ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠠᠢ ᠰᠧ ᠶᠤᠸᠠᠨ︶ 10 | ᠰᠠᠷ᠎ᠠ ᠶᠢᠨ 10 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠣᠷᠣᠨ ᠤ ᠤᠳᠬ᠎ᠠ ᠤᠷᠠᠯᠢᠭ ᠶᠢᠨ ᠬᠢᠨ ᠤ | ᠬᠤᠯᠪᠣᠭ᠎ᠠ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠠᠴᠠ | ᠳᠠᠭᠠᠭᠠᠴᠢᠯᠠᠨ ᠡᠷᠬᠢᠯᠡᠭᠰᠡᠨ ᠳᠤᠯᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ | ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠦᠵᠡᠭᠦᠯᠭᠡ ᠦᠪᠦᠷ ᠮᠤᠩᠭᠤᠯ ᠤᠨ ᠤᠷᠠᠨ ᠵᠢᠷᠤᠭ ᠤᠨ ᠤᠷᠳᠤᠨ ᠳᠤ | ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠥᠩ | ᠾᠧ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ | ᠲᠤᠰ ᠤᠳᠠᠭ᠎ᠠ ᠶᠢᠨ ᠦᠵᠡᠭᠦᠯᠭᠡ ᠪᠤᠯ ᠣᠳᠣᠬᠠᠨ ᠤ ᠦᠪᠡᠷᠳᠡᠭᠡᠨ ᠵᠠᠰᠠᠬᠤ ᠣᠷᠣᠨ ᠤ ᠤᠷᠠᠨ ᠪᠢᠴᠢᠯᠭᠡ | ᠲᠠᠮᠠᠭ᠎ᠠ ᠰᠡᠶᠢᠯᠦᠮᠡᠯ ᠤᠨ ᠤᠷᠠᠯᠢᠭ ᠤᠨ ᠠᠵᠢᠯᠳᠠᠳ ᠤᠨ ᠭᠤᠸ᠎ᠠ ᠰᠠᠶᠢᠬᠠᠨ ᠤ ᠬᠦᠭᠡᠭᠡᠴᠡᠯᠳᠦᠯ ᠪᠤᠯᠤᠨ ᠦᠷ᠎ᠡ | ᠪᠦᠲᠦᠭᠡᠯ ᠤᠨ ᠲᠦᠪᠯᠡᠷᠡᠩᠭᠦᠢ ᠦᠵᠡᠭᠦᠯᠭᠡ ᠪᠣᠯᠣᠨ᠎ᠠ᠂ ᠮᠥᠨ ᠴᠦ ᠮᠠᠨ ᠤ ᠣᠷᠣᠨ ᠤ ᠤᠷᠠᠨ ᠪᠢᠴᠢᠯᠭᠡ ᠲᠠᠮᠠᠭ᠎ᠠ | ᠰᠡᠶᠢᠯᠦᠮᠡᠯ ᠤᠨ ᠤᠷᠠᠯᠢᠭ ᠤᠨ ᠦᠷᠨᠢᠭᠦᠨ ᠬᠦᠭᠵᠢᠯᠳᠡ ᠶᠢ ᠬᠠᠷᠠᠭᠤᠯᠤᠭᠰᠠᠨ ᠪᠤᠳᠠᠳᠦ ᠵᠢᠷᠤᠭᠯᠠᠯ ᠪᠣᠯᠣᠨ᠎ᠠ᠃ | ᠦᠵᠡᠭᠦᠯᠭᠡ ᠳᠤ ᠳᠡᠯᠭᠡᠨ ᠦᠵᠡᠭᠦᠯᠦᠭᠰᠡᠨ 240 ᠮᠤᠩᠭᠤᠯ ᠬᠢᠳᠠᠳ ᠤᠷᠠᠨ ᠪᠢᠴᠢᠯᠭᠡ᠂ ᠲᠠᠮᠠᠭ᠎ᠠ ᠰᠡᠶᠢᠯᠦᠮᠡᠯ᠂ | ᠦᠰᠦᠭ ᠰᠡᠶᠢᠯᠦᠮᠡᠯ ᠤᠨ ᠪᠦᠲᠦᠭᠡᠯ ᠨᠢ ᠪᠦᠬᠦ ᠣᠷᠣᠨ ᠤ ᠬᠤᠶᠠᠷ ᠮᠢᠩᠭ᠎ᠠ ᠭᠠᠷᠤᠢ ᠪᠦᠲᠦᠭᠡᠯ ᠠᠴᠠ ᠰᠤᠩᠭᠤᠨ | ᠰᠢᠯᠭᠠᠷᠠᠭᠤᠯᠤᠭᠰᠠᠨ ᠶᠤᠮ᠃ ᠡᠳᠡᠭᠡᠷ ᠪᠦᠲᠦᠭᠡᠯ ᠤᠳ ᠢ ᠵᠣᠬᠢᠶᠠᠨ ᠪᠦᠲᠦᠭᠡᠭᠰᠡᠨ ᠤᠷ᠎ᠠ ᠮᠡᠷᠭᠡᠰᠢᠯ ᠨᠢ ᠣᠯᠠᠨ | ᠬᠡᠯᠪᠡᠷᠢ ᠮᠠᠶ᠋ᠢᠭ ᠲᠠᠢ ᠮᠥᠷᠲᠡᠭᠡᠨ ᠲᠥᠷᠥᠯ ᠵᠦᠢᠯ ᠨᠢ ᠥᠷᠭᠡᠨ ᠳᠡᠯᠭᠡᠷ ᠪᠠᠶᠢᠵᠤ᠂ ᠴᠠᠭ ᠦᠶ᠎ᠡ ᠪᠤᠯᠤᠨ ᠠᠷᠠᠳ | ᠲᠦᠮᠡᠨ ᠢᠶᠠᠷ ᠰᠡᠳᠦᠪᠯᠡᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢᠬᠢ | ᠠᠵᠤ ᠠᠬᠤᠢ ᠶᠢᠨ ᠬᠦᠭᠵᠢᠯᠳᠡ᠂ ᠦᠨᠳᠦᠰᠦᠲᠡᠨ ᠤ ᠪᠦᠯᠬᠦᠮᠳᠡᠯ᠂ ᠠᠮᠢ ᠠᠬᠤᠢ ᠶᠢᠨ ᠪᠤᠯᠪᠠᠰᠤᠨ ᠵᠡᠷᠭᠡ | ᠬᠦᠷᠢᠶᠡᠨ ᠤ ᠠᠮᠵᠢᠯᠳᠠ ᠶᠢ ᠤᠷᠠᠯᠢᠭᠴᠢ ᠴᠢᠨᠠᠷᠲᠠᠢ ᠢᠯᠡᠷᠡᠭᠦᠯᠪᠡ᠃ | ᠤᠢᠢᠯᠠᠭᠠᠭᠰᠠᠨ ᠢᠶᠠᠷ᠂ ᠦᠪᠦᠷ ᠮᠤᠩᠭᠤᠯ ᠤᠨ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠦᠵᠡᠭᠦᠯᠭᠡ ᠪᠤᠯ | ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠤᠳᠠᠭᠠᠨ ᠲᠡᠤᠬᠡ ᠲᠠᠢ᠂ ᠬᠠᠮᠤᠭ ᠤᠨ ᠶᠡᠭᠡ ᠬᠡᠪᠴᠢᠶ᠎ᠡ ᠲᠠᠢ᠂ | ᠬᠠᠮᠤᠭ ᠤᠨ ᠦᠨᠳᠦᠷ ᠲᠦᠪᠰᠢᠨ ᠲᠠᠢ᠂ ᠦᠷᠭᠡᠨ ᠳᠡᠯᠭᠡᠷ ᠨᠦᠯᠦᠭᠡᠯᠡᠬᠦ ᠬᠦᠴᠦᠨ ᠪᠤᠯᠤᠨ ᠡᠷᠬᠡ ᠰᠦᠷᠳᠤ ᠴᠢᠨᠠᠷᠳᠠᠢ | ᠶᠡᠷᠦᠩᠬᠡᠶᠢᠯᠡᠭᠰᠡᠨ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠦᠵᠡᠭᠦᠯᠭᠡ ᠪᠣᠯᠣᠨ᠎ᠠ᠃ ᠲᠤᠰ ᠬᠤᠭᠤᠴᠠᠭᠠᠨ ᠤ | ᠦᠵᠡᠭᠦᠯᠭᠡ ᠨᠢ 10 ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠨ᠎ᠠ᠃ |