ᠬᠦᠬᠡᠬᠤᠳᠠ ᠵᠠᠰᠠᠭ ᠠᠯᠪᠠᠨ ᠲᠠᠷᠬᠠᠭᠠᠭᠰᠠᠨ ︹2019︺1 ᠳ᠋ᠤᠭᠡᠷ ᠲᠤᠭᠠᠳᠤ | 2019 ᠤᠨ ᠤ 1 ᠳ᠋ᠦ᠋ᠭᠡᠷ ᠰᠠᠷ᠎ᠠ ᠶᠢᠨ 30 ᠤ ᠡᠳᠤᠷ | | ᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠳᠡ ᠶᠢᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠬᠤᠳᠠ ᠶᠢᠨ ᠡᠯ᠎ᠡ ᠵᠦᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄ | ︽ ᠬᠦᠬᠡᠬᠤᠳᠠ ᠶᠢᠨ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢ ᠤᠷᠮᠠᠰᠢᠭᠤᠯᠬᠤ | ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ ᠬᠡᠷᠡᠭᠵᠢᠭᠦᠯᠬᠦ ᠲᠦᠰᠦᠯ︾ ᠢ ᠬᠤᠳᠠ ᠶᠢᠨ ᠵᠠᠰᠠᠭ ᠤᠨ | ᠤᠷᠳᠤᠨ ᠢᠶᠠᠷ ᠵᠦᠪᠰᠢᠶᠡᠷᠡᠭᠦᠯᠦᠭᠡᠳ ᠡᠳᠤᠭᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠳᠦᠭᠡᠢ᠃ | ᠬᠦᠬᠡᠬᠤᠳᠠ ᠶᠢᠨ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢ | ᠤᠷᠮᠠᠰᠢᠭᠤᠯᠬᠤ | ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠵᠢᠭᠦᠯᠬᠦ ᠲᠦᠰᠦᠯ | ︽ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢ ᠤᠷᠮᠠᠰᠢᠭᠤᠯᠬᠤ ᠲᠣᠭᠲᠠᠴᠠ ᠶᠢ | ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2018﹈ 3 ᠳ᠋ᠤᠭᠠᠷ ᠲᠣᠭᠠᠲᠤ︶ ᠪᠤᠯᠤᠨ ︽ᠶᠡᠷᠦᠩᠬᠡᠢ ᠰᠠᠯᠠᠭᠠᠨ ᠤ | ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢᠨ ᠤᠷᠮᠠᠰᠢᠭᠤᠯᠬᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ | ᠬᠡᠷᠡᠭᠵᠢᠭᠦᠯᠬᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠠᠯᠪᠠᠨ ᠲᠢᠩᠬᠢᠮ ᠤᠨ ᠰᠠᠨᠠᠯ︾ ︵ᠦᠪᠤᠷ ᠵᠠᠰᠠᠭ ᠠᠯᠪᠠᠨ ᠲᠠᠷᠬᠠᠭᠠᠭᠰᠠᠨ ﹇2018﹈ 61 ᠳ᠋ᠤᠭᠡᠷ ᠲᠤᠭᠠᠳᠤ ︶ | ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠡᠮᠵᠢᠶᠡᠨ ᠤ ᠬᠢᠷᠢ ᠲᠡᠩᠴᠡᠭᠰᠡᠨ | ᠶᠡᠷᠦᠩᠬᠡᠢ ᠰᠠᠯᠠᠭᠠᠨ ᠤ ᠡᠮᠴᠢ ᠶᠢ ᠲᠦᠷᠭᠡᠬᠡᠨ ᠬᠦᠮᠦᠵᠢᠭᠦᠯᠦᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠰ | ᠬᠡᠷᠡᠭᠵᠢᠭᠦᠯᠬᠦ ᠲᠦᠰᠦᠯ ᠢ ᠲᠤᠭᠳᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠦᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ᠂ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠤ ᠶᠢᠨ ᠠᠵᠢᠯ ᠤᠨ ᠲᠤᠬᠠᠢ ᠨᠠᠮ ᠤᠨ | ᠴᠢᠭᠯᠡᠯᠲᠡ ᠶᠢ ᠪᠠᠷᠢᠮᠲᠠᠯᠠᠵᠤ᠂ ᠠᠰᠠᠭᠤᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠡᠮᠴᠢᠯᠡᠭᠡᠨ ᠤ ᠠᠨᠠᠭᠠᠬᠤ ᠤᠬᠠᠭᠠᠨ ᠤ | ᠴᠢᠳᠠᠪᠤᠷᠢᠲᠠᠨ ᠤ ᠪᠤᠶᠢᠵᠢᠯᠲᠠ ᠶᠢᠨ ᠵᠢᠮ᠎ᠡ ᠶᠣᠰᠤ ᠶᠢ ᠵᠢᠷᠤᠮᠯᠠᠵᠤ᠂ ᠵᠠᠰᠠᠭ ᠤᠨ ᠣᠷᠳᠣᠨ ᠢᠶᠠᠷ ᠭᠤᠣᠯ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ | ᠠᠵᠢᠯ ᠲᠥᠷᠥᠯ ᠤᠨ ᠣᠨᠴᠠᠯᠢᠭ ᠲᠤ ᠲᠣᠬᠢᠷᠠᠭᠰᠠᠨ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠳᠥᠷᠢᠮ ᠢ | ᠲᠡᠭᠦᠯᠳᠡᠷᠵᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢ ᠬᠡᠷᠡᠭᠯᠡᠬᠦ ᠶᠢ ᠤᠷᠮᠠᠰᠢᠭᠤᠯᠬᠤ ᠲᠣᠭᠲᠠᠴᠠ ᠳᠤ ᠰᠢᠨ᠎ᠡ ᠶᠢ | ᠡᠭᠦᠳᠴᠦ᠂ ᠡᠷᠡᠭᠦᠯ ᠡᠩᠬᠡ ᠬᠦᠬᠡᠬᠤᠳᠠ ᠶᠢᠨ ᠪᠦᠲᠦᠭᠡᠨ ᠪᠠᠶᠢᠭᠤᠯᠤᠯᠲᠠ ᠳᠤ ᠶᠡᠷᠦᠩᠬᠡᠢ ᠰᠠᠯᠠᠭᠠᠨ ᠤ ᠠᠨᠠᠭᠠᠬᠤ | ᠤᠬᠠᠭᠠᠨ ᠤ ᠨᠠᠶᠢᠳᠠᠪᠤᠷᠢᠲᠠᠢ ᠴᠢᠳᠠᠪᠤᠷᠢᠲᠡᠨ ᠤ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ | 2020 ᠣᠨ ᠪᠤᠯᠬᠤ ᠳᠤ᠂ ᠠᠵᠢᠯ ᠲᠥᠷᠥᠯ ᠤᠨ ᠣᠨᠴᠠᠯᠢᠭ ᠲᠤ ᠲᠣᠬᠢᠷᠠᠭᠰᠠᠨ ᠶᠡᠷᠦᠩᠬᠡᠢ ᠰᠠᠯᠠᠭᠠᠨ ᠤ | ᠡᠮᠴᠢ ᠶᠢ ᠬᠦᠮᠦᠵᠢᠭᠦᠯᠬᠦ ᠳᠥᠷᠢᠮ ᠢ ᠦᠨᠳᠦᠰᠦᠨ ᠳᠤ ᠪᠠᠨ ᠪᠠᠶᠢᠭᠤᠯᠵᠤ᠂ ᠶᠡᠷᠦᠩᠬᠡᠢ ᠰᠠᠯᠠᠭᠠᠨ ᠤ ᠠᠨᠠᠭᠠᠬᠤ | ᠤᠬᠠᠭᠠᠨ ᠤ ᠴᠢᠳᠠᠪᠤᠷᠢᠲᠡᠨ ᠤ ᠬᠦᠭᠵᠢᠯᠲᠡ ᠳᠤ ᠲᠣᠬᠢᠷᠠᠭᠰᠠᠨ ᠤᠷᠮᠠᠰᠢᠭᠤᠯᠬᠤ ᠲᠣᠭᠲᠠᠴᠠ ᠶᠢ ᠦᠨᠳᠦᠰᠦᠨ ᠳᠤ ᠨᠢ | ᠪᠦᠷᠢᠨᠰᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠵᠦᠢᠯ ᠢ | ᠮᠡᠳᠡᠬᠦ᠋ᠢᠴᠡ ᠳᠡᠭᠡᠭᠰᠢᠯᠡᠭᠦᠯᠦᠨ᠂ ᠬᠤᠲᠠ ᠬᠦᠳᠡᠭᠡ ᠳᠠᠬᠢ ᠲᠠᠷᠬᠠᠯᠲᠠ ᠶᠢ ᠵᠦᠢ ᠵᠣᠬᠢᠰ ᠲᠠᠢ ᠪᠠᠶᠢᠯᠭᠠᠵᠤ᠂ | ᠦᠢᠯᠡᠴᠢᠯᠡᠭᠡᠨ ᠤ ᠴᠢᠳᠠᠪᠤᠷᠢ ᠶᠢ ᠮᠡᠳᠡᠬᠦ᠋ᠢᠴᠡ ᠴᠢᠩᠭᠠᠷᠠᠭᠤᠯᠤᠨ᠂ ᠶᠡᠷᠦᠩᠬᠡᠢ ᠰᠠᠯᠠᠭᠠᠨ ᠤ ᠡᠮᠴᠢ ᠬᠢᠭᠡᠳ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠨᠡᠯᠢᠶᠡᠳ ᠲᠣᠭᠲᠠᠭᠤᠨ ᠦᠢᠯᠡᠴᠢᠯᠡᠭᠡᠨ ᠤ ᠬᠠᠷᠢᠴᠠᠭ᠎ᠠ ᠶᠢ | ᠦᠨᠳᠦᠰᠦᠨ ᠳᠤ ᠪᠠᠨ ᠪᠠᠶᠢᠭᠤᠯᠵᠤ᠂ ᠬᠤᠲᠠ ᠬᠦᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ ᠬᠢᠷᠢ | ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ 2 ᠠᠴᠠ 3 ᠪᠣᠯᠭᠠᠵᠤ᠂ ᠦᠷᠭᠡᠨ ᠣᠯᠠᠨ ᠠᠷᠠᠳ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠨᠡᠯᠢᠶᠡᠳ ᠰᠠᠶᠢᠨ ᠬᠠᠩᠭᠠᠬᠤ ᠪᠤᠯᠭᠠᠨ᠎ᠠ᠃ 2025 ᠣᠨ ᠪᠤᠯᠬᠤ ᠳᠤ᠂ ᠬᠤᠲᠠ ᠬᠦᠳᠡᠭᠡ ᠶᠢᠨ | ᠲᠦᠮᠡᠨ ᠰᠠᠭᠤᠭᠠᠯᠢ ᠠᠷᠠᠳ ᠪᠦᠷᠢ ᠳᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ 3 ᠠᠴᠠ 4 ᠪᠣᠯᠭᠠᠨ᠎ᠠ᠃ | 2030 ᠣᠨ ᠪᠤᠯᠬᠤ ᠳᠤ᠂ ᠠᠵᠢᠯ ᠲᠥᠷᠥᠯ ᠤᠨ ᠣᠨᠴᠠᠯᠢᠭ ᠲᠤ ᠲᠣᠬᠢᠷᠠᠭᠰᠠᠨ ᠶᠡᠷᠦᠩᠬᠡᠢ ᠰᠠᠯᠠᠭᠠᠨ ᠤ ᠡᠮᠴᠢ ᠶᠢ | ᠬᠦᠮᠦᠵᠢᠭᠦᠯᠬᠦ ᠳᠥᠷᠢᠮ ᠢ ᠨᠡᠩ ᠰᠠᠶᠢᠨ ᠪᠦᠷᠢᠨᠰᠢᠵᠥ᠂ ᠬᠡᠷᠡᠭᠯᠡᠬᠦ ᠤᠷᠮᠠᠰᠢᠭᠤᠯᠬᠤ ᠲᠣᠭᠲᠠᠴᠠ ᠨᠢ ᠨᠡᠩ ᠰᠠᠶᠢᠨ | ᠲᠡᠭᠦᠯᠳᠡᠷᠵᠢᠵᠦ᠂ ᠬᠤᠲᠠ ᠬᠦᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ 5 ᠬᠢᠷᠢ ᠲᠡᠩᠴᠡᠭᠰᠡᠨ ᠶᠡᠷᠦᠩᠬᠡᠢ | ᠰᠠᠯᠠᠭᠠᠨ ᠤ ᠡᠮᠴᠢ ᠲᠠᠢ ᠪᠣᠯᠭᠠᠵᠤ᠂ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠨᠢ ᠡᠷᠡᠭᠦᠯ ᠡᠩᠬᠡ | ᠬᠦᠬᠡᠬᠤᠳᠠ ᠶᠢᠨ ᠪᠦᠲᠦᠭᠡᠨ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤ ᠪᠠᠨ ᠬᠠᠩᠭᠠᠵᠤ ᠴᠢᠳᠠᠬᠤ | ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠤ ᠲᠡᠰ ᠤᠨ ᠶᠡᠷᠤᠩᠬᠡᠢ ᠰᠠᠯᠠᠭᠠᠨ ᠤ | ᠲᠤᠰᠬᠠᠢ ᠮᠡᠷᠭᠡᠵᠢᠯ ᠤᠨ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ᠂ | ᠶᠡᠷᠦᠩᠬᠡᠢ ᠰᠠᠯᠠᠭᠠᠨ ᠤ ᠲᠤᠰᠠᠯᠠᠭᠴᠢ ᠡᠮᠴᠢ ᠶᠢᠨ ᠪᠣᠯᠪᠠᠰᠤᠷᠠᠭᠤᠯᠬᠤ ᠰᠠᠭᠤᠷᠢᠨ ᠭᠠᠵᠠᠷ᠂ ᠶᠡᠷᠤᠩᠭᠡᠢ ᠰᠠᠯᠠᠭᠠᠨ ᠤ | ᠠᠨᠠᠭᠠᠬᠤ ᠤᠬᠠᠭᠠᠨ ᠤ ᠦᠢᠯᠡᠳᠦᠯᠭᠡ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ | ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠪᠠᠭᠰᠢ ᠶᠢᠨ ᠡᠩᠨᠡᠭᠡᠨ ᠤ ᠪᠤᠯᠪᠠᠰᠤᠷᠠᠭᠤᠯᠤᠯᠳᠠ ᠶᠢᠨ ᠪᠠᠷᠢᠮᠵᠢᠶ᠎ᠠ | ᠶᠤᠰᠤᠭᠠᠷ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠶᠡᠷᠦᠩᠬᠡᠢ ᠰᠠᠯᠠᠭᠠᠨ ᠤ ᠭᠤᠤᠯᠯᠠᠭᠴᠢ ᠪᠠᠭᠰᠢ ᠶᠢᠨ ᠡᠩᠨᠡᠭᠡᠨ ᠤ ᠪᠤᠯᠪᠠᠰᠤᠷᠠᠭᠤᠯᠤᠯᠳᠠ ᠶᠢ | ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠶᠡᠷᠤᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠬᠢᠨ ᠡᠮᠨᠡᠬᠦ | ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠵᠢᠴᠢ ᠶᠡᠷᠦᠩᠬᠡᠢ ᠰᠠᠯᠠᠭᠠᠨ ᠤ ᠲᠤᠰᠠᠯᠠᠭᠴᠢ | ᠡᠮᠴᠢ ᠶᠢᠨ ᠪᠣᠯᠪᠠᠰᠤᠷᠠᠭᠤᠯᠬᠤ ᠰᠠᠭᠤᠷᠢᠨ ᠭᠠᠵᠠᠷ ᠢᠶᠠᠷ ᠲᠤᠭᠳᠠᠭᠠᠭᠳᠠᠭᠰᠠᠨ ᠡᠸᠦ᠋ᠷᠤᠫᠠ ᠡᠮᠨᠡᠯᠭᠡ᠂ ᠮᠤᠩᠭᠤᠯ | ᠡᠮᠨᠡᠨᠯᠭᠡ᠂ ᠬᠢᠳᠠᠳ ᠡᠮᠨᠡᠨᠯᠭᠡ ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠶᠡᠷᠦᠩᠬᠡᠢ ᠰᠠᠯᠠᠭᠠᠨ ᠤ ᠲᠤᠰᠬᠠᠢ | ᠮᠡᠷᠭᠡᠵᠢᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠢ ᠰᠠᠯᠠᠭᠠᠨ ᠤ | ᠡᠮᠴᠢᠯᠡᠭᠡᠨ ᠤ ᠣᠨᠣᠰᠢᠯᠠᠨ ᠡᠮᠨᠡᠬᠦ ᠬᠢᠴᠢᠶᠠᠯ ᠲᠦᠷᠦᠯ ᠢ ᠨᠡᠮᠡᠵᠤ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ | ᠰᠠᠯᠠᠭ᠎ᠠ ᠶᠢ ᠲᠤᠰᠠᠭᠠᠷ ᠪᠠᠶᠢᠭᠤᠯᠵᠤ᠂ ᠴᠢᠳᠠᠪᠤᠷᠢᠲᠠᠨ ᠢ ᠬᠥᠮᠦᠵᠢᠭᠦᠯᠬᠦ ᠪᠠᠷ ᠵᠣᠷᠢᠯᠭ᠎ᠠ ᠪᠤᠯᠭᠠᠨ᠂ ᠶᠡᠷᠦᠩᠬᠡᠢ | ᠰᠠᠯᠠᠭᠠᠨ ᠤ ᠡᠮᠴᠢᠯᠡᠭᠡ᠂ ᠵᠢᠭᠠᠨ ᠰᠤᠷᠭᠠᠬᠤ ᠪᠠ ᠰᠢᠨᠵᠢᠯᠡᠭᠡ ᠮᠡᠷᠭᠡᠵᠢᠯ ᠦᠨᠰᠤᠳᠤᠯᠭᠠᠨ ᠤ ᠠᠵᠢᠯ ᠢ ᠦᠷᠨᠢᠭᠦᠯᠵᠦ᠂ | ᠦᠨᠳᠦᠰᠦᠨ ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠤᠭ᠎ᠠ ᠬᠤᠯᠪᠤᠭᠠᠯᠠᠨ ᠶᠡᠷᠦᠩᠬᠡᠢ | ᠰᠠᠯᠠᠭᠠᠨ ᠤ ᠡᠮᠴᠢ ᠶᠢ ᠬᠦᠮᠦᠵᠢᠭᠦᠯᠦᠨ᠎ᠡ᠃ ᠠᠵᠢᠯᠳᠠᠨ ᠤ ᠲᠤᠬᠢᠷᠠᠭᠤᠯᠤᠯᠳᠠ᠂ ᠮᠡᠷᠭᠡᠵᠢᠯ ᠤᠨ ᠴᠤᠯᠡ ᠲᠤᠭᠳᠠᠭᠠᠨ | ᠤᠷᠢᠬᠤ᠂ ᠠᠵᠢᠯ ᠤᠨ ᠬᠡᠮᠵᠢᠶ᠎ᠡ ᠶᠢ ᠰᠢᠯᠭᠠᠨ ᠬᠢᠨᠠᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠬᠤᠤᠰ | ᠵᠢᠯᠣᠭᠤᠳᠬᠤ ᠪᠠᠭᠰᠢ ᠶᠢᠨ ᠲᠦᠷᠢᠮ ᠢ ᠬᠡᠷᠡᠭᠵᠢᠭᠦᠯᠵᠦ᠂ ᠵᠢᠭᠠᠨ ᠰᠤᠷᠭᠠᠬᠤ ᠠᠵᠢᠯ ᠤᠨ ᠠᠮᠵᠢᠯᠳᠠ ᠶᠢ ᠠᠵᠢᠯ ᠤᠨ | ᠠᠮᠵᠢᠯᠳᠠ ᠪᠦᠲᠦᠮᠵᠢ ᠶᠢ ᠬᠢᠨᠠᠨ ᠰᠢᠯᠭᠠᠬᠤ ᠳᠤ ᠤᠷᠤᠭᠤᠯᠵᠤ᠂ ᠰᠤᠷᠭᠠᠨ ᠬᠥᠮᠦᠵᠢᠯ ᠤᠨ ᠥᠩᠭᠡᠷᠡᠯᠲᠡ ᠪᠠ ᠵᠢᠭᠠᠨ | ᠰᠤᠷᠭᠠᠬᠤ ᠴᠢᠨᠠᠷ ᠴᠢᠨᠰᠠᠭ᠎ᠠ ᠶᠢ ᠮᠡᠷᠭᠡᠵᠢᠯ ᠤᠨ ᠴᠣᠯᠠ ᠳᠡᠪᠰᠢᠬᠦ᠂ ᠲᠡᠷᠢᠭᠦᠨ ᠤ ᠪᠠ ᠰᠢᠯᠢᠳᠡᠭ ᠢ | ᠰᠢᠯᠭᠠᠷᠠᠭᠤᠯᠬᠤ ᠶᠢᠨ ᠴᠢᠬᠤᠯᠠ ᠬᠦᠴᠦᠨ ᠵᠦᠢᠯ ᠪᠤᠯᠭᠠᠨ᠎ᠠ᠃ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠤᠨ | ᠳᠣᠲᠣᠭᠠᠳᠤ ᠶᠢᠨ ᠲᠤᠬᠢᠷᠠᠭᠤᠯᠤᠯᠳᠠ ᠳᠤᠮᠳᠠ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠡᠮᠴᠢᠯᠡᠭᠡ ᠶᠢᠨ | ᠠᠵᠢᠯᠲᠠᠳ ᠤᠨ ᠠᠮᠵᠢᠯᠳᠠ ᠪᠦᠲᠦᠮᠵᠢ ᠶᠢᠨ ᠴᠠᠯᠢᠩ ᠤᠨ ᠬᠢᠷᠢ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠵᠤ᠂ | ᠠᠮᠵᠢᠯᠳᠠ ᠪᠦᠲᠦᠮᠵᠢ ᠶᠢᠨ ᠴᠠᠯᠢᠩ ᠢ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠡᠮᠨᠡᠯᠭᠡ ᠶᠢᠨ ᠬᠤᠷᠢᠶᠠᠨ ᠤ | ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠬᠤᠰᠢᠭᠤ ᠰᠢᠶᠠᠨ ᠤ ᠱᠠᠳᠤᠨ ᠤ | ᠡᠮᠨᠡᠯᠭᠡ ᠶᠢᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠶᠠᠷᠦᠩᠬᠡᠢ ᠰᠠᠯᠠᠭᠠᠨ ᠤ ᠲᠤᠰᠠᠯᠠᠭᠴᠢ ᠡᠮᠴᠢ ᠶᠢᠨ | ᠪᠤᠯᠪᠠᠰᠤᠷᠠᠭᠤᠯᠤᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠬᠥᠬᠡᠬᠤᠲᠠ ᠣᠷᠣᠨ ᠤ ᠶᠠᠷᠦᠩᠬᠡᠢ ᠰᠠᠯᠠᠭᠠᠨ ᠤ | ᠲᠤᠰᠠᠯᠠᠭᠴᠢ ᠡᠮᠴᠢ ᠶᠢᠨ ᠪᠤᠯᠪᠠᠰᠤᠷᠠᠭᠤᠯᠤᠯ ᠢ | ᠬᠠᠩᠭᠠᠨ᠎ᠠ᠃ ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠨ᠎ᠠ᠂ | ᠨᠢᠭᠡᠳᠦᠭᠡᠷ ᠲᠤ᠋ᠵᠢᠭᠰᠠᠭᠠᠭᠳᠠᠵᠤ ᠪᠠᠶᠢᠭ᠎ᠠ ᠨᠢ ᠲᠦᠷᠦᠭᠦᠯᠡᠨ ᠬᠢᠬᠦ ᠨᠢᠭᠡᠴᠡ ᠪᠠᠶᠢᠵᠤ᠂ ᠪᠤᠰᠤᠳ ᠨᠢ ᠬᠠᠮᠵᠢᠯᠴᠠᠬᠤ | ᠨᠢᠭᠡᠴᠡ᠂ ᠳᠣᠷᠣᠭᠰᠢ ᠠᠳᠠᠯᠢ︶ | ︵ᠬᠤᠶᠠᠷ︶ ᠲᠡᠭᠦᠰᠦᠭᠰᠡᠨ ᠤ ᠲᠠᠷᠠᠭᠠᠬᠢ ᠶᠡᠷᠦᠩᠬᠡᠶ ᠰᠠᠯᠠᠭᠠᠨ ᠤ ᠠᠨᠠᠭᠠᠬᠤ ᠤᠬᠠᠭᠠᠨ ᠤ ᠰᠤᠷᠭᠠᠨ | ᠬᠥᠮᠦᠵᠢᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ 2020 ᠣᠨ ᠪᠤᠯᠬᠤ ᠳᠤ᠂ ᠬᠥᠳᠡᠭᠡ ᠲᠣᠰᠬᠤᠨ ᠤ | ᠵᠠᠬᠢᠶᠠᠯᠠᠭ᠎ᠠ ᠬᠠᠨᠳᠤᠯᠭ᠎ᠠ ᠲᠠᠢ ᠪᠠᠷ ᠰᠦᠢᠳᠭᠡᠯ ᠬᠤᠷᠢᠶᠠᠬᠤ ᠥᠬᠡᠶ ᠪᠠᠷ ᠬᠥᠮᠦᠵᠢᠭᠦᠯᠬᠦ ᠵᠢᠩᠬᠢᠨᠢ ᠠᠩᠭᠢ ᠶᠢᠨ | ᠡᠮᠴᠢ ᠶᠢᠨ ᠲᠤᠰᠬᠠᠢ ᠮᠡᠷᠭᠡᠵᠢᠯ ᠢᠶᠠᠷ ᠲᠡᠭᠦᠰᠦᠭᠰᠡᠨ ᠰᠣᠷᠣᠭᠴᠢ ᠶᠢ ᠡᠷᠬᠡᠪᠰᠢ ᠶᠡᠷᠦᠩᠬᠡᠢ ᠰᠠᠯᠠᠭᠠᠨ ᠤ ᠲᠤᠰᠬᠠᠶ | ᠮᠡᠷᠭᠡᠵᠢᠯ ᠤᠨ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠵᠠᠪᠠᠯ | ᠤᠷᠤᠯᠴᠠᠭᠤᠯᠤᠨ᠎ᠠ᠃ ᠪᠠᠶᠢᠭᠤᠯᠭ᠎ᠠ ᠨᠢᠭᠡᠴᠡ ᠨᠢ ᠰᠠᠬᠢᠨ ᠡᠮᠨᠡᠬᠦ ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠪᠠ | ᠶᠡᠷᠦᠩᠬᠡᠢ ᠰᠠᠯᠠᠭᠠᠨ ᠤ ᠲᠤᠰᠠᠯᠠᠭᠴᠢ ᠡᠮᠴᠢ ᠶᠢᠨ ᠪᠣᠯᠪᠠᠰᠤᠷᠠᠭᠤᠯᠤᠯ ᠳᠤ ᠤᠷᠤᠯᠴᠠᠭᠰᠠᠨ ᠬᠦᠮᠦᠨ ᠲᠠᠢ ᠵᠦᠪᠯᠡᠯᠴᠡᠭᠡᠷ | ᠲᠤᠭᠳᠠᠭᠠᠵᠤ᠂ ᠪᠣᠯᠪᠠᠰᠤᠷᠠᠭᠤᠯᠤᠯ ᠤᠨ ᠬᠤᠭᠤᠴᠠᠭᠠᠨ ᠤ ᠬᠦᠯᠦᠰᠦ ᠣᠯᠭᠤᠮᠵᠢ᠂ ᠪᠤᠯᠪᠠᠰᠤᠷᠠᠭᠤᠯᠤᠯ ᠤᠨ | ᠬᠤᠭᠤᠴᠠᠭ᠎ᠠ ᠨᠢ ᠲᠠᠭᠤᠰᠤᠭᠰᠠᠨ ᠤ ᠲᠠᠷᠠᠭᠠᠬᠢ ᠦᠢᠯᠡᠴᠢᠯᠡᠬᠦ ᠤᠨᠵᠢᠯ᠂ ᠭᠡᠷ᠎ᠡ ᠵᠥᠷᠢᠴᠡᠭᠰᠡᠨ ᠢ ᠰᠢᠢᠳᠪᠦᠷᠢᠯᠡᠬᠦ | ᠠᠷᠭ᠎ᠠ ᠵᠡᠷᠭᠡ ᠶᠢ ᠪᠣᠯᠵᠣᠨ ᠲᠤᠭᠳᠠᠭᠠᠨ᠎ᠠ᠃ ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠨ᠎ᠠ︶ | ︵ᠭᠤᠷᠪᠠ︶ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠢ | ᠪᠠᠬᠢᠵᠢᠭᠦᠯᠦᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠵᠢᠭᠠᠪᠦᠷᠢ ᠶᠢ ᠪᠤᠳᠠᠳᠠᠶᠢᠵᠢᠭᠤᠯᠵᠤ᠂ ᠠᠯᠤᠰ ᠠᠴᠠ ᠵᠢᠭᠠᠨ ᠰᠤᠷᠭᠠᠬᠤ | ᠦᠷᠭᠦᠯᠵᠢᠯᠡᠭᠰᠡᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠶᠡᠷᠦᠩᠬᠡᠶ ᠰᠠᠯᠠᠭᠠᠨ ᠤ ᠲᠤᠬᠢᠷᠠᠬᠤ ᠮᠡᠷᠭᠡᠵᠢᠯ ᠢ | ᠲᠦᠭᠡᠮᠡᠯᠵᠡᠭᠦᠯᠵᠦ᠂ ᠶᠡᠷᠦᠩᠬᠡᠶ ᠰᠠᠯᠠᠭᠠᠨ ᠤ ᠡᠮᠴᠢ ᠶᠢᠨ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠶᠢᠨ | ᠳᠠᠪᠲᠠᠨ ᠪᠤᠯᠪᠠᠰᠤᠷᠠᠬᠤ ᠪᠤᠯᠪᠠᠰᠤᠷᠠᠭᠤᠯᠤᠯ ᠶᠢ ᠢᠳᠡᠪᠬᠢᠲᠡᠶ ᠦᠷᠨᠢᠭᠦᠯᠦᠨ᠎ᠡ᠃ ᠠᠨᠠᠭᠠᠬᠤ ᠤᠬᠠᠭᠠᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠶᠢᠨ ᠳᠠᠪᠲᠠᠨ ᠪᠤᠯᠪᠠᠰᠤᠷᠠᠬᠤ ᠪᠣᠯᠪᠠᠰᠤᠷᠠᠭᠤᠯᠤᠯ ᠳᠠᠬᠢ | ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠦᠨᠳᠦᠰᠦᠨ ᠱᠠᠲᠤᠨ ᠤ ᠡᠮᠴᠢᠯᠡᠭᠡᠨ ᠤ ᠶᠡᠷᠦᠩᠬᠡᠶ ᠰᠠᠯᠠᠭᠠᠨ ᠤ ᠡᠮᠴᠢ ᠶᠢ ᠵᠤᠷᠢᠭᠵᠢᠭᠤᠯᠵᠤ ᠪᠠᠶᠢᠭᠠᠳ ︽ᠧᠦ᠋ᠷᠣᠫᠠ | ᠡᠮᠨᠡᠯᠭᠡ ᠨᠢ ᠮᠣᠩᠭᠤᠯ ᠡᠮᠨᠡᠯᠭᠡ ᠠᠴᠠ ᠰᠤᠷᠬᠤ︾᠂ ︽ᠧᠦ᠋ᠷᠣᠫᠠ ᠡᠮᠨᠡᠯᠭᠡ ᠨᠢ ᠬᠢᠳᠠᠳ ᠡᠮᠨᠡᠯᠭᠡ ᠠᠴᠠ ᠰᠤᠷᠬᠤ︾ | ᠰᠢᠰᠲ᠋ᠧᠮ ᠲᠠᠢ ᠰᠤᠷᠭᠠᠨ ᠭᠦᠮᠦᠵᠢᠯ ᠳᠤ ᠤᠷᠤᠯᠴᠠᠭᠤᠯᠵᠤ᠂ ᠶᠡᠷᠦᠩᠬᠡᠶ ᠰᠠᠯᠠᠭᠠᠨ ᠤ ᠡᠮᠴᠢ ᠶᠢᠨ ᠮᠣᠩᠭᠤᠯ᠂ | ᠬᠢᠲᠠᠳ ᠡᠮ ᠡᠮᠨᠡᠯᠭᠡ ᠪᠠ ᠡᠷᠡᠭᠦᠯᠵᠢᠭᠦᠯᠬᠦ ᠠᠨᠠᠭᠠᠬᠤ ᠤᠬᠠᠭᠠᠨ ᠤ ᠮᠡᠳᠡᠯᠭᠡ ᠪᠣᠯᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠵᠤ᠂ ᠮᠣᠩᠭᠤᠯ ᠡᠮ ᠡᠮᠨᠡᠯᠭᠡ ᠪᠠ ᠬᠢᠲᠠᠳ ᠡᠮ ᠡᠮᠨᠡᠯᠭᠡ ᠶᠢ ᠲᠡᠳᠡᠭᠡᠷ ᠤᠨ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠮᠣᠩᠭᠤᠯ ᠡᠮᠴᠢᠯᠡᠭᠡᠨ ᠤ ᠣᠨᠣᠰᠢᠯᠠᠨ | ᠡᠮᠨᠡᠬᠦ᠂ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ᠂ ᠪᠡᠶ᠎ᠡ ᠰᠤᠪᠢᠯᠠᠯᠲᠠ ᠡᠷᠡᠭᠦᠯᠵᠢᠯ ᠪᠠ ᠡᠷᠡᠭᠦᠯ ᠡᠩᠬᠡ | ᠨᠠᠰᠤᠵᠢᠯ ᠤᠨ ᠡᠮᠨᠡᠯᠭᠡ ᠵᠡᠷᠭᠡ ᠳᠤ ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠤᠨ᠎ᠠ᠃ | ᠶᠡᠷᠦᠩᠬᠡᠶ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠤᠨ ᠬᠡᠷᠡᠭᠵᠢᠭᠦᠯᠬᠦ | ᠬᠡᠪᠴᠢᠶ᠎ᠡ ᠶᠢ ᠥᠷᠭᠡᠳᠬᠡᠵᠦ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠡᠮᠴᠢ ᠶᠢᠨ ᠶᠡᠷᠦᠩᠬᠡᠶ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ | ᠰᠢᠯᠵᠢᠬᠦ ᠪᠣᠯᠪᠠᠰᠤᠷᠠᠭᠤᠯᠤᠯ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠬᠥᠳᠡᠭᠡ ᠲᠣᠰᠬᠤᠨ ᠤ ᠡᠮᠴᠢ ᠪᠦᠬᠦᠨ ᠳᠤ | ᠶᠡᠷᠦᠩᠬᠡᠢ ᠰᠠᠯᠠᠭᠠᠨ ᠤ ᠦᠨᠳᠦᠰᠦᠨ ᠮᠡᠳᠡᠯᠭᠡ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠬᠢᠬᠦ ᠶᠢ ᠬᠡᠷᠡᠭᠵᠢᠭᠦᠯᠬᠦ ᠶᠢᠨ | ᠬᠠᠮᠳᠤ᠂ ᠬᠥᠳᠡᠭᠡ ᠲᠣᠰᠬᠤᠨ ᠤ ᠡᠮᠴᠢ ᠶᠢ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠵᠡᠷᠭᠡ ᠳᠡᠭᠡᠳᠦ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠳᠠᠪᠲᠠᠨ ᠪᠤᠯᠪᠠᠰᠤᠷᠠᠵᠤ ᠰᠤᠷᠤᠯᠴᠠᠭᠤᠯᠬᠤ ᠶᠢ | ᠲᠥᠯᠥᠪᠯᠡᠭᠡ ᠲᠠᠢ ᠲᠤᠬᠢᠷᠠᠭᠤᠯᠵᠤ᠂ ᠡᠮᠴᠢᠯᠡᠬᠦ ᠠᠵᠢᠯ ᠡᠷᠭᠢᠯᠡᠬᠦ ︵ᠲᠤᠰᠠᠯᠠᠬᠤ︶ ᠡᠮᠴᠢ ᠶᠢᠨ ᠬᠢᠷᠢ ᠬᠡᠮ ᠲᠠᠢ | ᠬᠥᠳᠡᠭᠡ ᠲᠣᠰᠬᠤᠨ ᠤ ᠡᠮᠴᠢ ᠶᠢ ᠶᠡᠷᠦᠩᠬᠡᠶ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠢᠯᠵᠢᠬᠦ | ᠪᠣᠯᠪᠠᠰᠤᠷᠠᠭᠤᠯᠤᠯ ᠳᠤ ᠤᠷᠤᠯᠴᠠᠬᠤ ᠶᠢ ᠵᠤᠷᠢᠭᠵᠢᠭᠤᠯᠤᠨ᠎ᠠ᠃ ︵ᠬᠤᠲᠠ ᠶᠢᠨ ᠡᠷᠡᠭᠦᠯ ᠬᠠᠮᠠᠭᠠᠯᠠᠯ ᠮᠡᠨᠳᠤ ᠶᠢᠨ | ᠵᠥᠪᠯᠡᠯ ᠬᠠᠷᠢᠭᠤᠴᠠᠨ᠎ᠠ︶ | ︵ᠲᠥᠷᠪᠡ︶ ᠶᠡᠷᠦᠩᠬᠡᠶ ᠰᠠᠯᠠᠭᠠᠨ ᠤ ᠡᠮᠴᠢ ᠶᠢᠨ ᠵᠥᠪᠰᠢᠶᠡᠷᠡᠨᠤᠷᠤᠬᠤ ᠲᠥᠷᠢᠮ ᠢ ᠠᠬᠢᠭᠤᠯᠤᠨ | ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠤᠰᠤᠭᠠᠷ ᠶᠡᠷᠦᠩᠬᠡᠢ ᠰᠠᠯᠠᠭᠠᠨ ᠤ | ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠢᠶᠠᠷ ᠲᠠᠮᠵᠢᠨ᠂ ᠶᠡᠷᠦᠩᠬᠡᠢ ᠰᠠᠯᠠᠭᠠᠨ ᠤ ᠲᠤᠰᠬᠠᠶ ᠮᠡᠷᠭᠡᠵᠢᠯ ᠤᠨ | ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ ᠤᠯᠭᠤᠨ᠎ᠠ︔ | ᠶᠡᠷᠦᠩᠬᠡᠢ ᠰᠠᠯᠠᠭ᠎ᠠ ᠶᠢᠨ ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠢᠶᠠᠷ ᠲᠠᠮᠵᠢᠨ ᠶᠡᠷᠦᠩᠬᠡᠢ ᠰᠠᠯᠠᠭ᠎ᠠ ᠶᠢᠨ | ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ ᠤᠯᠭᠤᠨ᠎ᠠ︔ ᠡᠮᠴᠢᠯᠡᠭᠡ᠂ ᠮᠣᠩᠭᠤᠯ | ᠡᠮᠨᠡᠯᠭᠡ᠂ ᠬᠢᠲᠠᠳ ᠡᠮᠨᠡᠯᠭᠡ ᠶᠢᠨ ᠡᠮᠴᠢᠯᠡᠬᠦ ᠠᠵᠢᠯ ᠡᠷᠬᠢᠯᠡᠬᠦ ︵ᠲᠤᠰᠠᠯᠠᠬᠤ︶ ᠡᠮᠴᠢ ᠨᠢ ᠶᠡᠷᠦᠩᠬᠡᠶ ᠰᠠᠯᠠᠭᠠᠨ ᠤ | ᠡᠮᠴᠢ ᠶᠢᠨ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠳᠤ ᠬᠢᠷᠢ ᠲᠡᠩᠴᠡᠵᠦ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠪᠤᠶᠤ ᠥᠪᠡᠷᠲᠡᠭᠡᠨ ᠵᠠᠰᠠᠬᠤ ᠣᠷᠣᠨ ᠤ ᠮᠣᠩᠭᠤᠯ | ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠯᠭᠤᠭᠰᠠᠨ ︽ᠶᠡᠷᠦᠩᠬᠡᠢ ᠰᠠᠯᠠᠭᠠᠨ ᠤ ᠠᠵᠢᠯ ᠤᠨ | ᠪᠠᠶᠢᠷᠢ ᠰᠢᠯᠵᠢᠬᠦ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ︾᠂ ︽ ᠶᠡᠷᠦᠩᠬᠡᠢ ᠰᠠᠯᠠᠭᠠᠨ ᠤ ᠠᠵᠢᠯ ᠤᠨ | ᠪᠠᠶᠢᠷᠢ ᠶᠢᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ︾ ᠪᠤᠶᠤ ︽ᠮᠣᠩᠭᠤᠯ ᠬᠢᠲᠠᠳ ᠡᠮᠨᠡᠯᠭᠡ ᠶᠢᠨ | ᠶᠡᠷᠦᠩᠬᠡᠶ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ︾ | ᠤᠯᠤᠭᠰᠠᠨ ᠤ ᠳᠠᠷᠠᠭ᠎ᠠ᠂ ᠶᠡᠷᠦᠩᠬᠡᠶ ᠰᠠᠯᠠᠭᠠᠨ ᠤ ᠡᠮᠴᠢ ᠶᠢᠨ ᠲᠤᠰᠬᠠᠶ ᠮᠡᠷᠭᠡᠵᠢᠯ ᠢ ᠲᠠᠩᠰᠠᠯᠠᠭᠤᠯᠬᠤ ᠪᠤᠶᠤ ᠨᠡᠮᠡᠵᠦ | ᠲᠤᠳᠤᠷᠬᠠᠶᠢᠯᠠᠬᠤ ᠶᠢ ᠵᠦᠪᠰᠢᠶᠡᠷᠡᠵᠦ᠂ ᠲᠡᠳᠡᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠶᠡᠷᠦᠩᠬᠡᠢ ᠰᠠᠯᠠᠭᠠᠨ ᠤ ᠡᠮᠴᠢᠯᠡᠭᠡᠨ ᠤ | ᠦᠢᠯᠡᠴᠢᠯᠡᠭᠡ ᠬᠠᠩᠭᠠᠬᠤ ᠶᠢ ᠵᠦᠪᠰᠢᠶᠡᠷᠡᠨ᠎ᠡ᠃ | ᠬᠦᠳᠡᠭᠡ ᠲᠤᠰᠬᠤᠨ ᠤ ᠡᠮᠨᠡᠯᠭᠡ ᠶᠢᠨ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯᠳᠡᠨ ᠢ ᠡᠮᠴᠢᠯᠡᠭᠡ᠂ | ᠮᠣᠩᠭᠤᠯ ᠡᠮᠨᠡᠯᠭᠡ᠂ ᠬᠢᠲᠠᠳ ᠡᠮᠨᠡᠯᠭᠡ ᠶᠢᠨ ᠡᠮᠴᠢᠯᠡᠬᠦ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠤᠨ | ᠰᠢᠯᠭᠠᠯᠲᠠ ᠳᠤ ᠤᠷᠤᠯᠴᠠᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠡᠮᠴᠢ ᠱᠠᠪᠢ ᠪᠤᠯᠵᠦ | ᠰᠤᠷᠤᠯᠴᠠᠬᠤ ᠪᠠᠷ ᠲᠠᠮᠵᠢᠨ ᠮᠣᠩᠭᠤᠯ ᠬᠢᠲᠠᠳ ᠡᠮᠨᠡᠯᠭᠡ ᠶᠢᠨ ᠡᠮᠴᠢ ᠠᠴᠠ ᠤᠯᠠᠮᠵᠢᠯᠠᠬᠤ ᠰᠤᠷᠤᠯᠭ᠎ᠠ | ᠲᠡᠭᠦᠰᠦᠭᠰᠡᠨᠦᠨᠡᠮᠯᠡᠯ ᠤᠯᠵᠤ᠂ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠤᠨ ᠡᠮᠴᠢᠯᠡᠬᠦ | ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠤᠨ ᠤᠯᠤᠰ ᠤᠨ ᠰᠢᠯᠭᠠᠯᠲᠠ ᠳᠤ ᠤᠷᠤᠯᠴᠠᠬᠤ ᠶᠢ | ᠵᠤᠷᠢᠭᠵᠢᠭᠤᠯᠤᠨ᠎ᠠ᠃ | ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠲᠠᠪᠤ︶ ᠶᠡᠷᠦᠩᠬᠡᠢ ᠰᠠᠯᠠᠭᠠᠨ ᠤ ᠡᠮᠴᠢ ᠶᠢᠨ ᠴᠠᠯᠢᠩ ᠬᠥᠯᠥᠰᠥ ᠶᠢᠨ ᠳᠦᠷᠢᠮ ᠢ ᠦᠭᠡᠷᠡᠴᠢᠯᠡᠨ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠤ᠂ | ᠶᠡᠷᠦᠩᠬᠡᠶ ᠰᠠᠯᠠᠭᠠᠨ ᠤ ᠡᠮᠴᠢ ᠶᠢ ᠪᠠᠭᠳᠠᠭᠠᠭᠰᠠᠨ ᠡᠮᠨᠡᠯᠭᠡ ᠶᠢᠨ ᠠᠵᠢᠯᠳᠠᠨ ᠤ ᠮᠡᠷᠭᠡᠵᠢᠯ ᠤᠨ ᠦᠢᠯᠡᠴᠢᠯᠡᠭᠡ ᠶᠢᠨ | ᠬᠥᠳᠡᠯᠮᠦᠷᠢ ᠶᠢᠨ ᠦᠨ᠎ᠡ ᠦᠷᠳᠡᠭ ᠢ ᠢᠯᠡᠷᠡᠭᠦᠯᠦᠨ᠎ᠡ᠃ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨᠨᠢᠭᠡᠴᠡ ᠶᠢᠨ ᠴᠠᠯᠢᠩ ᠢ ᠲᠣᠬᠢᠷᠠᠭᠤᠯᠵᠤ ᠡᠵᠡᠮᠰᠢᠬᠦ ᠬᠢᠷᠢ | ᠲᠦᠪᠰᠢᠨ ᠠᠴᠠ ᠳᠠᠪᠠᠭᠤᠯᠬᠤ ᠶᠢ ᠵᠦᠪᠰᠢᠶᠡᠷᠡᠵᠦ᠂ ᠡᠮᠴᠢᠯᠡᠭᠡ ᠶᠢᠨ ᠦᠢᠯᠡᠴᠢᠯᠡᠭᠡ ᠶᠢᠨ ᠣᠷᠣᠯᠭ᠎ᠠ ᠳᠤ ᠥᠪᠡᠷ ᠤᠨ | ᠥᠷᠲᠡᠭ ᠢ ᠨᠢ ᠰᠠᠭᠤᠯᠭᠠᠨ ᠠᠪᠬᠤ ᠶᠢᠨ ᠬᠠᠮᠲᠤ ᠲᠣᠭᠲᠠᠭᠠᠯ ᠶᠣᠰᠤᠭᠠᠷ ᠡᠯ᠎ᠡ ᠵᠦᠢᠯ ᠤᠨ ᠰᠠᠭᠤᠷᠢ ᠮᠦᠩᠭᠦ ᠶᠢ | ᠭᠠᠷᠭᠠᠵᠤ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠤ ᠱᠠᠩᠨᠠᠯ ᠳᠤ ᠬᠡᠷᠡᠭᠯᠡᠬᠦ ᠶᠢ ᠵᠦᠪᠰᠢᠶᠡᠷᠡᠬᠦ︾ | ᠱᠠᠭᠠᠷᠳᠠᠯᠭ᠎ᠠ ᠶᠣᠰᠤᠭᠠᠷ᠂ ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠡᠷᠬᠢᠯᠡᠭᠰᠡᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ ᠶᠢ ᠵᠦᠢ ᠵᠣᠬᠢᠰᠲᠠᠢ | ᠬᠠᠷᠭᠤᠭᠤᠯᠤᠨ ᠲᠣᠭᠲᠠᠭᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠶᠡᠷᠦᠩᠬᠡᠶ ᠰᠠᠯᠠᠭᠠᠨ ᠤ ᠡᠮᠴᠢ ᠶᠢᠨ ᠴᠠᠯᠢᠩ ᠤᠨ ᠬᠢᠷᠢ ᠲᠦᠪᠰᠢᠨ ᠢ ᠲᠡᠭᠡᠭᠰᠢᠯᠡᠭᠦᠯᠵᠦ ᠪᠠᠶᠢᠭᠠᠳ ᠴᠠᠯᠢᠩ ᠤᠨ ᠬᠢᠷᠢ | ᠲᠦᠪᠰᠢᠨ ᠢ ᠨᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠠᠳᠠᠯᠢ | ᠨᠦᠬᠦᠴᠡᠯ ᠲᠠᠢ ᠡᠮᠴᠢᠯᠡᠭᠡᠨ ᠤ ᠡᠮᠴᠢ ᠶᠢᠨ ᠴᠠᠯᠢᠩ ᠤᠨ ᠬᠢᠷᠢ ᠲᠦᠪᠰᠢᠨ ᠯᠦᠭᠡ ᠵᠣᠯᠭᠠᠯᠳᠤᠭᠤᠯᠤᠨ᠎ᠠ᠃ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠡᠮᠨᠡᠬᠦ ᠡᠮᠴᠢ ᠶᠢᠨ | ᠵᠢᠷᠤᠮᠵᠢᠭᠰᠠᠨ ᠪᠣᠯᠪᠠᠰᠤᠷᠠᠭᠤᠯᠤᠯ ᠢᠶᠠᠷ ᠳᠠᠮᠵᠢᠵᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ ᠤᠷᠢᠵᠤ | ᠬᠡᠷᠡᠭᠯᠡᠬᠦᠯᠦᠨ᠎ᠠ᠂ ᠡᠯ᠎ᠡ ᠭᠠᠵᠠᠷ ᠣᠷᠣᠨ ᠪᠤᠳᠠᠳᠤ ᠪᠠᠶᠢᠳᠠᠯ ᠢᠶᠠᠨ ᠦᠨᠳᠦᠰᠦᠯᠡᠨ᠂ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠢ ᠲᠤᠭ᠎ᠠ ᠶᠢ ᠬᠠᠷᠭᠤᠭᠤᠯᠤᠨ ᠲᠣᠭᠲᠠᠭᠠᠬᠤ ᠳᠤ ᠤᠯᠠᠮ ᠨᠢᠭᠡ ᠠᠯᠬᠤᠮ ᠬᠠᠷᠠᠭᠠᠯᠵᠠᠯ | ᠦᠵᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ | ᠪᠦᠲᠦᠮᠵᠢ ᠶᠢᠨ ᠴᠠᠯᠢᠩ ᠤᠨ ᠬᠢᠷᠢ ᠲᠦᠪᠰᠢᠨ ᠤ ᠬᠡᠪ ᠤᠨ ᠪᠠᠶᠢᠳᠠᠯ ᠢᠶᠠᠷ ᠨᠡᠮᠡᠭᠳᠡᠬᠦ ᠲᠣᠭᠲᠠᠴᠠ ᠶᠢ ᠪᠠᠶᠢᠭᠤᠯᠤᠨ᠎ᠠ᠃ | | ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠵᠤ ᠦᠢᠯᠡᠴᠢᠯᠡᠬᠦ ᠶᠢ ᠠᠬᠢᠭᠤᠯᠤᠨ᠂ ᠭᠡᠷ ᠪᠦᠯᠢ ᠶᠢᠨ ᠡᠮᠴᠢ ᠶᠢᠨ | ᠭᠡᠷ᠎ᠡ ᠲᠤᠭᠳᠠᠭᠠᠵᠤ ᠦᠢᠯᠡᠴᠢᠯᠡᠬᠦ ᠨᠢ ᠵᠣᠬᠢᠬᠤ ᠬᠡᠮᠵᠢᠶᠡᠨ ᠳᠤ ᠬᠦᠷᠦᠭᠰᠡᠨ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ ᠶᠢ ᠬᠢᠨᠠᠨ | ᠲᠣᠭᠲᠠᠭᠠᠬᠤ ᠳᠤ ᠬᠠᠷᠠᠭᠠᠯᠵᠠᠯ ᠦᠵᠡᠭᠦᠯᠵᠦ᠂ ᠭᠡᠷ᠎ᠡ ᠲᠤᠭᠳᠠᠭᠠᠵᠤ ᠦᠢᠯᠡᠴᠢᠯᠡᠬᠦ ᠵᠠᠷᠤᠳᠠᠯ ᠤᠨ ᠵᠣᠬᠢᠬᠤ | ᠬᠠᠷᠢᠴᠠᠯ ᠢᠶᠠᠷ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠨᠡᠮᠡᠭᠳᠠᠭᠦᠯᠵᠦ᠂ ᠦᠢᠯᠡᠴᠢᠯᠡᠭᠦᠯᠬᠦ | ᠬᠦᠮᠦᠰ ᠤᠨ ᠡᠷᠡᠭᠦᠯ ᠮᠡᠨᠳᠦ ᠶᠢᠨ ᠪᠠᠶᠢᠳᠠᠯ ᠪᠠ ᠰᠠᠭᠤᠭᠠᠯᠢ ᠠᠷᠠᠳ ᠤᠨ ᠬᠠᠨᠤᠮᠵᠢᠲᠠᠶ ᠪᠠᠶᠢᠬᠤ ᠬᠡᠮᠵᠢᠶ᠎ᠡ ᠶᠢ ᠬᠢᠨᠠᠨ | ᠰᠢᠯᠭᠠᠬᠤ ᠭᠦᠢᠴᠡᠳᠬᠡᠬᠦ ᠲᠤᠭ᠎ᠠ ᠳᠤ ᠣᠷᠣᠭᠤᠯᠵᠤ᠂ ᠭᠡᠷ᠎ᠡ ᠲᠤᠭᠳᠠᠭᠠᠵᠤ ᠦᠢᠯᠡᠴᠢᠯᠡᠬᠦ ᠴᠢᠨᠠᠷ ᠴᠢᠨᠰᠠᠭ᠎ᠠ ᠶᠢ ᠬᠢᠨᠠᠨ | ᠰᠢᠯᠭᠠᠬᠤ ᠶᠢ ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠬᠡᠷ ᠪᠦᠯᠢ ᠶᠢᠨ ᠡᠮᠴᠢ ᠶᠢᠨ ᠪᠦᠯᠬᠦᠮ | ᠨᠡᠶᠢᠳᠡ ᠶᠢᠨ ᠬᠢᠨ ᠤ ᠭᠡᠷ᠎ᠡ ᠲᠤᠭᠳᠠᠭᠠᠵᠤ ᠦᠢᠯᠡᠴᠢᠯᠡᠭᠰᠡᠨ ᠣᠷᠣᠯᠭ᠎ᠠ ᠲᠠᠢ ᠬᠤᠯᠪᠤᠭᠳᠠᠭᠤᠯᠵᠤ᠂ ᠭᠡᠷ᠎ᠡ | ᠲᠤᠭᠳᠠᠭᠠᠵᠤ ᠦᠢᠯᠡᠴᠢᠯᠡᠬᠦ ᠴᠢᠨᠠᠷ ᠴᠢᠨᠰᠠᠭ᠎ᠠ ᠶᠢ ᠪᠠᠳᠤᠯᠠᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠨ᠎ᠠ︶ | ︵ᠵᠢᠷᠭᠤᠭ᠎ᠠ︶ ᠶᠡᠷᠦᠩᠬᠡᠶ ᠰᠠᠯᠠᠭᠠᠨ ᠤ ᠡᠮᠴᠢ ᠶᠢ ᠤᠷᠢᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ | ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠠᠴᠠ ᠡᠷᠬᠢᠯᠡᠭᠰᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠢ ᠬᠠᠷᠭᠤᠭᠤᠯᠤᠨ ᠲᠣᠭᠲᠠᠭᠠᠭᠰᠠᠨ ᠣᠷᠣᠨ ᠲᠣᠭᠠᠨ ᠤ ᠳᠣᠲᠣᠷ᠎ᠠ ᠪᠠᠨ ᠶᠡᠷᠦᠩᠬᠡᠢ | ᠰᠠᠯᠠᠭᠠᠨ ᠤ ᠡᠮᠴᠢ ᠲᠣᠬᠢᠷᠠᠭᠤᠯᠬᠤ ᠶᠢ ᠪᠠᠲᠤᠯᠠᠵᠤ᠂ ᠵᠢᠩᠬᠢᠨᠢ ᠠᠩᠭᠢ ᠵᠢᠴᠢ ᠡᠭᠦᠨ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠠᠨᠠᠭᠠᠬᠤ ᠤᠬᠠᠭᠠᠨ ᠤ ᠲᠡᠭᠦᠰᠦᠭᠰᠡᠳ ᠪᠣᠶᠤ ᠰᠠᠬᠢᠨ ᠡᠮᠨᠡᠬᠦ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ ᠡᠩ ᠲᠡᠷᠢᠭᠦᠨ ᠳᠤ | ᠲᠣᠬᠢᠷᠠᠭᠤᠯᠵᠤ᠂ ᠡᠯᠰᠡᠨ ᠤᠷᠢᠬᠤ ᠳᠡᠰ ᠳᠠᠷᠠᠭᠠᠯᠠᠯ ᠢ ᠳᠥᠭᠦᠮᠴᠢᠯᠡᠵᠦ᠂ ᠰᠢᠭᠤᠳ ᠰᠢᠯᠭᠠᠨ ᠪᠠᠶᠢᠴᠠᠭᠠᠬᠤ ᠵᠡᠷᠭᠡ | ᠠᠷᠭ᠎ᠠ ᠮᠠᠶ᠋ᠢᠭ ᠢ ᠬᠡᠷᠡᠭᠯᠡᠵᠦ ᠡᠯᠰᠡᠨ ᠤᠷᠢᠵᠤ ᠪᠣᠯᠣᠨ᠎ᠠ᠃ ᠬᠦᠳᠡᠭᠡ ᠲᠤᠰᠬᠤᠨ ᠤ ᠵᠠᠬᠢᠶᠠᠯᠠᠭ᠎ᠠ ᠬᠠᠨᠳᠤᠯᠭ᠎ᠠ ᠲᠠᠢ | ᠰᠦᠢᠳᠭᠡᠯ ᠬᠤᠷᠢᠶᠠᠬᠤ ᠦᠭᠡᠢ ᠪᠠᠷ ᠬᠦᠮᠦᠵᠢᠭᠦᠯᠦᠭᠰᠡᠨ ᠠᠨᠠᠭᠠᠬᠤ ᠤᠬᠠᠭᠠᠨ ᠤ ᠭᠡᠷ᠎ᠡ ᠪᠠᠨ ᠭᠦᠢᠴᠡᠳᠭᠡᠭᠰᠡᠨ | ᠲᠡᠭᠦᠰᠦᠭᠰᠡᠳ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠤᠭᠠᠷ ᠴᠠᠭ | ᠲᠤᠬᠠᠢ ᠳᠤ ᠨᠢ ᠠᠵᠢᠯ ᠣᠯᠭᠤᠵᠤ ᠲᠦᠪᠬᠢᠨᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽5 + 3︾ ᠶᠢᠨ | ᠵᠠᠭᠪᠤᠷ ᠲᠠᠢ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠵᠦ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠳᠤ ᠣᠴᠢᠵᠤ ᠡᠮᠴᠢᠯᠡᠬᠦ ᠠᠵᠢᠯ ᠡᠷᠬᠢᠯᠡᠭᠰᠡᠨ ᠶᠡᠷᠦᠩᠬᠡᠢ | ᠰᠠᠯᠠᠭᠠᠨ ᠤ ᠡᠮᠴᠢ ᠳᠤ᠂ ︽ᠰᠢᠶᠠᠨ ᠠᠴᠠ ᠬᠠᠮᠢᠶᠠᠷᠴᠤ ᠰᠢᠶᠠᠩ ᠳᠤ ᠬᠡᠷᠡᠭᠯᠡᠬᠦ︾ ︵ᠬᠤᠰᠢᠭᠤ ᠰᠢᠶᠠᠨ ᠤ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠤᠷᠢᠵᠤ ᠬᠡᠷᠡᠭᠯᠡᠬᠦ ᠶᠢ ᠬᠠᠮᠢᠶᠠᠷᠬᠤ᠂ ᠰᠤᠮᠤ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠡᠷᠡᠭᠯᠡᠬᠦ︶ ᠶᠢ ᠬᠡᠷᠡᠭᠵᠢᠭᠦᠯᠵᠦ ᠪᠣᠯᠣᠨ᠎ᠠ᠃ ︽3 + 2︾ | ᠶᠢᠨ ᠵᠠᠭᠪᠤᠷ ᠲᠠᠢ ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠵᠦ | ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠵᠢᠯᠯᠠᠭᠰᠠᠨ ᠶᠡᠷᠦᠩᠬᠡᠢ ᠰᠠᠯᠠᠭᠠᠨ ᠤ ᠲᠤᠰᠠᠯᠠᠬᠤ | ᠡᠮᠴᠢ ᠳᠤ᠂ ︽ᠰᠢᠶᠠᠩ ᠠᠴᠠ ᠬᠠᠮᠢᠶᠠᠷᠴᠤ ᠲᠤᠰᠬᠤᠨ ᠳᠤ ᠬᠡᠷᠡᠭᠯᠡᠬᠦ︾ ︵ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠨᠢ ᠤᠷᠢᠵᠤ ᠬᠡᠷᠡᠭᠯᠡᠬᠦ ᠶᠢ ᠬᠠᠮᠢᠶᠠᠷᠬᠤ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠬᠡᠷᠡᠭᠯᠡᠬᠦ︶ ᠶᠢ ᠬᠡᠷᠡᠭᠵᠢᠭᠦᠯᠵᠦ ᠪᠣᠯᠣᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ | ᠮᠡᠨᠳᠤ ᠶᠢᠨ ᠵᠥᠪᠯᠡᠯ ᠬᠠᠷᠢᠭᠤᠴᠠᠨ᠎ᠠ︶ | ︵ᠲᠤᠯᠤᠭ᠎ᠠ︶ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠬᠦᠭᠵᠢᠯᠲᠡ ᠶᠢᠨ ᠬᠡᠳᠦ ᠶᠢᠨ | ᠲᠥᠯᠥᠪ ᠢ ᠦᠷᠭᠡᠳᠭᠡᠨ᠎ᠡ᠃ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ ᠤ ᠬᠠᠮᠲᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠴᠢᠯᠡᠬᠦ | ᠠᠵᠢᠯ ᠡᠷᠬᠢᠯᠡᠭᠰᠡᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠶᠡᠷᠦᠩᠬᠡᠢ ᠰᠠᠯᠠᠭᠠᠨ ᠤ ᠡᠮᠴᠢ ᠶᠢ ᠡᠯᠰᠡᠨ | ᠤᠷᠢᠬᠤ᠂ ᠮᠡᠷᠭᠡᠵᠢᠯ ᠤᠨ ᠴᠤᠯᠡ ᠳᠡᠪᠰᠢᠬᠦ᠂ ᠠᠵᠢᠯ ᠤᠨ ᠪᠠᠶᠢᠷᠢᠨ ᠳᠤ ᠤᠷᠢᠵᠤ ᠬᠡᠷᠡᠭᠯᠡᠬᠦ ᠵᠡᠷᠭᠡ ᠲᠠᠯ᠎ᠠ ᠪᠠᠷ | ᠡᠮᠴᠢᠯᠡᠭᠡ ᠶᠢᠨ ᠠᠨᠠᠭᠠᠬᠤ ᠤᠬᠠᠭᠠᠨ᠂ ᠮᠣᠩᠭᠤᠯ ᠡᠮᠨᠡᠯᠭᠡ᠂ ᠬᠢᠲᠡᠳ ᠡᠮᠨᠡᠯᠭᠡ ᠶᠢᠨ ᠮᠠᠬᠢᠰᠲ᠋ᠧᠷ ᠤᠨ ᠲᠤᠰᠬᠠᠢ | ᠮᠡᠷᠭᠡᠵᠢᠯ ᠤᠨ ᠡᠷᠳᠡᠮ ᠤᠨ ᠴᠤᠯᠡ ᠲᠠᠢ ᠠᠰᠫᠢᠷᠠᠨᠲ ᠯᠤᠭ᠎ᠠ ᠨᠢᠭᠡ ᠠᠳᠠᠯᠢ ᠪᠠᠷ ᠬᠠᠨᠳᠤᠵᠤ᠂ ᠴᠠᠯᠢᠩ ᠵᠡᠷᠭᠡ ᠬᠠᠮᠢᠶ᠎ᠠ | ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠠᠬᠢ ᠲᠤᠰᠬᠠᠢ ᠮᠡᠷᠭᠡᠵᠢᠯ ᠤᠨ ᠳᠤᠮᠳᠠ ᠳᠡᠭᠡᠲᠥ ᠵᠡᠷᠭᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ | ᠬᠠᠷᠢᠴᠠᠯ ᠢ ᠳᠡᠭᠡᠭᠰᠢᠯᠡᠭᠦᠯᠬᠦ ᠲᠤᠬᠠᠢ ᠬᠤᠯᠪᠣᠭᠳᠠᠯ ᠪᠦᠬᠦᠢ ᠳᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠢᠨᠠᠮᠠᠭᠠᠢ | ᠨᠠᠶᠢᠳᠠᠪᠤᠷᠢᠵᠢᠭᠤᠯᠬᠤ ᠶᠢᠨ ᠬᠠᠮᠲᠤ᠂ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠬᠢᠨ ᠡᠮᠨᠡᠬᠦ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠭᠤᠯᠤᠯ ᠪᠠ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠲᠤᠰᠬᠠᠢ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠳᠤ ᠬᠠᠷᠠᠭᠠᠯᠵᠠᠯ | ᠦᠵᠡᠭᠦᠯᠦᠨ᠎ᠡ᠃ ᠵᠢᠩᠬᠢᠨᠢ ᠠᠩᠭᠢ ᠵᠢᠴᠢ ᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠴᠦ᠂ | ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ | ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠦᠭᠡᠳ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠠᠵᠢᠯᠯᠠᠭᠰᠠᠨ ᠪᠣᠯ᠂ ᠰᠢᠭᠤᠳ ᠳᠤᠮᠳᠠ ᠵᠡᠷᠭᠡ ᠶᠢᠨ ᠮᠡᠷᠭᠡᠵᠢᠯ ᠤᠨ ᠴᠤᠯᠡ ᠶᠢᠨ ᠰᠢᠯᠭᠠᠯᠲᠠ ᠳᠤ | ᠣᠷᠣᠯᠴᠠᠵᠤ᠂ ᠰᠢᠯᠭᠠᠯᠲᠠ ᠪᠠᠷ ᠳᠠᠮᠵᠢᠵᠤ ᠰᠢᠭᠤᠳ ᠳᠤᠮᠳᠠ ᠵᠡᠷᠭᠡ ᠶᠢᠨ ᠮᠡᠷᠭᠡᠵᠢᠯ ᠤᠨ ᠴᠤᠯᠡ ᠪᠠᠷ ᠤᠷᠢᠨ | ᠲᠣᠮᠢᠯᠠᠵᠤ ᠪᠣᠯᠣᠨ᠎ᠠ᠃ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠨᠢ ᠳᠤᠮᠳᠠ ᠵᠡᠷᠭᠡ ᠶᠢᠨ | ᠮᠡᠷᠭᠡᠵᠢᠯ ᠤᠨ ᠴᠤᠯᠡ ᠶᠢᠨ ᠰᠢᠯᠭᠠᠯᠲᠠ ᠳᠤ ᠣᠷᠣᠯᠴᠠᠬᠤ ᠪᠣᠶᠤ ᠳᠡᠭᠡᠲᠦ ᠵᠡᠷᠭᠡ ᠶᠢᠨ ᠮᠡᠷᠭᠡᠵᠢᠯ ᠤᠨ ᠴᠤᠯᠡ | ᠭᠤᠶᠤᠴᠢᠯᠠᠨ ᠮᠡᠳᠡᠭᠦᠯᠬᠦ ᠳᠤ᠂ ᠭᠠᠳᠠᠭᠠᠳᠤ ᠬᠡᠯᠡ ᠶᠢᠨ ᠬᠢᠷᠢ ᠪᠦᠲᠦᠮᠵᠢ ᠶᠢ ᠭᠤᠶᠤᠴᠢᠯᠠᠨ ᠮᠡᠳᠡᠭᠦᠯᠬᠦ ᠨᠦᠬᠦᠴᠡᠯ | ᠪᠣᠯᠭᠠᠬᠤ ᠦᠭᠡᠢ ᠪᠠᠶᠢᠵᠤ᠂ ᠦᠭᠦᠯᠡᠯ᠂ ᠡᠷᠳᠡᠮ ᠰᠢᠨᠵᠢᠯᠡᠭᠡ ᠳᠤ ᠴᠢᠩᠭ᠎ᠠ ᠲᠣᠭᠲᠠᠭᠠᠯ ᠲᠣᠭᠲᠠᠭᠠᠬᠤ ᠦᠭᠡᠢ᠂ | ᠭᠤᠣᠯᠳᠠᠭᠤ ᠡᠮᠴᠢᠯᠡᠭᠡ ᠶᠢᠨ ᠠᠵᠢᠯ ᠤᠨ ᠴᠢᠳᠠᠪᠤᠷᠢ ᠶᠢ ᠨᠢ ᠦᠨᠡᠯᠡᠵᠦ᠂ ᠭᠡᠷ᠎ᠡ ᠲᠣᠭᠲᠠᠭᠠᠭᠰᠠᠨ ᠰᠠᠭᠤᠭᠠᠯᠢ | ᠠᠷᠠᠳ ᠤᠨ ᠲᠤᠭ᠎ᠠ᠂ ᠬᠦᠯᠢᠶᠡᠨ ᠠᠪᠴᠤ ᠡᠮᠴᠢᠯᠡᠭᠰᠡᠨ ᠬᠡᠮᠵᠢᠶ᠎ᠡ᠂ ᠦᠢᠯᠡᠴᠢᠯᠡᠭᠡᠨ ᠤ ᠴᠢᠨᠠᠷ ᠴᠢᠨᠰᠠᠭ᠎ᠠ᠂ ᠣᠯᠠᠨ | ᠲᠦᠮᠡᠨ ᠳᠤ ᠲᠠᠭᠠᠰᠢᠶᠠᠭᠳᠠᠭᠰᠠᠨ ᠬᠡᠮᠵᠢᠶ᠎ᠡ ᠵᠡᠷᠭᠡ ᠶᠢ ᠮᠡᠷᠭᠡᠵᠢᠯ ᠤᠨ ᠴᠤᠯᠡ ᠬᠢᠨᠠᠨ ᠲᠣᠭᠲᠠᠭᠠᠬᠤ ᠴᠢᠬᠤᠯᠠ | ᠦᠨᠳᠦᠰᠦᠯᠡᠯ ᠪᠣᠯᠭᠠᠨ᠎ᠠ︔ ᠳᠡᠭᠡᠲᠦ ᠵᠡᠷᠭᠡ ᠶᠢᠨ ᠮᠡᠷᠭᠡᠵᠢᠯ ᠤᠨ ᠴᠤᠯᠡ ᠭᠤᠶᠤᠴᠢᠯᠠᠨ ᠮᠡᠳᠡᠭᠦᠯᠪᠡᠯ ᠲᠤᠰᠠᠭᠠᠷ | ᠲᠤᠭᠤᠶᠢᠯᠠᠩ ᠬᠤᠪᠢᠶᠠᠵᠤ᠂ ᠲᠤᠰ ᠲᠤᠰ ᠲᠤᠨᠢ ᠬᠢᠨᠠᠨ ᠲᠣᠭᠲᠠᠭᠠᠬᠤ ᠶᠢ ᠬᠡᠷᠡᠭᠵᠢᠭᠦᠯᠦᠨ᠎ᠡ᠃ ︵ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠤ ᠶᠢᠨ ᠵᠥᠪᠯᠡᠯ ᠬᠠᠷᠢᠭᠤᠴᠠᠨ᠎ᠠ︶ | ︵ᠨᠠᠢᠮᠠ︶ ᠨᠡᠶᠢᠭᠡᠮ ᠤᠨ ᠬᠦᠴᠦᠨ ᠤ ᠬᠢᠨ ᠤ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠡᠷᠬᠢᠯᠡᠬᠦ ᠶᠢ | ᠵᠤᠷᠢᠭᠵᠢᠭᠤᠯᠤᠨ᠎ᠠ᠃ ᠨᠡᠶᠢᠭᠡᠮ ᠠᠴᠠ ᠡᠮᠨᠡᠯᠭᠡ ᠡᠷᠭᠢᠯᠡᠬᠦ ᠶᠢ ᠲᠦᠷᠭᠡᠳᠭᠡᠨ ᠬᠦᠭᠵᠢᠭᠦᠯᠬᠦ ᠲᠤᠬᠠᠶ ᠤᠯᠤᠰ᠂ | ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠤ᠂ | ᠡᠮᠴᠢᠯᠡᠭᠡ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠳᠤ ᠪᠠᠨ ᠶᠡᠷᠦᠩᠬᠡᠢ | ᠰᠠᠯᠠᠭᠠᠨ ᠤ ᠡᠮᠴᠢᠯᠡᠬᠦ ᠭᠠᠵᠠᠷ ᠪᠠᠶᠢᠭᠤᠯᠬᠤ ᠶᠢ ᠬᠢᠵᠠᠭᠠᠷᠯᠠᠵᠤ ᠪᠣᠯᠬᠤ ᠦᠭᠡᠢ᠂ ᠵᠠᠬ᠎ᠠ ᠳᠡᠯᠭᠡᠭᠦᠷ ᠢᠶᠠᠷ | ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠨᠦᠬᠦᠴᠡᠯ ᠳᠤ ᠨᠡᠶᠢᠴᠡᠭᠰᠡᠨ ᠶᠡᠷᠦᠩᠬᠡᠢ ᠰᠠᠯᠠᠭᠠᠨ ᠤ ᠡᠮᠴᠢ ᠬᠤᠪᠢ ᠪᠠᠷ ᠢᠶᠠᠨ | ᠪᠣᠶᠤ ᠬᠤᠷᠰᠢᠯᠴᠠᠵᠤ ᠪᠠᠶᠢᠭᠠᠳ ᠬᠤᠲᠠ ᠬᠦᠳᠡᠭᠡ ᠪᠠᠷ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠨᠡᠬᠡᠭᠡᠨ | ᠡᠷᠬᠢᠯᠡᠬᠦ ᠶᠢ ᠳᠡᠮᠵᠢᠵᠦ᠂ ᠰᠠᠭᠤᠭᠠᠯᠢ ᠠᠷᠠᠳ ᠲᠤ ᠣᠶᠢᠷ᠎ᠠ ᠬᠠᠪᠢ ᠳᠤ ᠪᠠᠨ ᠡᠮᠴᠢᠯᠡᠭᠡᠨ ᠡᠷᠡᠭᠦᠯᠵᠢᠯ ᠤᠨ | ᠦᠢᠯᠡᠴᠢᠯᠡᠭᠡ ᠬᠦᠷᠲᠡᠬᠦ ᠪᠣᠯᠭᠠᠨ᠎ᠠ᠃ ᠬᠤᠶᠠᠳᠤᠭᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ | ᠬᠠᠷᠢᠶᠠᠯᠠᠭᠳᠠᠬᠤ ᠲᠣᠭᠤᠷᠢᠭ ᠲᠠᠬᠢ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠯᠤᠭ᠎ᠠ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠬᠦ ᠲᠣᠭᠲᠠᠴᠠ ᠪᠠᠶᠢᠭᠤᠯᠬᠤ ᠶᠢ ᠵᠣᠷᠢᠬᠵᠢᠭᠤᠯᠵᠤ᠂ ᠰᠢᠯᠵᠢᠭᠦᠯᠦᠨ ᠡᠮᠨᠡᠬᠦ ᠠᠷᠭ᠎ᠠ ᠵᠠᠮ ᠢ | ᠰᠢᠯᠤᠭᠤᠳᠬᠠᠨ᠎ᠠ᠃ ᠵᠠᠰᠠᠭ ᠤᠨ ᠣᠷᠳᠣᠨ ᠤ ᠬᠢᠨᠠᠠ ᠬᠠᠮᠢᠶᠠᠷᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ | ᠬᠢᠭᠡᠳ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠨ᠂ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠤᠨ | ᠵᠢᠷᠤᠮᠵᠢᠨ ᠬᠦᠭᠵᠢᠬᠦ ᠶᠢ ᠠᠬᠢᠭᠤᠯᠤᠨ᠎ᠠ᠃ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ ᠪᠣᠰᠤ | ᠴᠢᠨᠠᠷ ᠲᠠᠢ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠤᠨ ᠴᠢᠳᠠᠪᠤᠷᠢᠲᠠᠨ ᠬᠦᠮᠦᠵᠢᠭᠦᠯᠬᠦ ᠵᠡᠷᠭᠡ ᠲᠠᠯ᠎ᠠ ᠳᠤ | ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠡᠷᠬᠢᠯᠡᠬᠦ ᠯᠦᠭᠡ ᠨᠢᠭᠡ ᠠᠳᠠᠯᠢ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠵᠤ᠂ ᠲᠡᠳᠡᠨ ᠢ ᠬᠦᠳᠦᠯᠦᠨ ᠵᠢᠯᠣᠭᠤᠳᠴᠦ | ᠪᠠᠶᠢᠭᠠᠳ ᠲᠣᠰ ᠭᠠᠵᠠᠷ ᠤᠨ ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠠᠩᠭᠠᠬᠤ ᠵᠢᠴᠢ ᠵᠠᠰᠠᠭ ᠤᠨ ᠣᠷᠳᠣᠨ ᠤ ᠪᠠᠭᠤᠯᠭᠠᠭᠰᠠᠨ ᠬᠠᠮᠢᠶ᠎ᠠ ᠪᠦᠬᠦᠢ ᠡᠭᠦᠷᠭᠡ ᠶᠢ ᠳᠠᠭᠠᠭᠠᠨ | ᠠᠪᠬᠤ ᠳᠤ ᠣᠷᠣᠯᠴᠠᠭᠤᠯᠬᠤ ᠶᠢᠨ ᠬᠠᠮᠲᠤ᠂ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠪᠠᠨ ᠠᠯᠬᠤᠮ ᠠᠯᠬᠤᠮ ᠢᠶᠠᠷ | ᠦᠷᠭᠡᠳᠭᠡᠨ᠎ᠡ︔ ᠨᠦᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠤᠭᠠᠷ ᠡᠮᠴᠢᠯᠡᠭᠡ ᠶᠢᠨ ᠳᠠᠭᠠᠳᠬᠠᠯ ᠤᠨ | ᠲᠣᠭᠲᠠᠭᠰᠠᠨ ᠴᠡᠭ ᠤᠨ ᠬᠦᠷᠢᠶ᠎ᠡ ᠬᠡᠪᠴᠢᠶᠡᠨ ᠳᠤ ᠣᠷᠤᠭᠤᠯᠤᠨ᠎ᠠ︔ ᠨᠦᠬᠦᠴᠡᠯ ᠪᠦᠷᠢᠯᠳᠦᠭᠰᠡᠨ ᠪᠠᠶᠢᠪᠠᠯ᠂ | ᠶᠡᠷᠦᠩᠬᠡᠢ ᠰᠠᠯᠠᠭᠠᠨ ᠤ ᠡᠮᠴᠢ ᠶᠢᠨ ᠦᠨᠳᠦᠰᠦᠨ ᠱᠠᠲᠤᠨ ᠳᠠᠬᠢ ᠦᠢᠯᠡᠳᠦᠯᠭᠡ ᠬᠢᠬᠦ ᠰᠠᠭᠤᠷᠢᠨ ᠭᠠᠵᠠᠷ ᠢᠶᠠᠷ | ᠲᠣᠭᠲᠠᠭᠠᠵᠤ᠂ ᠶᠡᠷᠦᠩᠬᠡᠢ ᠰᠠᠯᠠᠭᠠᠨ ᠤ ᠡᠮᠴᠢ ᠬᠦᠮᠦᠵᠢᠭᠦᠯᠬᠦ ᠡᠭᠦᠷᠭᠡ ᠶᠢ ᠡᠭᠦᠷᠭᠡᠯᠡᠭᠦᠯᠦᠨ᠎ᠡ᠃ ᠶᠡᠷᠦᠩᠬᠡᠢ | ᠰᠠᠯᠠᠭᠠᠨ ᠤ ᠡᠮᠴᠢᠯᠡᠬᠦ ᠭᠠᠵᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ | ᠵᠡᠷᠭᠡ ᠬᠦᠭᠵᠢᠯᠲᠡ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠳᠤ᠂ ᠨᠦᠬᠦᠴᠡᠯ ᠲᠠᠢ ᠭᠠᠵᠠᠷ ᠣᠷᠣᠨ ᠨᠢ ᠡᠳ᠋ ᠤᠨ | ᠵᠠᠰᠠᠭ ᠤᠨ ᠨᠦᠬᠦᠪᠦᠷᠢ ᠵᠡᠷᠭᠡ ᠠᠷᠭ᠎ᠠ ᠮᠠᠶ᠋ᠢᠭ ᠢᠶᠠᠷ ᠵᠣᠬᠢᠬᠤ ᠬᠡᠮᠵᠢᠶᠡᠨ ᠤ ᠳᠡᠮᠵᠢᠯᠭᠡ ᠦᠵᠡᠭᠦᠯᠵᠦ ᠪᠣᠯᠣᠨ᠎ᠠ᠃ ︵ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠨ᠎ᠠ︶ | ︵ᠶᠢᠰᠦ︶ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠥᠩᠭᠡ ᠭᠡᠷᠡᠯᠲᠦ ᠰᠡᠳᠭᠢᠭᠳᠡᠯ ᠢ ᠨᠢ | ᠴᠢᠩᠭᠠᠷᠠᠭᠤᠯᠤᠨ᠎ᠠ᠃ ᠤᠶᠤᠨ ᠤ ᠲᠠᠯ᠎ᠠ ᠪᠠᠷ ᠱᠠᠩᠨᠠᠨ ᠬᠦᠬᠢᠭᠦᠯᠬᠦ ᠪᠠ ᠪᠣᠳᠠᠰ ᠶᠢᠨ ᠲᠠᠯ᠎ᠠ ᠪᠠᠷ ᠱᠠᠩᠨᠠᠨ | ᠬᠦᠬᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠱᠠᠩᠨᠠᠨ ᠬᠦᠬᠢᠭᠦᠯᠬᠦ ᠪᠠᠷ ᠤᠳᠤᠷᠢᠳᠤᠮᠵᠢ | ᠪᠣᠯᠭᠠᠬᠤ᠂ ᠨᠢᠭᠡᠴᠡ ᠶᠢᠨ ᠬᠢᠨ ᠤ ᠱᠠᠩᠨᠠᠨ ᠬᠦᠬᠢᠭᠦᠯᠬᠦ ᠪᠠᠷ ᠭᠤᠣᠯ ᠴᠣᠭᠴᠠ ᠪᠣᠯᠭᠠᠬᠤ᠂ ᠨᠡᠶᠢᠭᠡᠮ ᠤᠨ ᠬᠢᠨ ᠤ | ᠱᠠᠩᠨᠠᠨ ᠬᠦᠬᠢᠭᠦᠯᠬᠦ ᠪᠠᠷ ᠨᠥᠬᠦᠪᠦᠷᠢᠯᠡᠬᠦ ᠮᠡᠲᠦ ᠶᠢᠨ ᠶᠡᠷᠦᠩᠬᠡᠢ ᠰᠠᠯᠠᠭᠠᠨ ᠤ ᠡᠮᠴᠢ ᠶᠢ ᠱᠠᠩᠨᠠᠨ ᠬᠦᠬᠢᠭᠦᠯᠬᠦ | ᠠᠷᠭ᠎ᠠ ᠶᠢ ᠬᠡᠷᠡᠭᠵᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠥᠩᠭᠡ ᠭᠡᠷᠡᠯᠲᠦ ᠰᠡᠳᠭᠢᠭᠳᠡᠯ | ᠪᠠ ᠨᠡᠶᠢᠭᠡᠮ ᠤᠨ ᠪᠠᠶᠢᠷᠢ ᠰᠠᠭᠤᠷᠢ ᠶᠢ ᠨᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠳᠤ ᠤᠷᠲᠤ | ᠬᠤᠭᠤᠴᠠᠭ᠎ᠠ ᠪᠠᠷ ᠨᠤᠲᠤᠭᠰᠢᠨ᠂ ᠳᠣᠪᠤᠶᠢᠮ᠎ᠡ ᠬᠤᠪᠢ ᠨᠡᠮᠡᠷᠢ ᠦᠵᠡᠭᠦᠯᠦᠭᠰᠡᠨ ᠶᠡᠷᠦᠩᠬᠡᠢ ᠰᠠᠯᠠᠭᠠᠨ ᠤ ᠡᠮᠴᠢ ᠶᠢ | ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠰᠠᠶᠢᠰᠢᠶᠠᠨ ᠬᠦᠬᠢᠭᠦᠯᠵᠦ ᠱᠠᠩᠨᠠᠨ᠎ᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠣᠨᠴᠠ ᠨᠡᠮᠡᠭᠦᠷᠢ ᠮᠦᠩᠭᠦ ᠶᠢ ᠬᠦᠷᠲᠡᠵᠦ ᠪᠠᠶᠢᠭ᠎ᠠ ᠬᠦᠮᠦᠰ ᠪᠠ ᠪᠦᠬᠦ ᠤᠯᠤᠰ᠂ ᠪᠦᠬᠦ ᠣᠷᠣᠨ ᠤ | ᠭᠠᠷᠮᠠᠭᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠲᠡᠷᠢᠭᠦᠨ ᠤ ᠠᠵᠢᠯᠲᠡᠨ᠂ ︽5.1︾ ᠤ ᠬᠦᠳᠡᠯᠮᠦᠷᠢ ᠶᠢᠨ | ᠮᠧᠳᠠᠯ᠂ ᠡᠪ ᠬᠠᠮᠲᠤ ᠨᠠᠮ ᠤᠨ ᠰᠢᠯᠢᠳᠡᠭ ᠭᠡᠰᠢᠭᠦᠨ ᠢᠶᠠᠷ ᠳᠡᠪᠰᠢᠭᠦᠯᠦᠨ ᠰᠣᠩᠭᠤᠬᠤ ᠵᠡᠷᠭᠡ ᠰᠢᠯᠭᠠᠷᠠᠭᠤᠯᠬᠤ | ᠠᠵᠢᠯ ᠢ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠲᠠᠶᠢᠰᠢ ᠬᠡᠯᠪᠠᠶᠢᠯᠭᠡᠨ᠎ᠡ᠃ ᠡᠯ᠎ᠡ ᠭᠠᠵᠠᠷ ᠣᠷᠣᠨ ᠢ | ᠵᠣᠷᠢᠬᠵᠢᠭᠤᠯᠵᠤ ᠪᠠᠶᠢᠭᠠᠳ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠶᠡᠷᠦᠩᠬᠡᠢ ᠰᠠᠯᠠᠭᠠᠨ ᠤ ᠡᠮᠴᠢ ᠶᠢ | ᠰᠠᠶᠢᠰᠢᠶᠠᠨ ᠬᠦᠬᠢᠭᠦᠯᠵᠦ ᠱᠠᠩᠨᠠᠬᠤ ᠠᠵᠢᠯ ᠢ ᠦᠷᠨᠢᠭᠦᠯᠦᠨ᠎ᠡ᠃ ᠶᠡᠷᠦᠩᠬᠡᠢ ᠰᠠᠯᠠᠭᠠᠨ ᠤ ᠤᠷ᠎ᠠ ᠴᠢᠳᠠᠪᠤᠷᠢ ᠶᠢᠨ | ᠮᠥᠷᠦ᠋ᠢᠴᠡᠭᠡᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠶᠡᠷᠦᠩᠬᠡᠢ ᠰᠠᠯᠠᠭᠠᠨ ᠤ ᠰᠢᠯᠢᠳᠡᠭ | ᠡᠮᠴᠢ ᠶᠢ ᠵᠣᠬᠢᠬᠤ ᠬᠡᠮᠵᠢᠶ᠎ᠡ ᠪᠠᠷ ᠱᠠᠩᠨᠠᠨ ᠬᠦᠬᠢᠭᠦᠯᠦᠨ᠎ᠡ᠃ ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠦᠪᠯᠡᠯ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠳ᠋ ᠤᠨ ᠵᠠᠰᠠᠭ ᠤᠨ | ᠲᠣᠪᠴᠢᠶ᠎ᠠ ᠬᠠᠷᠢᠭᠤᠴᠠᠨ᠎ᠠ︶ | ︵ᠠᠷᠪᠠ︶ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ | ᠬᠥᠳᠡᠭᠡ ᠲᠣᠰᠬᠤᠨ ᠤ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢ ᠲᠦᠷᠭᠡᠬᠡᠨ ᠪᠤᠵᠠᠭᠠᠶᠢᠷᠠᠭᠤᠯᠵᠤ᠂ | ᠬᠥᠳᠡᠭᠡ ᠲᠣᠰᠬᠤᠨ ᠤ ᠵᠠᠬᠢᠶᠠᠯᠠᠭ᠎ᠠ ᠬᠠᠨᠳᠤᠯᠭ᠎ᠠ ᠲᠠᠢ ᠠᠨᠠᠭᠠᠬᠤ ᠤᠬᠠᠭᠠᠨ ᠤ ᠰᠤᠷᠤᠬᠴᠢ ᠶᠢ ᠰᠦᠢᠳᠭᠡᠯ ᠬᠤᠷᠢᠶᠠᠬᠤ | ᠦᠭᠡᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠵᠠᠬᠢᠶᠠᠯᠠᠭ᠎ᠠ ᠬᠠᠨᠳᠤᠯᠭ᠎ᠠ ᠲᠠᠢ ᠪᠠᠷ | ᠰᠦᠢᠳᠬᠡᠯ ᠠᠪᠬᠤ ᠦᠭᠡᠢ ᠪᠠᠷ ᠠᠨᠠᠭᠠᠬᠤ ᠤᠬᠠᠭᠠᠨ ᠰᠤᠷᠤᠯᠴᠠᠵᠤ ᠪᠠᠶᠢᠭ᠎ᠠ ᠰᠤᠷᠤᠬᠴᠢ ᠪᠠᠷ ᠭᠤᠣᠯ ᠴᠣᠭᠴᠠ | ᠪᠣᠯᠭᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶ ᠰᠠᠯᠠᠭᠠᠨ ᠤ | ᠡᠮᠴᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠪ ᠵᠠᠭᠪᠤᠷᠢ ᠢ ᠪᠠᠶᠢᠭᠤᠯᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠦᠨ᠎ᠡ᠃ | ᠬᠠᠷᠢᠶ᠎ᠠ ᠣᠷᠣᠨ ᠤ ᠳᠣᠲᠣᠷᠠᠬᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ | ᠬᠦᠷᠳᠡᠬᠦ ᠬᠦᠮᠦᠨ ᠤ ᠲᠤᠭ᠎ᠠ ᠶᠢ ᠦᠨᠳᠦᠰᠦᠯᠡᠨ ᠪᠠᠶᠢᠭᠤᠯᠤᠮᠵᠢ ᠶᠢᠨ ᠣᠷᠣᠨ ᠲᠤᠭ᠎ᠠ ᠶᠢ ᠬᠢᠨᠠᠨ ᠲᠤᠭᠳᠠᠭᠠᠵᠤ᠂ | ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠳᠣᠲᠣᠷ᠎ᠠ ᠵᠠᠬᠢᠶᠠᠯᠠᠭ᠎ᠠ ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ | ᠦᠭᠡᠢ ᠪᠠᠷ ᠬᠦᠮᠦᠵᠢᠭᠦᠯᠦᠭᠰᠡᠨᠠᠨᠠᠭᠠᠬᠤ ᠤᠬᠠᠭᠠᠨ ᠤ ᠰᠤᠷᠤᠬᠴᠢ ᠳᠤ ᠲᠦᠳᠡ ᠵᠠᠮ ᠨᠡᠭᠡᠭᠡᠵᠦ᠂ ᠰᠢᠭᠤᠳᠣᠷᠣᠨ | ᠲᠣᠭᠠᠨ ᠤᠷᠤᠭᠤᠯᠤᠨ ᠬᠠᠮᠢᠶᠠᠷᠴᠦ᠂ ᠴᠠᠯᠢᠩ ᠣᠯᠭᠤᠮᠵᠢ ᠶᠢ ᠨᠠᠶᠢᠳᠠᠪᠦᠷᠢᠵᠢᠭᠤᠯᠬᠤ ᠮᠦᠷᠳᠡᠭᠡᠨ ᠪᠠᠶᠢᠡᠭᠭᠤᠵᠢᠬᠰᠠᠨ | ᠬᠠᠮᠢᠶᠠᠷᠤᠯᠳᠠ ᠶᠢ ᠪᠦᠷᠢᠯᠳᠦᠭᠦᠯᠦᠨ᠎ᠡ᠃ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠬᠥᠳᠡᠭᠡ ᠲᠣᠰᠬᠤᠨ ᠤ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ ᠠᠨᠠᠭᠠᠬᠤ ᠤᠬᠠᠭᠠᠨ ᠤ ᠰᠣᠷᠣᠭᠴᠢ ᠵᠠᠬᠢᠶᠠᠯᠠᠭ᠎ᠠ | ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ ᠦᠭᠡᠢ ᠪᠠᠷ ᠬᠦᠮᠦᠵᠢᠭᠦᠯᠵᠦ᠂ ᠲᠡᠭᠦᠰᠦᠭᠰᠡᠳ ᠢ ᠶᠡᠷᠦᠩᠬᠡᠢ | ᠡᠮᠴᠢᠯᠡᠭᠡᠨ ᠤ ᠰᠠᠯᠠᠭ᠎ᠠ ᠶᠢᠨ ᠲᠤᠰᠠᠯᠠᠬᠤ ᠡᠮᠴᠢ ᠶᠢᠨ ᠪᠣᠯᠪᠠᠰᠤᠷᠠᠯ ᠳᠤ ᠬᠢᠷᠢ ᠲᠡᠩᠴᠡᠭᠰᠡᠨ ᠤ ᠳᠠᠷᠠᠭ᠎ᠠ᠂ ᠭᠤᠤᠯᠳᠠᠭᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠨᠦᠬᠦᠪᠦᠷᠢ ᠪᠤᠯᠭᠠᠨ᠎ᠠ᠃ ᠠᠯᠤᠰ ᠰᠤᠷᠭᠠᠨ ᠬᠥᠮᠦᠵᠢᠯ | ᠵᠡᠷᠭᠡ ᠮᠡᠳᠡᠭᠡ ᠵᠠᠩᠭᠢᠴᠢᠯᠠᠯᠳᠠ ᠶᠢᠨ ᠠᠷᠭ᠎ᠠ ᠪᠠᠷᠢᠯ ᠢ ᠲᠦᠰᠢᠭᠯᠡᠨ ᠠᠰᠢᠭᠯᠠᠵᠤ᠂ ᠶᠠᠳᠠᠭᠤ ᠬᠦᠴᠢᠷᠳᠡᠯᠲᠡᠶ ᠭᠠᠵᠠᠷ | ᠣᠷᠣᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠪᠣᠯᠪᠠᠰᠤᠷᠠᠯ ᠤᠨ ᠲᠥᠷᠥᠯ ᠵᠦᠢᠯ ᠢ ᠰᠦᠢᠳᠬᠡᠯ ᠬᠤᠷᠢᠶᠠᠬᠤ ᠦᠭᠡᠢ ᠪᠠᠷ ᠬᠡᠷᠡᠭᠵᠢᠭᠦᠯᠦᠨ᠎ᠡ᠃ | ᠬᠤᠰᠢᠭᠤ ᠰᠢᠶᠠᠨ ᠲᠣᠭᠤᠷᠢᠭ ᠤᠨ ᠱᠠᠳᠤᠨ ᠠᠴᠠ ᠳᠡᠭᠡᠭᠰᠢᠬᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠲᠤᠬᠠᠶ ᠬᠥᠳᠡᠭᠡ ᠲᠣᠰᠬᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠵᠢᠯᠦᠭᠤᠳᠦᠯᠭ᠎ᠠ ᠪᠠ ᠪᠤᠯᠪᠠᠰᠤᠷᠠᠭᠤᠯᠤᠯ ᠬᠢᠬᠦ ᠶᠢ ᠴᠢᠩᠭᠠᠳᠬᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠶᠡᠷᠦᠩᠬᠡᠶ | ᠰᠠᠯᠠᠭᠠᠨ ᠤ ᠡᠮᠴᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠲᠤᠷᠰᠢᠯᠲᠠ ᠶᠢᠨ ᠴᠢᠭ ᠤᠨ ᠠᠵᠢᠯ ᠢ | ᠡᠬᠢᠯᠡᠭᠦᠯᠵᠦ᠂ ᠲᠤᠷᠰᠢᠯᠲᠠ ᠶᠢᠨ ᠴᠢᠭ ᠤᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠭᠡᠨ᠂ 2020 | ᠣᠨ ᠪᠣᠯᠬᠤ ᠳᠤ᠂ ᠪᠦᠬᠦᠶᠢᠯᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠤᠷᠰᠢᠯᠲᠠ ᠶᠢᠨ | ᠴᠢᠭ ᠤᠨ ᠬᠦᠷᠢᠶ᠎ᠡ ᠬᠡᠪᠴᠢᠶ᠎ᠡ ᠳᠤ ᠠᠯᠬᠤᠮ ᠠᠯᠬᠤᠮ ᠢᠶᠠᠷ ᠤᠷᠤᠭᠤᠯᠤᠨ᠎ᠠ᠃ | ᠮᠡᠷᠭᠡᠵᠢᠯ ᠤᠨ ᠴᠣᠯᠠ ᠳᠡᠪᠰᠢᠬᠦ ᠲᠥᠷᠥ ᠶᠢᠨ ᠪᠣᠳᠣᠯᠭ᠎ᠠ ᠶᠢ ᠬᠥᠳᠡᠭᠡ ᠲᠣᠰᠬᠤᠨ ᠤ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶ ᠰᠠᠯᠠᠭᠠᠨ ᠤ ᠡᠮᠴᠢ ᠳᠤ ᠤᠯᠠᠮ ᠨᠢᠭᠡ ᠠᠯᠬᠤᠮ | ᠬᠡᠯᠪᠠᠶᠢᠯᠭᠡᠨ᠎ᠡ᠃ ᠬᠥᠳᠡᠭᠡ ᠲᠣᠰᠬᠤᠨ ᠳᠤ ᠣᠷᠳᠣ ᠬᠤᠭᠤᠴᠠᠭ᠎ᠠ ᠪᠠᠷ ᠨᠤᠳᠤᠭᠰᠢᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯᠯᠠᠵᠤ ᠪᠠᠶᠢᠭ᠎ᠠ ᠶᠡᠷᠦᠩᠬᠡᠢ ᠰᠠᠯᠠᠭᠠᠨ ᠤ ᠡᠮᠴᠢ ᠶᠢ | ᠰᠤᠷᠤᠯᠭ᠎ᠠ ᠶᠢᠨ ᠨᠠᠮᠲᠠᠷ ᠵᠡᠷᠭᠡ ᠳᠤ ᠬᠢᠵᠠᠭᠠᠷᠯᠠᠭᠳᠠᠬᠤ ᠦᠭᠡᠢ ᠪᠠᠷ ᠠᠯᠭᠠᠰᠤᠭᠤᠯᠤᠨ ᠮᠡᠷᠭᠡᠵᠢᠯ ᠤᠨ ᠴᠣᠯᠠ ᠶᠢ ᠨᠢ | ᠲᠡᠪᠰᠢᠭᠦᠯᠵᠦ ᠪᠤᠯᠤᠨ᠎ᠠ᠃ ᠦᠨᠳᠦᠰᠦᠨ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠠᠵᠢᠯᠳᠠᠠ ᠤ ᠮᠡᠷᠭᠡᠵᠢᠯ ᠤᠨ | ᠴᠣᠯᠠ ᠤᠷᠢᠵᠦ ᠲᠣᠮᠢᠯᠠᠬᠤ ᠲᠠᠯ᠎ᠠ ᠪᠠᠷ᠂ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠨᠥᠬᠦᠴᠡᠯ ᠳᠤ | ᠨᠡᠶᠢᠴᠡᠭᠰᠡᠨ ᠳᠤᠮᠳᠠ ᠵᠡᠷᠭᠡ ᠵᠢᠴᠢ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠲᠠᠢ ᠠᠵᠢᠯᠲᠠᠨ᠂ ᠦᠨᠳᠦᠰᠦᠨ | ᠱᠠᠲᠤᠨ ᠳᠤ ᠦᠢᠯᠡᠴᠢᠯᠡᠭᠰᠡᠨ ᠴᠠᠭ ᠨᠢ ᠪᠦᠬᠦᠯᠢ 5 ᠵᠢᠯ ᠪᠤᠯᠤᠭᠰᠠᠨ ᠪᠠᠶᠢᠪᠠᠯ᠂ ᠳᠡᠭᠡᠷ᠎ᠡ ᠨᠢᠭᠡ ᠲᠡᠰ ᠤᠨ | ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠤᠯᠤᠨ᠎ᠠ᠃ ᠬᠢᠨᠠᠨ ᠰᠢᠯᠭᠠᠬᠤ ᠳᠤ ᠬᠢᠷᠢ ᠲᠡᠩᠴᠡᠭᠰᠡᠨ ᠤ ᠳᠠᠷᠠᠭ᠎ᠠ᠂ | ᠠᠵᠢᠯ ᠤᠨ ᠪᠠᠶᠢᠷᠢ ᠶᠢᠨ ᠲᠤᠬᠢᠷᠠᠭᠤᠯᠤᠯᠳᠠ ᠶᠢᠨ ᠬᠢᠵᠠᠭᠠᠷᠯᠠᠯ ᠦᠬᠡᠢ ᠬᠦᠷᠳᠡᠬᠦ ᠦᠭᠡᠢ᠂ ᠤᠷᠢᠵᠤ ᠬᠡᠷᠡᠭᠯᠡᠬᠦ | ᠬᠤᠭᠤᠴᠠᠭ᠎ᠠ ᠨᠢ 5 ᠵᠢᠯ᠂ ᠤᠷᠢᠵᠦ ᠬᠡᠷᠡᠭᠯᠡᠬᠦ ᠬᠤᠭᠤᠴᠠᠭᠠᠨ ᠳᠣᠲᠣᠷ᠎ᠠ ᠬᠠᠷᠠᠭᠠᠯᠵᠠᠭᠰᠠᠨ ᠠᠵᠢᠯ ᠤᠨ ᠪᠠᠶᠢᠷᠢ ᠠᠴᠠ | ᠰᠢᠯᠵᠢᠵᠤ ᠪᠤᠯᠬᠤ ᠦᠭᠡᠢ᠂ ᠡᠰᠡ ᠲᠡᠶᠢᠮᠦ ᠪᠣᠯ ᠲᠤᠰ ᠤᠷᠢᠵᠤ ᠬᠡᠷᠡᠭᠯᠡᠬᠦ ᠬᠠᠷᠠᠭᠠᠯᠵᠠᠯ ᠢ ᠬᠦᠴᠦᠨ ᠦᠭᠡᠢ ᠪᠤᠯᠭᠠᠨ᠎ᠠ | ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠳᠡᠭᠡᠳᠦ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠯᠵᠢᠨ ᠶᠠᠪᠤᠬᠤ ᠳᠤ᠂ ᠮᠤᠵᠢ ︵ᠣᠷᠣᠨ᠂ ᠬᠤᠲᠠ︶ ᠶᠢᠨ | ᠨᠢᠭᠡᠳᠦᠯᠲᠡᠶ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠤᠯᠤᠭᠰᠠᠨ ᠪᠠᠶᠢᠬᠤ ᠬᠡᠷᠡᠭᠲᠡᠶ᠃ ︵ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠲᠤᠭ᠎ᠠ ᠶᠢᠨ ᠠᠯᠪᠠᠨ ᠬᠡᠷ᠂ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠯᠪᠠᠨ ᠬᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠬᠠᠷᠢᠭᠤᠴᠠᠨ᠎ᠠ︶ | ᠭᠤᠷᠪᠠ᠂ ᠪᠠᠳᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃. ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢᠨ | ᠤᠷᠮᠠᠰᠢᠭᠤᠯᠬᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠲᠡᠭᠦᠨ ᠢ ᠡᠷᠡᠭᠦᠯ ᠡᠩᠬᠡ ᠬᠥᠬᠡᠬᠤᠲᠠ ᠶᠢᠨ ᠪᠦᠳᠦᠭᠡᠨ ᠪᠠᠶᠢᠭᠤᠯᠤᠯᠳᠠ᠂ ᠡᠮᠴᠢᠯᠡᠭᠡ ᠡᠷᠡᠬᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠠᠯᠲᠠ ᠶᠢ ᠭᠦᠨᠵᠡᠭᠡᠶᠢᠷᠡᠭᠦᠯᠬᠦ᠂ ᠡᠷᠡᠭᠦᠯ ᠡᠩᠬᠡ ᠪᠠᠷ ᠶᠠᠳᠠᠭᠤ ᠠᠴᠠ | ᠠᠩᠭᠢᠵᠢᠷᠠᠭᠤᠯᠬᠤ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢᠨ ᠵᠠᠩᠭᠢᠯᠠᠭ᠎ᠠ ᠶᠢᠨ ᠭᠤᠭᠴᠤᠭ᠎ᠠ | ᠪᠣᠯᠤᠨ ᠴᠢᠬᠤᠯᠠ ᠶᠡᠭᠡ ᠡᠭᠦᠷᠭᠡ ᠪᠤᠯᠭᠠᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠰᠠᠯᠠᠭ᠎ᠠ ᠮᠥᠴᠢᠷ ᠤᠨ | ᠬᠠᠮᠵᠢᠯᠴᠠᠬᠤ ᠶᠢ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠ ᠬᠢᠨᠠᠨ ᠰᠢᠯᠭᠠᠵᠤ ᠦᠨᠡᠯᠡᠨ ᠵᠢᠱᠢᠬᠦ ᠠᠷᠭ᠎ᠠ ᠶᠢ | ᠨᠠᠷᠢᠯᠢᠭᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠪᠠᠷᠢᠯ ᠤᠨ ᠪᠤᠳᠠᠳᠠᠶᠢᠵᠢᠨ | ᠨᠠᠶᠢᠳᠠᠪᠦᠷᠢᠵᠢᠭᠤᠯᠤᠭᠳᠠᠬᠤ ᠶᠢ ᠪᠠᠳᠤᠯᠠᠬᠤ ᠬᠡᠷᠡᠭᠳᠡᠢ᠃ 2019 ᠤᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ | ᠡᠯ᠎ᠡ ᠬᠤᠰᠢᠭᠤ ᠰᠢᠶᠠᠨ ᠲᠣᠭᠤᠷᠢᠭ ᠲᠣᠰ ᠰᠠᠨᠠᠯ ᠤᠨ ᠵᠣᠷᠢᠭ ᠰᠠᠨᠠᠭ᠎ᠠ ᠶᠣᠰᠣᠭᠠᠷ᠂ ᠲᠣᠰ ᠭᠠᠵᠠᠷ ᠣᠷᠣᠨ ᠤ ᠪᠠᠨ | ᠪᠣᠳᠠᠲᠠᠶ ᠲᠠᠢ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠲᠥᠰᠦᠯ ᠢ ᠲᠤᠭᠳᠠᠭᠠᠬᠤ ᠬᠡᠷᠡᠭᠳᠡᠢ᠃ | ︵ᠬᠤᠶᠠᠷ︶ ᠡᠮᠴᠢᠯᠡᠭᠡ ᠶᠢᠨ ᠳᠠᠭᠠᠳᠬᠠᠯ ᠤᠨ ᠮᠦᠩᠭᠦ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠲᠦᠰᠢᠭᠯᠡᠵᠦ ᠡᠭᠦᠳᠡᠨ ᠡᠮᠨᠡᠯᠭᠡ ᠶᠢᠨ ᠶᠠᠪᠤᠳᠠᠯ ᠢ ᠨᠢᠭᠡᠳᠦᠯᠲᠡᠶ ᠲᠦᠯᠦᠪᠵᠢᠭᠦᠯᠦᠨ ᠬᠥᠮᠦᠨ ᠤ ᠲᠤᠭ᠎ᠠ ᠪᠠᠷ ᠮᠦᠩᠭᠦ | ᠲᠦᠯᠦᠬᠦ ᠶᠢ ᠬᠡᠷᠡᠭᠵᠢᠭᠦᠯᠦᠨ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠰᠠᠭᠤᠷᠢ | ᠮᠥᠩᠭᠦ ᠶᠢ ᠬᠥᠮᠦᠨ ᠤ ᠲᠤᠭ᠎ᠠ ᠪᠠᠷ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠪᠤᠶᠤ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠳᠡ ᠳᠤ ᠥᠭᠬᠦ ᠶᠢ ᠰᠦᠪᠡᠭᠴᠢᠯᠡᠨ᠂ ᠦᠨᠳᠦᠰᠦᠨ ᠱᠠᠲᠤᠨ ᠠᠴᠠ | ᠡᠮᠨᠡᠯᠭᠡ ᠶᠢᠨ ᠬᠤᠷᠢᠶ᠎ᠠ ᠳᠤ ᠡᠮᠴᠢᠯᠡᠭᠦᠯᠬᠦ ᠳᠤ ᠰᠢᠯᠵᠢᠭᠦᠯᠦᠭᠰᠡᠨ ᠡᠪᠡᠳᠴᠢᠲᠡᠨ ᠳᠤ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠳᠡ ᠠᠴᠠ | ᠵᠣᠬᠢᠬᠤ ᠬᠡᠮᠵᠢᠶᠡᠨ ᠤ ᠰᠢᠯᠵᠢᠨ ᠡᠮᠴᠢᠯᠡᠭᠦᠯᠬᠦ ᠵᠠᠷᠤᠳᠠᠯ ᠦᠭᠬᠦ ᠬᠡᠷᠡᠭᠳᠡᠢ᠃ ᠲᠪᠰᠢᠪᠩᠭᠤᠢ ᠭᠠᠵᠠᠷ ᠣᠷᠣᠨ ᠤ | ᠲᠤᠷᠰᠢᠯᠭ᠎ᠠ ᠶᠢ ᠰᠤᠷᠤᠯᠴᠠᠨ ᠲᠤᠯᠢᠳᠠᠵᠦ᠂ ᠳᠡᠭᠡᠳᠦ ᠳᠣᠤᠷᠠᠳᠤ ᠱᠠᠲᠤ ᠬᠤᠷᠰᠢᠯᠴᠠᠭᠰᠠᠨ ᠡᠮᠴᠢᠯᠡᠭᠡᠨ ᠤ | ᠬᠤᠯᠪᠣᠭᠠᠲᠤ ᠴᠣᠭᠴᠠ ᠵᠡᠷᠭᠡ ᠠᠵᠢᠯ ᠬᠤᠪᠢᠶᠠᠷᠢᠯᠠᠨ ᠬᠠᠮᠵᠢᠯᠴᠠᠬᠤ ᠵᠠᠭᠪᠤᠷ ᠲᠤ ᠡᠮᠴᠢᠯᠡᠭᠡᠨ ᠤ ᠳᠠᠭᠠᠳᠬᠠᠯ ᠤᠨ | ᠶᠡᠷᠦᠩᠬᠡᠶ ᠲᠤᠭ᠎ᠠ ᠶᠢᠨ ᠮᠦᠩᠭᠦ ᠲᠦᠯᠦᠬᠦ ᠶᠢ ᠬᠡᠷᠡᠭᠵᠢᠭᠦᠯᠬᠦ ᠶᠢᠨ ᠬᠠᠮᠳᠤ ᠬᠢᠨᠠᠨ ᠰᠢᠯᠭᠠᠬᠤ ᠶᠢ ᠴᠢᠩᠭᠠᠳᠬᠠᠵᠤ᠂ | ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠶᠢ ᠵᠦᠢ ᠵᠣᠬᠢᠰᠲᠠᠶ ᠬᠥᠲᠥᠯᠥᠨ ᠵᠢᠯᠣᠭᠤᠳᠴᠤ᠂ ᠶᠡᠷᠦᠩᠬᠡᠶ | ᠰᠠᠯᠠᠭᠠᠨ ᠤ ᠡᠮᠴᠢ ᠪᠠ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠳᠡ ᠶᠢᠨ ᠡᠮᠴᠢᠯᠡᠭᠡ ᠶᠢᠨ ᠳᠠᠭᠠᠳᠬᠠᠯ ᠤᠨ | ᠵᠠᠷᠤᠳᠠᠯ ᠡᠵᠡᠮᠰᠢᠬᠦ ᠲᠠᠯ᠎ᠠ ᠳᠠᠬᠢ ︽ᠡᠭᠦᠳᠡᠨ ᠰᠠᠬᠢᠭᠴᠢ︾ ᠶᠢᠨ ᠦᠢᠯᠡᠳᠦᠯ ᠢ ᠪᠠᠳᠠᠷᠠᠭᠤᠯᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠡᠪᠡᠳᠴᠢᠨ ᠢ ᠡᠮᠨᠡᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ | ᠡᠷᠡᠭᠦᠯᠵᠢᠯ ᠢᠶᠠᠷ ᠭᠤᠤᠯ ᠪᠤᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ︵ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠨ᠎ᠠ︶ | ︵ᠭᠤᠷᠪᠠ︶ ᠵᠠᠷᠤᠳᠠᠯ ᠢ ᠪᠠᠳᠤᠯᠠᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠨᠢ | ᠣᠷᠣᠭᠤᠯᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠤᠨ ᠣᠷᠳᠣᠨ ᠠᠴᠠ | ᠤᠷᠤᠭᠤᠯᠬᠤ᠂ ᠪᠠᠶᠢᠭᠤᠯᠭ᠎ᠠ ᠨᠢᠭᠡᠴᠡ ᠪᠠ ᠰᠠᠭᠤᠷᠢᠨ ᠭᠠᠵᠠᠷ ᠤᠨ ᠥᠪᠡᠰᠦᠪᠡᠨ ᠴᠤᠭᠯᠠᠭᠤᠯᠬᠤ᠂ ᠨᠡᠶᠢᠭᠡᠮ ᠤᠨ | ᠬᠢᠨ ᠤ ᠲᠡᠳᠭᠦᠬᠦ ᠵᠡᠷᠭᠡ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠶᠡᠷᠦᠩᠬᠡᠶ ᠰᠠᠯᠠᠭᠠᠨ ᠤ ᠡᠮᠴᠢ ᠶᠢ | ᠬᠥᠮᠦᠵᠢᠭᠦᠯᠬᠦ ᠬᠢᠭᠡᠳ ᠬᠡᠷᠡᠭᠯᠡᠬᠦ ᠶᠢ ᠤᠷᠮᠠᠰᠢᠭᠤᠯᠬᠤ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠡᠯ᠎ᠡ ᠵᠦᠢᠯ ᠤᠨ ᠨᠥᠬᠦᠪᠥᠷᠢ ᠵᠠᠷᠤᠳᠠᠯ ᠤᠨ ᠲᠤᠰᠬᠠᠶ ᠮᠦᠩᠭᠦ ᠶᠢ ᠲᠤᠰᠬᠠᠶ ᠬᠡᠷᠡᠭᠯᠡᠵᠦ᠂ | ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠬᠦ ᠪᠠ ᠰᠢᠬᠠᠨ ᠬᠡᠷᠡᠭᠯᠡᠵᠦ ᠪᠤᠯᠬᠤ ᠦᠭᠡᠢ᠃. | ︵ᠲᠦᠷᠪᠡ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠰᠢᠮᠳᠠᠭᠤᠯᠤᠨ | ᠵᠢᠯᠣᠭᠤᠳᠴᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠡᠷᠦᠩᠬᠡᠶ ᠰᠠᠯᠠᠭᠠᠨ ᠤ ᠡᠮᠴᠢ ᠶᠢ | ᠬᠥᠮᠦᠵᠢᠭᠦᠯᠬᠦ ᠬᠢᠭᠡᠳ ᠬᠡᠷᠡᠭᠯᠡᠬᠦ ᠶᠢ ᠤᠷᠮᠠᠰᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠦᠷᠢᠵᠢᠭᠤᠯᠤᠭᠰᠠᠨ ᠪᠠᠶᠢᠳᠠᠯ ᠢ ᠪᠥᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠳᠤ ᠤᠷᠤᠭᠤᠯᠵᠤ᠂ ᠪᠠᠶᠢᠩᠭᠤᠴᠢᠯᠠᠭᠰᠠᠨ | ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠬᠤ ᠶᠢ ᠬᠡᠷᠡᠭᠵᠢᠭᠦᠯᠵᠦ᠂ ᠤᠷᠮᠠᠰᠢᠭᠤᠯᠬᠤ ᠪᠠ ᠬᠠᠷᠢᠭᠤᠴᠠᠯᠭ᠎ᠠ | ᠬᠡᠯᠡᠯᠴᠡᠬᠦ ᠶᠢ ᠴᠢᠩᠭᠠᠷᠠᠭᠤᠯᠤᠨ᠎ᠠ᠃ | ︵ᠲᠠᠪᠤ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠶᠡᠷᠦᠩᠬᠡᠢ ᠰᠠᠯᠠᠭᠠᠨ ᠤ | ᠡᠮᠴᠢ ᠶᠢ ᠬᠥᠮᠦᠵᠢᠭᠦᠯᠬᠦ ᠪᠠ ᠬᠡᠷᠡᠭᠯᠡᠬᠦ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠤᠬᠠᠭᠤᠯᠤᠨ ᠲᠠᠶᠢᠯᠪᠤᠷᠢᠯᠠᠵᠤ᠂ ᠶᠡᠷᠦᠩᠬᠡᠶ ᠰᠠᠯᠠᠭᠠᠨ ᠤ | ᠡᠮᠴᠢ ᠶᠢᠨ ᠦᠰᠦᠨ ᠪᠤᠶᠢᠵᠢᠵᠤ ᠴᠢᠳᠠᠪᠤᠷᠢᠲᠠᠨ ᠪᠤᠯᠤᠭᠰᠠᠨ ᠨᠡᠶᠢᠲᠡᠯᠢᠭ ᠵᠢᠱᠢᠶ᠎ᠡ ᠪᠠ ᠦᠨᠳᠦᠰᠦᠨ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠠᠯ᠎ᠠ ᠪᠠᠷ ᠪᠠᠳᠠᠷᠠᠭᠤᠯᠤᠭᠰᠠᠨ ᠴᠢᠬᠤᠯᠠ ᠦᠢᠯᠡᠳᠦᠯ ᠢ ᠥᠷᠭᠡᠨ ᠢᠶᠠᠷ | ᠤᠬᠠᠭᠤᠯᠵᠤ᠂ ᠠᠨᠠᠭᠠᠬᠤ ᠤᠬᠠᠭᠠᠨ ᠤ ᠰᠤᠷᠤᠭᠴᠢ᠂ ᠡᠮᠴᠢᠯᠡᠭᠡᠨ ᠤ ᠠᠵᠢᠯᠳᠠᠨ᠂ ᠠᠨᠠᠭᠠᠬᠤ ᠤᠬᠠᠭᠠᠨ ᠤ ᠰᠤᠷᠭᠠᠨ | ᠬᠦᠮᠦᠵᠢᠯ ᠤᠨ ᠠᠵᠢᠯᠳᠠᠨ ᠪᠣᠯᠤᠨ ᠨᠡᠶᠢᠭᠡᠮ ᠨᠡᠶᠢᠳᠡ ᠶᠢᠨ ᠬᠢᠨ ᠳᠤ ᠶᠡᠷᠦᠩᠬᠡᠶ ᠰᠠᠯᠠᠭᠠᠨ ᠤ ᠡᠮᠴᠢ ᠶᠢ ᠭᠦᠨᠵᠡᠭᠡᠢ | ᠤᠶᠢᠯᠠᠭᠠᠭᠤᠯᠵᠤ᠂ ᠬᠢᠷᠢ ᠲᠡᠩᠴᠡᠭᠰᠡᠨ ᠶᠡᠷᠦᠩᠬᠡᠶ ᠰᠠᠯᠠᠭᠠᠨ ᠤ ᠡᠮᠴᠢ ᠶᠢ ᠨᠡᠩ ᠤᠯᠠᠨ ᠪᠦᠭᠡᠳ | ᠲᠦᠷᠭᠡᠬᠡᠨᠬᠥ᠋ᠮᠦᠵᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠤᠢ ᠪᠣᠯᠭᠠᠨ᠎ᠠ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠰᠦᠯ ᠢ ᠬᠡᠷᠡᠭᠵᠢᠭᠦᠯᠬᠦ ᠶᠠᠪᠤᠴᠠ ᠳᠠᠭᠠᠨ᠂ | ᠰᠠᠶᠢᠨ ᠰᠠᠶᠢᠬᠠᠨ ᠠᠷᠭ᠎ᠠ ᠬᠢᠳᠡᠯ ᠪᠠ ᠪᠦᠲᠦᠮᠵᠢᠲᠡᠶ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ | ᠬᠡᠷᠡᠭᠲᠡᠶ᠃ |