᠦᠪᠥᠷᠢ      ᠰᠠᠭᠠᠯᠢ ᠶᠢᠨ ᠦᠨᠢᠶ᠎ᠡ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠬᠥᠭᠵᠢᠭᠦᠯᠵᠦ᠂ ᠰᠠᠭᠠᠯᠢᠴᠢᠳ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠣᠬᠢᠬᠤ ᠬᠡᠪᠴᠢᠶ᠎ᠡ ᠪᠠᠷ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠤᠨ᠎ᠠ᠃      ᠨᠥᠬᠦᠪᠥᠷᠢ ᠣᠯᠭᠤᠬᠤ ᠬᠡᠪᠴᠢᠶ᠎ᠡ᠄ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶ᠎ᠡ ᠨᠢ 300  ᠲᠣᠯᠣᠭᠠᠢ ᠠᠴᠠ ᠳᠡᠭᠡᠭᠰᠢᠬᠢ ᠰᠢᠨ᠎ᠡ ᠪᠠᠷ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᡾      ᠨᠥᠬᠦᠪᠥᠷᠢ ᠣᠯᠭᠤᠬᠤ ᠠᠷᠭ᠎ᠠ ᠬᠡᠯᠪᠡᠷᠢ᠄ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠤ ᠳᠠᠷᠠᠭ᠎ᠠ   ᠱᠠᠩᠨᠠᠬᠤ ᠪᠠᠷ ᠨᠦᠬᠦᠪᠦᠷᠢ ᠶᠢ ᠣᠷᠣᠯᠠᠭᠤᠯᠬᠤ ᠬᠡᠯᠪᠡᠷᠢ ᠪᠠᠷ ᠨᠥᠬᠦᠪᠥᠷᠢ ᠤᠯᠭᠤᠨ᠎ᠠ︔      ᠨᠥᠬᠦᠪᠥᠷᠢ ᠣᠯᠭᠤᠬᠤ ᠪᠠᠷᠢᠮᠵᠢᠶ᠎ᠠ᠄ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠨᠢᠭᠡ ᠪᠠᠶᠢᠭᠤᠯᠪᠠᠯ᠂ 100 ᠲᠦᠮᠡᠨ ᠲᠥᠭᠦᠷᠢᠭ ᠢᠶᠠᠷ ᠱᠠᠩᠨᠠᠨ᠎ᠠ᠃      2. ᠮᠠᠯᠵᠢᠯ ᠤᠨ ᠲᠠᠯᠠᠪᠠᠢ ᠶᠢ ᠥᠭᠡᠷᠡᠴᠢᠯᠡᠨ ᠥᠷᠭᠡᠳᠬᠡᠵᠦ ᠳᠡᠭᠡᠭᠰᠢᠯᠡᠭᠦᠯᠬᠦ ᠨᠥᠬᠦᠪᠥᠷᠢ      ᠤᠳᠤ ᠪᠠᠶᠢᠭ᠎ᠠ ᠮᠠᠯᠵᠢᠯ ᠤᠨ ᠲᠠᠯᠠᠪᠠᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠪᠠᠷᠢᠮᠵᠢᠶᠠᠵᠢᠭᠤᠯᠤᠭᠰᠠᠨ ᠮᠠᠯᠵᠢᠯ ᠤᠨ ᠲᠠᠯᠠᠪᠠᠢ ᠶᠢᠨ ᠱᠠᠭᠠᠷᠳᠠᠯᠭ᠎ᠠ ᠶᠣᠰᠣᠭᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠬᠦ ᠬᠡᠮᠵᠢᠶ᠎ᠡ ᠶᠢ ᠥᠷᠭᠡᠳᠬᠡᠨ᠎ᠡ᠃      ᠨᠥᠬᠦᠪᠥᠷᠢ ᠣᠯᠭᠤᠬᠤ ᠬᠡᠪᠴᠢᠶ᠎ᠡ᠄ ᠤᠤᠯ ᠠᠴᠠ ᠪᠠᠨ ᠪᠠᠶᠢᠭᠰᠠᠨ ᠮᠠᠯᠵᠢᠯ ᠤᠨ ᠲᠠᠯᠠᠪᠠᠢ︔      ᠨᠥᠬᠦᠪᠥᠷᠢ ᠣᠯᠭᠤᠬᠤ ᠠᠷᠭ᠎ᠠ ᠬᠡᠯᠪᠡᠷᠢ᠄ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠤ ᠳᠠᠷᠠᠭ᠎ᠠ  ᠱᠠᠩᠨᠠᠬᠤ ᠪᠠᠷ ᠨᠦᠬᠦᠪᠦᠷᠢ ᠶᠢ ᠣᠷᠣᠯᠠᠭᠤᠯᠬᠤ ᠬᠡᠯᠪᠡᠷᠢ ᠪᠠᠷ ᠨᠥᠬᠦᠪᠥᠷᠢ ᠤᠯᠭᠤᠨ᠎ᠠ︔      ᠨᠥᠬᠦᠪᠥᠷᠢ ᠣᠯᠭᠤᠬᠤ ᠪᠠᠷᠢᠮᠵᠢᠶ᠎ᠠ᠄ ᠨᠢᠭᠡ ᠲᠡᠵᠢᠭᠡᠨ ᠦᠷᠡᠵᠢᠭᠦᠯᠬᠦ ᠲᠠᠯᠠᠪᠠᠢ ᠶᠢ ᠥᠭᠡᠷᠡᠴᠢᠯᠡᠨ ᠥᠷᠭᠡᠳᠬᠡᠵᠦ ᠳᠡᠭᠡᠭᠰᠢᠯᠡᠭᠦᠯᠪᠡᠯ᠂ 80 ᠲᠦᠮᠡᠨ ᠲᠥᠭᠦᠷᠢᠭ ᠢᠶᠠᠷ ᠱᠠᠩᠨᠠᠨ᠎ᠠ᠃      ᠰᠢᠨ᠎ᠡ ᠪᠠᠷ ᠪᠠᠶᠢᠭᠤᠯᠤᠭᠰᠠᠨ ᠬᠡᠷ ᠪᠦᠯᠢ ᠶᠢᠨ ᠮᠠᠯᠵᠢᠯ ᠤᠨ ᠲᠠᠯᠠᠪᠠᠶ ᠪᠣᠯᠣᠨ ᠥᠭᠡᠷᠡᠴᠢᠯᠡᠨ ᠥᠷᠭᠡᠳᠬᠡᠵᠦ ᠳᠡᠭᠡᠭᠰᠢᠯᠡᠭᠦᠯᠦᠭᠰᠡᠨ ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠤᠭᠰᠠᠨ ᠤ ᠳᠠᠷᠠᠭ᠎ᠠ᠂ ︽ ᠲᠠᠪᠣᠵᠢᠭᠤᠯᠬᠤ︾ ᠪᠠᠷᠢᠮᠵᠢᠶ᠎ᠠ ᠳᠤ ᠬᠦᠷᠬᠦ ᠬᠡᠷᠡᠭᠲᠡᠢ᠂ ᠲᠤᠬᠠᠶᠢᠯᠠᠪᠠᠯ ︽ᠮᠠᠯ ᠵᠢᠭᠦᠷᠲᠡᠨ ᠢ ᠰᠠᠶᠢᠨ ᠡᠭᠦᠯᠳᠡᠷᠵᠢᠭᠦᠯᠬᠦ᠂ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠪᠠᠷᠢᠮᠵᠢᠶᠠᠵᠢᠭᠤᠯᠬᠤ᠂ ᠦᠢᠯᠡᠳᠪᠦᠷᠢᠯᠡᠯ ᠢ ᠵᠢᠷᠤᠮᠵᠢᠭᠤᠯᠬᠤ᠂ ᠬᠢᠵᠢᠭ ᠢ ᠰᠡᠷᠭᠡᠶᠢᠯᠡᠬᠦ ᠶᠢ ᠳᠦᠷᠢᠮᠵᠢᠭᠦᠯᠬᠦ᠂ ᠢᠯᠭᠠᠳᠠᠰᠤ ᠶᠢ ᠬᠤᠤᠷ ᠦᠭᠡᠶᠢᠳᠡᠭᠦᠯᠬᠦ ︾ ᠪᠣᠯᠣᠨ᠎ᠠ᠃      ︵ᠭᠤᠷᠪᠠ︶ ᠭᠠᠳᠠᠨ᠎ᠠ ᠠᠴᠠ ᠰᠠᠭᠠᠯᠢ ᠶᠢᠨ ᠦᠨᠢᠶ᠎ᠡ ᠬᠤᠳᠠᠯᠳᠤᠨ ᠠᠪᠬᠤ ᠨᠥᠬᠦᠪᠥᠷᠢ      ᠨᠥᠬᠦᠪᠥᠷᠢ ᠣᠯᠭᠤᠬᠤ ᠬᠡᠪᠴᠢᠶ᠎ᠡ᠄ ᠮᠠᠨ ᠤ ᠬᠤᠲᠠ ᠠᠴᠠ ᠭᠠᠳᠠᠨᠠᠬᠢ ᠪᠤᠰᠤᠳ ᠣᠷᠣᠨ ᠤ ᠴᠢᠨᠠᠷ ᠰᠠᠶᠢᠲᠠᠶ᠂ ᠰᠦ ᠰᠠᠶᠢᠲᠠᠢ ᠰᠠᠭᠠᠯᠢ ᠶᠢᠨ ᠦᠨᠢᠶ᠎ᠡ ᠶᠢ ᠬᠤᠳᠠᠯᠳᠤᠨ ᠠᠪᠤᠭᠰᠠᠨ ᠪᠥᠭᠡᠳ ᠮᠠᠨ ᠤ ᠬᠤᠲᠠ ᠳᠤ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠶ︔      ᠨᠥᠬᠦᠪᠥᠷᠢ ᠣᠯᠭᠤᠬᠤ ᠠᠷᠭ᠎ᠠ ᠬᠡᠯᠪᠡᠷᠢ᠄ ᠰᠠᠭᠠᠯᠢ ᠶᠢᠨ ᠠᠮᠢᠲᠠᠨ ᠢ ᠵᠥᠭᠡᠭᠡᠪᠦᠷᠢᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠮᠡᠳᠡᠭᠦᠯᠦᠨ ᠪᠠᠶᠢᠴᠠᠭᠠᠯᠭᠠᠬᠤ ᠲᠦᠷᠢᠮ ᠢ ᠴᠢᠩᠭ᠎ᠠ ᠵᠢᠷᠤᠮᠯᠠᠨ᠂ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠢ ᠵᠢᠯ ᠤᠨ ᠡᠴᠦᠰ ᠲᠤ ᠨᠢᠭᠡᠳᠦᠯᠲᠡᠶ ᠵᠣᠬᠢᠶᠠᠨ ᠪᠠᠶᠢᠭᠤᠯᠤᠨ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠰᠡᠭᠦᠯᠡᠷ ᠨᠥᠬᠦᠪᠥᠷᠢ ᠤᠯᠭᠤᠨ᠎ᠠ︔      ᠨᠥᠬᠦᠪᠥᠷᠢ ᠣᠯᠭᠤᠬᠤ ᠪᠠᠷᠢᠮᠵᠢᠶ᠎ᠠ᠄ ᠭᠠᠳᠠᠨ᠎ᠠ ᠠᠴᠠ ᠬᠤᠳᠠᠯᠳᠤᠨ ᠠᠪᠤᠭᠰᠠᠨ ᠰᠠᠭᠠᠯᠢ ᠶᠢᠨ ᠦᠨᠢᠶ᠎ᠡ ᠪᠦᠷᠢ  ᠳᠤ 3000 ᠲᠥᠭᠦᠷᠢᠭ ᠤᠨ ᠨᠥᠬᠦᠪᠥᠷᠢ ᠤᠯᠭᠤᠨ᠎ᠠ᠃      ︵ᠲᠦᠷᠪᠡ︶ ᠢᠴᠡᠭᠡᠯ ᠦᠷ᠎ᠡ ᠶᠢᠨ ᠨᠥᠬᠦᠪᠥᠷᠢ ᠰᠠᠭᠠᠯᠢ ᠶᠢᠨ ᠦᠨᠢᠶ᠎ᠡ ᠶᠢᠨ ᠴᠢᠨᠠᠷ ᠰᠠᠶᠢᠲᠠᠶ ᠪᠡᠯᠭᠡ ᠶᠢᠨ ᠡᠵᠡᠮᠰᠢᠯᠲᠦ ᠢᠴᠡᠭᠡᠯ ᠦᠷ᠎ᠡ ᠬᠡᠷᠡᠭᠯᠡᠬᠦ ᠶᠢ ᠵᠣᠷᠢᠭᠵᠢᠭᠤᠯᠵᠤ ᠂ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠶᠢᠨ ᠥᠪᠡᠰᠦᠪᠡᠨ ᠦᠷᠡᠵᠢᠬᠦ ᠬᠤᠷᠳᠤᠴᠠ ᠶᠢ ᠲᠦᠷᠭᠡᠳᠬᠡᠨ᠎ᠡ᠃      ᠨᠥᠬᠦᠪᠥᠷᠢ ᠣᠯᠭᠤᠬᠤ ᠬᠡᠪᠴᠢᠶ᠎ᠡ᠄ ᠰᠠᠭᠠᠯᠢ ᠶᠢᠨ ᠦᠨᠢᠶ᠎ᠡ ᠶᠢᠨ ᠴᠢᠨᠠᠷ ᠰᠠᠶᠢᠲᠠᠶ ᠪᠡᠯᠭᠡ ᠶᠢᠨ ᠡᠵᠡᠮᠰᠢᠯᠲᠦ ᠢᠴᠡᠭᠡᠯ ᠦᠷ᠎ᠡ ᠶᠢ ᠬᠡᠷᠡᠭᠯᠡᠵᠦ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠶ︔      ᠨᠥᠬᠦᠪᠥᠷᠢ ᠣᠯᠭᠤᠬᠤ ᠠᠷᠭ᠎ᠠ ᠬᠡᠯᠪᠡᠷᠢ᠄ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠡᠷᠡᠭᠯᠡᠵᠦ ᠪᠠᠶᠢᠭ᠎ᠠ ᠴᠢᠨᠠᠷ ᠰᠠᠶᠢᠲᠠᠶ ᠪᠡᠯᠭᠡ ᠶᠢᠨ ᠡᠵᠡᠮᠰᠢᠯᠲᠦ ᠢᠴᠡᠭᠡᠯ ᠦᠷ᠎ᠡ ᠶᠢᠨ ᠨᠠᠷᠢᠨ ᠬᠤᠭᠤᠯᠠᠶ᠂ ᠬᠡᠷᠡᠭᠯᠡᠬᠦ ᠬᠡᠮᠵᠢᠶ᠎ᠡ᠂  ᠬᠡᠭᠡᠯᠲᠦᠭᠦᠯᠭᠡ ᠬᠢᠭᠰᠡᠨ ᠲᠡᠮᠳᠡᠭᠯᠡᠯ ᠵᠡᠷᠭᠡ ᠮᠠᠲ᠋ᠧᠷᠢᠶᠠᠯ ᠢ ᠦᠨᠳᠦᠰᠦᠯᠡᠵᠦ᠂ ᠬᠠᠷᠭᠤᠭᠤᠯᠤᠨ ᠪᠠᠶᠢᠴᠠᠭᠠᠬᠤ ᠪᠠᠷ  ᠳᠠᠮᠵᠢᠨ᠂ ᠲᠡᠵᠢᠭᠡᠨ ᠦᠷᠡᠵᠢᠭᠦᠯᠬᠦ ᠲᠠᠯᠠᠪᠠᠢ ᠳᠤ ᠨᠥᠬᠦᠪᠥᠷᠢ ᠤᠯᠭᠤᠨ᠎ᠠ᠃        ᠨᠥᠬᠦᠪᠥᠷᠢ ᠣᠯᠭᠤᠬᠤ ᠪᠠᠷᠢᠮᠵᠢᠶ᠎ᠠ᠄ ᠴᠢᠨᠠᠷ ᠰᠠᠶᠢᠲᠠᠶ ᠪᠡᠯᠭᠡ ᠶᠢᠨ ᠡᠵᠡᠮᠰᠢᠯᠲᠦ ᠢᠴᠡᠭᠡᠯ ᠦᠷ᠎ᠡ ᠪᠥᠷᠢ ᠳᠤ 60 ᠲᠥᠭᠦᠷᠢᠭ ᠤᠨ ᠨᠥᠬᠦᠪᠥᠷᠢ ᠤᠯᠭᠤᠨ᠎ᠠ᠃      ︵ᠲᠠᠪᠤ︶ ᠮᠠᠰᠢᠨ ᠲᠥᠬᠦᠭᠡᠷᠦᠮᠵᠢ ᠶᠢᠨ ᠨᠥᠬᠦᠪᠥᠷᠢ      ᠬᠤᠨᠤᠭ ᠤᠨ ᠪᠦᠷᠢᠨ ᠬᠤᠯᠢᠮᠠᠭ ᠪᠣᠷᠳᠤᠭ᠎ᠠ ᠶᠢᠨ ᠮᠠᠰᠢᠨ ︵TMR︶᠂ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠢᠵᠢ ᠪᠦᠷᠢᠳᠦᠭᠦᠯᠬᠦ ᠪᠡᠯᠡᠳᠬᠡᠮᠵᠢ ᠵᠢᠴᠢ ᠪᠤᠰᠤᠳ ᠲᠡᠵᠢᠭᠡᠨ ᠦᠷᠡᠵᠢᠭᠦᠯᠬᠦ᠂ ᠲᠡᠵᠢᠭᠡᠯ ᠡᠪᠡᠰᠦ ᠪᠣᠷᠳᠤᠭ᠎ᠠ ᠶᠢ ᠪᠣᠯᠪᠠᠰᠤᠷᠠᠭᠤᠯᠬᠤ ᠮᠠᠰᠢᠨ ᠵᠡᠷᠭᠡ ᠨᠥᠬᠦᠪᠥᠷᠢ ᠣᠯᠭᠤᠬᠤ ᠨᠥᠬᠦᠴᠡᠯ ᠳᠤ ᠨᠡᠶᠢᠴᠡᠭᠰᠡᠨ ᠮᠠᠰᠢᠨ ᠲᠥᠬᠦᠭᠡᠷᠦᠮᠵᠢ ᠤᠯᠤᠰ ᠤᠨ ᠲᠠᠷᠢᠶᠠᠯᠠᠩ ᠤᠨ ᠮᠠᠰᠢᠨ ᠤ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠶᠢ ᠬᠦᠷᠲᠡᠨ᠎ᠡ᠃      ︵ᠵᠢᠷᠭᠤᠭ᠎ᠠ︶ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠨᠥᠬᠦᠪᠥᠷᠢ      ᠡᠳ᠋ ᠤᠨ ᠵᠠᠰᠠᠭ ᠤᠨ ᠪᠡᠯᠡ ᠮᠦᠩᠭᠦ ᠶᠢᠨ ᠵᠢᠯᠣᠭᠤᠳᠤᠮᠵᠢ ᠪᠣᠯᠣᠨ ᠬᠦᠰᠢᠬᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠣ᠂ ᠪᠠᠩᠬᠢ ᠶᠢᠨ ᠪᠡᠯᠡ ᠮᠥᠩᠭᠦ ᠶᠢ ᠬᠥᠰᠢᠭᠦᠷᠭᠡᠯᠡᠵᠦ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠢ ᠪᠠᠭᠤᠷᠠᠭᠤᠯᠵᠣ᠂ ᠴᠠᠭᠠᠨ ᠢᠳᠡᠭᠡᠨ ᠪᠣᠯᠪᠠᠰᠣᠷᠠᠭᠤᠯᠬᠤ ᠠᠵᠤ ᠠᠬᠤᠶᠢᠯᠠᠯ᠂ ᠬᠤᠷᠰᠢᠶᠠᠵᠢᠯ ᠪᠤᠶᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠥᠨᠳᠥᠷ ᠪᠠᠷᠢᠮᠵᠢᠶᠠᠲᠤ ᠰᠠᠭᠠᠯᠢ ᠶᠢᠨ ᠦᠨᠢᠶ᠎ᠡ ᠶᠢᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠬᠤ ᠶᠢ ᠵᠣᠷᠢᠭᠵᠢᠭᠤᠯᠤᠨ᠎ᠠ᠃      ᠨᠥᠬᠦᠪᠥᠷᠢ ᠣᠯᠭᠤᠬᠤ ᠬᠡᠪᠴᠢᠶ᠎ᠡ᠄ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠨᠢᠶ᠎ᠡ ᠶᠢᠨ ᠮᠠᠯᠵᠢᠯ ᠶᠢᠨ ᠲᠠᠯᠠᠪᠠᠢ ᠪᠣᠯᠣᠨ ᠭᠠᠳᠠᠨ᠎ᠠ ᠠᠴᠠ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠲᠡᠵᠢᠭᠡᠨ ᠦᠷᠡᠵᠢᠭᠦᠯᠬᠦ ᠲᠠᠯᠠᠪᠠᠢ᠃      ᠨᠥᠬᠦᠪᠥᠷᠢ ᠣᠯᠭᠤᠬᠤ ᠠᠷᠭ᠎ᠠ ᠬᠡᠯᠪᠡᠷᠢ᠄ ᠮᠠᠯᠵᠢᠯ ᠶᠢᠨ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠵᠢᠴᠢ ᠵᠢᠭᠡᠯᠡᠯᠭᠡ ᠶᠢᠨ ᠲᠤᠭ᠎ᠠ ᠶᠢ ᠦᠨᠳᠦᠰᠦᠯᠡᠵᠦ ᠬᠦᠦ ᠮᠥᠩᠭᠦ ᠶᠢᠨ ᠨᠥᠬᠦᠪᠥᠷᠢ ᠤᠯᠭᠤᠨ᠎ᠠ᠃      ᠨᠥᠬᠦᠪᠥᠷᠢ ᠣᠯᠭᠤᠬᠤ ᠪᠠᠷᠢᠮᠵᠢᠶ᠎ᠠ᠄ 2019-2022 ᠣᠨ ᠤ ᠬᠤᠭᠤᠴᠠᠭᠠᠨ ᠳᠤ᠂ ᠲᠡᠵᠢᠭᠡᠨ ᠦᠷᠡᠵᠢᠭᠦᠯᠬᠦ ᠡᠷᠦᠬᠡ ᠶᠢᠨ ᠵᠢᠭᠡᠯᠡᠯᠭᠡ ᠳᠤ ᠪᠠᠩᠬᠢ ᠶᠢᠨ ᠰᠠᠭᠤᠷᠢ ᠬᠦᠤ ᠮᠥᠩᠭᠦ ᠶᠢᠨ ᠨᠣᠷᠮ᠎ᠠ ᠶᠣᠰᠣᠭᠠᠷ ᠬᠦᠦ ᠮᠥᠩᠭᠦ ᠶᠢᠨ ᠨᠥᠬᠦᠪᠦᠷᠢ ᠣᠯᠭᠤᠵᠤ᠂ ᠵᠢᠭᠡᠯᠡᠯᠭᠡ ᠶᠢᠨ ᠬᠦᠦ ᠮᠥᠩᠭᠦ ᠶᠢᠨ ᠨᠥᠬᠦᠪᠦᠷᠢ ᠣᠯᠭᠤᠬᠤ ᠬᠤᠭᠤᠴᠠᠭ᠎ᠠ ᠨᠢ 3 ᠵᠢᠯ᠂ ᠨᠢᠭᠡᠳᠦᠭᠡᠷ ᠵᠢᠯ ᠳᠤ ᠬᠦᠦ ᠮᠥᠩᠭᠦ ᠶᠢᠨ ᠨᠥᠬᠦᠪᠦᠷᠢ 100%᠂ ᠬᠤᠶᠠᠳᠤᠭᠠᠷ ᠵᠢᠯ ᠳᠤ ᠬᠦᠦ ᠮᠥᠩᠭᠦ ᠶᠢᠨ ᠨᠥᠬᠦᠪᠦᠷᠢ 80%᠂ ᠭᠤᠷᠪᠠᠳᠤᠭᠠᠷ ᠵᠢᠯ ᠳᠤ ᠬᠦᠦ ᠮᠥᠩᠭᠦ ᠶᠢᠨ ᠨᠥᠬᠦᠪᠦᠷᠢ 60% ᠪᠠᠷ ᠤᠯᠭᠤᠨ᠎ᠠ      ︵ᠲᠤᠯᠤᠭ᠎ᠠ︶ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ      1. ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠨ᠎ᠡ      ᠰᠦ ᠰᠠᠭᠠᠯᠢ ᠶᠢᠨ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠶᠢᠨ ᠰᠦ ᠰᠠᠭᠠᠯᠢ ᠶᠢᠨ ᠦᠢᠯᠡᠰ ᠲᠤ ᠦᠵᠡᠭᠦᠯᠬᠦ ᠳᠠᠭᠠᠭᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠡᠭᠦᠷᠭᠡᠯᠡᠬᠦ ᠶᠢ ᠵᠣᠷᠢᠭᠵᠢᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠵᠦᠢ ᠵᠣᠬᠢᠰᠲᠠᠶ ᠬᠡᠷᠡᠭᠯᠡᠨ ᠶᠠᠳᠠᠭᠤ ᠶᠢ ᠲᠡᠳᠬᠦᠬᠦ ᠮᠠᠯᠵᠢᠯ ᠶᠢᠨ ᠲᠠᠯᠠᠪᠠᠢ ᠶᠢ ᠪᠥᠲᠥᠭᠡᠨ ᠪᠠᠶᠢᠭᠤᠯᠵᠤ᠂ ᠬᠤᠷᠰᠢᠶᠠᠵᠢᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠪᠠᠶᠢᠭᠤᠯᠤᠮᠵᠢ ᠪᠠᠷ ᠳᠠᠮᠵᠢᠨ᠂ ᠶᠠᠳᠠᠭᠤ ᠬᠦᠴᠢᠷᠳᠡᠯᠲᠡᠢ ᠡᠷᠦᠬᠡ ᠬᠢᠭᠡᠳ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠦᠷᠲᠡᠵᠦ ᠪᠠᠶᠢᠭ᠎ᠠ ᠠᠵᠤ ᠠᠬᠤᠶᠢᠯᠠᠯ ᠤᠨ ᠠᠰᠢᠭ ᠲᠤᠰᠠ ᠶᠢᠨ ᠨᠢᠭᠲᠠ ᠬᠤᠯᠪᠣᠭᠳᠠᠬᠤ ᠲᠣᠭᠲᠠᠴᠠ ᠶᠢ ᠪᠤᠢ ᠪᠣᠯᠭᠠᠨ᠎ᠠ᠃ ᠶᠠᠳᠠᠭᠤ ᠬᠦᠴᠢᠷᠳᠡᠯᠲᠡᠢ ᠡᠷᠤᠭᠡ ᠨᠢ ᠠᠰᠢᠭ ᠬᠤᠨᠵᠢᠪᠣᠷᠢ ᠪᠤᠴᠠᠭᠠᠬᠤ᠂ ᠠᠰᠢᠭ ᠣᠷᠣᠯᠭ᠎ᠠ ᠬᠤᠪᠢᠶᠠᠬᠤ ᠵᠡᠷᠭᠡ ᠬᠡᠯᠪᠡᠷᠢ ᠪᠠᠷ ᠠᠵᠤ ᠦᠢᠯᠡᠰ ᠤᠨ ᠬᠥᠭᠵᠢᠯᠲᠡ ᠶᠢᠨ ᠳᠤᠮᠳᠠ ᠠᠴᠠ ᠠᠰᠢᠭ ᠬᠦᠷᠲᠡᠭᠡᠨ᠎ᠡ᠂ ᠡᠭᠦᠨ ᠤ ᠬᠠᠮᠲᠤ ᠶᠠᠳᠠᠭᠤ ᠬᠦᠴᠢᠷᠳᠡᠯᠲᠡᠢ ᠡᠷᠦᠬᠡ ᠶᠢᠨ ᠭᠠᠵᠠᠷ ᠰᠢᠷᠣᠶ᠂ ᠬᠥᠳᠡᠯᠮᠦᠷᠢ ᠬᠦᠴᠦ ᠵᠡᠷᠭᠡ ᠬᠡᠯᠪᠡᠷᠢ ᠪᠠᠷ ᠬᠤᠪᠢ ᠣᠷᠣᠵᠤ ᠮᠠᠯᠵᠢᠯ ᠤᠨ ᠲᠠᠯᠠᠪᠠᠢ ᠲᠠᠢ ᠬᠠᠮᠲᠤᠷᠠᠨ ᠠᠵᠢᠯᠯᠠᠬᠤ ᠶᠢ ᠵᠣᠷᠢᠭᠵᠢᠭᠤᠯᠵᠤ᠂ ᠵᠦᠢ ᠵᠣᠬᠢᠰᠲᠠᠶ ᠠᠰᠢᠭ ᠣᠷᠣᠯᠭ᠎ᠠ ᠬᠤᠪᠢᠶᠠᠬᠤ ᠵᠡᠷᠭᠡ ᠠᠰᠢᠭ ᠲᠤᠰᠠ ᠶᠢᠨ ᠨᠢᠭᠲᠠ ᠬᠤᠯᠪᠣᠭᠳᠠᠬᠤ ᠲᠣᠭᠲᠠᠴᠠ ᠶᠢ ᠪᠠᠶᠢᠭᠤᠯᠤᠨ᠂ ᠶᠠᠳᠠᠭᠤ ᠬᠦᠴᠢᠷᠳᠡᠯᠲᠡᠢ ᠡᠷᠦᠬᠡ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠠᠳᠤᠯᠠᠨ᠎ᠠ      2. ᠲᠡᠵᠢᠭᠡᠨ ᠦᠷᠡᠵᠢᠭᠦᠯᠬᠦ ᠲᠠᠯᠠᠪᠠᠢ ᠶᠢᠨ ᠬᠤᠳᠠ ᠶᠢᠨ ᠵᠠᠰᠠᠭ ᠤᠨ ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠠᠰᠢᠭᠯᠠᠬᠤ ᠶᠢ ᠵᠣᠷᠢᠭᠵᠢᠭᠤᠯᠤᠨ᠎ᠠ      ᠲᠡᠵᠢᠭᠡᠨ ᠦᠷᠡᠵᠢᠭᠦᠯᠬᠦ ᠲᠠᠯᠠᠪᠠᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠬᠡᠷᠡᠭᠯᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃      ︵ᠨᠠᠢᠮᠠ︶ ᠦᠨᠢᠶᠡᠨ ᠰᠦ ᠶᠢᠨ ᠦᠨ᠎ᠡ ᠶᠢᠨ ᠳᠠᠭᠠᠳᠬᠠᠯ ᠤᠨ ᠲᠣᠭᠲᠠᠴᠠ ᠶᠢ ᠰᠦᠪᠡᠭᠴᠢᠯᠡᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠠᠭᠤᠷᠠᠭᠤᠯᠤᠨ᠎ᠠ      ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠭᠠᠳᠬᠠᠯ ᠤᠨ ᠬᠠᠷᠢᠴᠠᠯ ᠢ ᠶᠡᠬᠡᠳᠬᠡᠵᠦ᠂ ᠲᠦᠭᠦᠬᠡᠶ ᠰᠢᠨ᠎ᠡ ᠰᠦ ᠶᠢᠨ ᠦᠨ᠎ᠡ ᠶᠢᠨ ᠳᠠᠭᠠᠳᠬᠠᠯ ᠤᠨ ᠲᠣᠭᠲᠠᠴᠠ ᠶᠢ ᠢᠳᠡᠪᠬᠢᠲᠡᠶ ᠰᠦᠪᠡᠭᠴᠢᠯᠡᠨ᠂ ᠲᠡᠵᠢᠭᠡᠨ ᠦᠷᠡᠵᠢᠭᠦᠯᠬᠦ ᠠᠰᠢᠭ ᠣᠷᠣᠯᠭ᠎ᠠ ᠶᠢ ᠳᠣᠭᠲᠠᠭᠤᠨ ᠪᠣᠯᠭᠠᠵᠤ᠂ ᠲᠠᠷᠢᠬᠤ᠂ ᠲᠡᠵᠢᠭᠡᠨ ᠦᠷᠡᠵᠢᠭᠦᠯᠬᠦ᠂ ᠪᠣᠯᠪᠠᠰᠤᠷᠠᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠷᠡᠭᠦᠯ ᠮᠡᠨᠳᠦ᠂ ᠡᠮᠬᠢ ᠵᠢᠷᠤᠮ ᠲᠠᠢ ᠬᠥᠭᠵᠢᠬᠦ ᠶᠢ ᠪᠠᠳᠤᠯᠠᠨ᠎ᠠ᠃      ︵ᠶᠢᠰᠦ︶ ᠮᠡᠷᠭᠡᠵᠢᠯ ᠤᠨ ᠪᠣᠯᠪᠠᠰᠤᠷᠠᠭᠤᠯᠤᠯ ᠶᠢ ᠴᠢᠩᠭᠠᠳᠬᠠᠨ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      ᠵᠢᠯ ᠪᠦᠷᠢ 100 ᠲᠦᠮᠡᠨ ᠲᠥᠭᠦᠷᠢᠭ ᠤᠨ ᠪᠣᠯᠪᠠᠰᠤᠷᠠᠭᠤᠯᠤᠯ ᠤᠨ ᠵᠠᠷᠤᠳᠠᠯ ᠢ ᠲᠣᠬᠢᠷᠠᠭᠤᠯᠤᠨ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠮᠤ ᠰᠢᠶᠠᠨ ᠤ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠦᠷᠡᠵᠢᠭᠦᠯᠦᠨ ᠪᠤᠶᠢᠵᠢᠭᠤᠯᠬᠤ᠂ ᠠᠷᠠᠴᠢᠯᠠᠨ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠦᠬᠡᠷ ᠠᠷᠠᠴᠢᠯᠠᠬᠤ ᠮᠠᠰᠢᠨ ᠮᠧᠬᠠᠨᠢᠭ ᠢ ᠠᠷᠠᠴᠢᠯᠠᠵᠤ ᠬᠠᠮᠠᠭᠠᠯᠠᠬᠤ᠂ ᠢᠯᠭᠠᠳᠠᠰᠣ ᠶᠢ ᠰᠢᠢᠳᠪᠦᠷᠢᠯᠡᠬᠦ ᠪᠠ ᠠᠰᠢᠭᠯᠠᠬᠤ ᠵᠡᠷᠭᠡ ᠮᠡᠷᠭᠡᠵᠢᠯ ᠤᠨ ᠪᠣᠯᠪᠠᠰᠤᠷᠠᠭᠤᠯᠤᠯ ᠳᠤ ᠨᠢᠭᠡᠳᠦᠯᠲᠡᠶ ᠬᠡᠷᠡᠭᠯᠡᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡᠨ ᠤ ᠬᠡᠪ ᠵᠠᠭᠪᠤᠷ ᠤᠨ ᠰᠢᠨ᠎ᠡ ᠶᠢ ᠡᠭᠦᠳᠴᠦ᠂ ᠮᠠᠯᠵᠢᠯ ᠶᠢᠨ ᠲᠠᠯᠠᠪᠠᠢ ᠶᠢᠨ ᠪᠦᠬᠦᠯᠢ ᠴᠣᠭᠴᠠ ᠶᠢᠨ ᠠᠷᠠᠴᠢᠯᠠᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号