ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠤ ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ᠤᠨ 50% ᠠᠴᠠ ᠳᠡᠭᠡᠭᠰᠢᠬᠢ ᠶᠢ ᠲᠠᠩᠰᠠᠨ ᠠᠴᠠ ᠲᠠᠶᠢᠯᠵᠤ ᠨᠠᠰᠤᠲᠠᠶᠢᠴᠤᠳ ᠤᠨ ᠡᠷᠡᠭᠦᠯ ᠮᠡᠨᠳᠦ ᠨᠠᠰᠤᠵᠢᠯ ᠤᠨ ᠬᠡᠷᠡᠭᠴᠡᠭᠡ ᠶᠢ ᠨᠠᠩ ᠰᠠᠶᠢᠨ ᠬᠠᠨᠭ᠍ᠭᠠᠨ᠎ᠠ
ᠨᠡᠶᠢᠲᠡᠯᠡᠭᠰᠡᠨ ᠴᠠᠭ᠄
2019-10-11
      ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠹᠠᠩ᠂ᠴᠢᠦᠶ ᠲᠢᠩ᠂ ᠲᠢᠶᠠᠨ ᠰᠢᠶᠣᠤ ᠬᠠᠩ︶  ᠬᠤᠲᠠ  ᠬᠥᠳᠡᠭᠡ ᠶᠢᠨ  ᠰᠠᠭᠤᠭᠠᠯᠢ  ᠠᠷᠠᠳ ᠤᠨ  ᠦᠨᠳᠦᠰᠦᠨ  ᠡᠮ  ᠡᠮᠨᠡᠯᠭᠡ ᠵᠢᠨ‌‍ᠲ᠋ᠠᠭᠠᠳᠬᠠᠯ ᠳᠤ ᠣᠷᠣᠯᠴᠠᠭᠰᠠᠨ 3 ᠳ᠋ᠦᠩᠰᠢᠭᠤᠷ ᠭᠠᠷᠤᠶ  ᠴᠢᠰᠤᠨ  ᠳᠠᠷᠤᠯᠲᠠ  ᠥᠨᠳᠥᠷ  ᠡᠪᠡᠳᠴᠢᠳᠠᠨ᠂  ᠰᠢᠬᠢᠷ  ᠰᠢᠵᠢᠩ‌ᠡᠪᠡᠳᠴᠢᠲᠡᠨ ᠲᠦᠷᠦᠭᠦᠬᠡᠨ ︽ᠠᠰᠢᠬᠳᠠᠢ  ᠴᠢᠮᠡᠭᠡ︾  ᠤᠯᠪᠠ᠄ ᠲᠡᠲᠡᠨ ᠤ ᠤᠯᠤᠰ ᠤᠨ ᠦᠨᠳᠦᠰᠦᠨ ᠡᠮ ᠡᠮᠨᠡᠯᠭᠡ ᠵᠢᠨ‌‍ᠲ᠋ᠠᠭᠠᠳᠬᠠᠯ ᠤᠨ ᠬᠡᠷᠡᠭᠯᠡᠬᠦ ᠡᠮ ᠤᠨ ᠭᠠᠷᠴᠠᠭ ᠤᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ‍ᠤᠨ‌‍ᠲ᠋ᠠᠩᠰᠠᠠ ᠠᠴᠠ ᠲᠠᠶᠢᠯᠬᠤ ᠬᠠᠷᠢᠴᠠᠯ ᠢ 50% ᠠᠴᠠ ᠳᠡᠭᠡᠭᠰᠢ ᠪᠣᠯᠲᠠᠯ᠎ᠠ ᠲᠡᠭᠡᠭᠰᠢᠯᠡᠭᠦᠯᠪᠡ᠃              ᠡᠮᠦᠨᠡᠭᠡᠨ᠂ ᠮᠠᠨ ᠤ ᠤᠯᠤᠰ ᠤᠨ ᠣᠯᠠᠨ  ᠭᠠᠵᠠᠷ ᠤᠨ ᠬᠢᠨ  ᠡᠭᠦᠳᠡᠨ  ᠡᠮᠨᠡᠯᠭᠡ ᠶᠢᠨ  ᠬᠦᠨᠳᠦ  ᠡᠪᠡᠳᠴᠢᠨ  ᠪᠤᠶᠤ‌ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ  ᠲᠣᠭᠲᠠᠴᠠ ᠪᠠᠷ  ᠳᠠᠮᠵᠢᠭᠤᠯᠤᠨ᠂  ᠡᠪᠡᠳᠴᠢᠨ ᠤ  ᠪᠠᠶᠢᠳᠠᠯ ᠨᠢ  ᠬᠦᠨᠳᠦ‌ᠨᠣᠴᠢᠲᠠᠶ᠂ ᠵᠣᠬᠢᠬᠤ ᠡᠪᠡᠳᠴᠢᠨ ᠤ ᠪᠠᠶᠢᠳᠠᠯ ᠳᠤ ᠲᠣᠬᠢᠷᠠᠬᠤ ᠵᠠᠷᠢᠮ  ᠴᠢᠰᠤᠨ  ᠳᠠᠷᠤᠯᠲᠠ  ᠥᠨᠳᠥᠷ  ᠡᠪᠡᠳᠴᠢᠳᠠᠨ᠂  ᠰᠢᠬᠢᠷ‌‍ᠰᠢᠵᠢᠩ ᠡᠪᠡᠳᠴᠢᠲᠡᠨ ᠤ ᠡᠪᠡᠳᠴᠢᠨ ᠤ ᠳᠠᠷᠤᠭᠠᠰᠤ ᠶᠢ ᠬᠥᠩᠭᠡᠷᠡᠭᠦᠯᠵᠡᠶ᠃ ᠭᠡᠪᠡᠴᠦ ᠡᠯ᠎ᠡ ᠭᠠᠵᠠᠷ ᠤᠨ  ᠡᠭᠦᠳᠡᠨ  ᠡᠮᠨᠡᠯᠭᠡ ᠵᠢᠨ‌ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ  ᠬᠠᠨᠭ᠍ᠭᠠᠬᠤ  ᠨᠥᠬᠦᠴᠡᠯ ᠨᠢ  ᠨᠡᠶᠢᠳᠡᠮ ᠳᠡᠭᠡᠨ  ᠨᠡᠯᠢᠶᠡᠳ  ᠥᠨᠳᠥᠷ  ᠪᠠᠶᠢᠵᠤ᠂ᠡᠷᠴᠢᠮ ᠨᠢ ᠴᠦ ᠠᠳᠠᠯᠢ ᠥᠬᠡᠶ ᠪᠠᠶᠢᠨ᠎ᠠ᠃              ᠤᠯᠤᠰ ᠤᠨ ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ  ᠵᠥᠪᠯᠡᠯ ᠤᠨ  ᠡᠷᠡᠭᠦᠯ  ᠬᠠᠮᠠᠭᠠᠯᠠᠯ ᠤᠨ  ᠬᠥᠭᠵᠢᠯᠲᠡ ᠵᠢᠨ‌‍ᠰᠤᠳᠤᠯᠭᠠᠨ ᠤ ᠲᠥᠪ ᠤᠨ ᠰᠤᠳᠤᠯᠤᠭᠴᠢ᠂ ᠡᠮ ᠡᠮᠨᠡᠯᠭᠡ ᠶᠢᠨ ᠪᠠᠲᠤᠯᠠᠭ᠎ᠠ ᠶᠢᠨ ᠰᠤᠳᠤᠯᠭᠠᠨ ᠤ  ᠲᠠᠰᠤᠭ ᠤᠨ  ᠡᠷᠬᠢᠯᠡᠭᠴᠢ  ᠭᠦ᠋‌‍ᠰᠢᠤᠸᠠᠢ ᠹᠸᠢ ᠬᠡᠯᠡᠭᠦ ᠳᠡᠭᠡᠨ᠂ ᠮᠠᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠵᠢᠯᠲᠠᠨ ᠠᠵᠢᠯᠴᠢᠨ ᠤ ᠡᠮ‌ᠡᠮᠨᠡᠯᠭᠡ ᠶᠢᠨ  ᠳᠠᠭᠠᠳᠬᠠᠯ  ᠪᠠ  ᠬᠤᠲᠠ  ᠬᠥᠳᠡᠭᠡ ᠶᠢᠨ  ᠰᠠᠭᠤᠭᠠᠯᠢ  ᠠᠷᠠᠳ ᠤᠨ  ᠡᠮ  ᠡᠮᠨᠡᠯᠭᠡ ᠶᠢᠨ  ᠳᠠᠭᠠᠳᠬᠠᠯ  ᠭᠡᠵᠦ‌ᠬᠤᠪᠢᠶᠠᠨ᠎ᠠ᠃ ᠡᠨᠡᠭᠦ ᠡᠮ  ᠡᠮᠨᠡᠯᠭᠡ ᠶᠢᠨ  ᠳᠠᠭᠠᠳᠬᠠᠯ ᠤᠨ  ᠰᠢᠨ᠎ᠠ  ᠠᠷᠭ᠎ᠠ  ᠠᠪᠴᠠᠯ ᠨᠢ  ᠠᠰᠢᠭ  ᠬᠦᠷᠲᠡᠭᠰᠡᠳ ᠢ  ︽ᠳᠡᠰ‌‍ᠲ᠋ᠡᠪᠰᠢᠭᠦᠯᠵᠦ︾᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ  ᠡᠮ  ᠡᠮᠨᠡᠯᠭᠡ ᠶᠢᠨ  ᠳᠠᠭᠠᠳᠬᠠᠯ ᠳᠠᠬᠢ  ᠡᠩ ᠤᠨ  ᠴᠢᠰᠤᠨ‌‍ᠲ᠋ᠠᠷᠤᠯᠲᠠ ᠥᠨᠳᠥᠷ ᠡᠪᠡᠳᠴᠢᠳᠠᠨ᠂ ᠰᠢᠬᠢᠷ  ᠰᠢᠵᠢᠩ  ᠡᠪᠡᠳᠴᠢᠲᠡᠨ ᠢ  ᠬᠠᠮᠤᠷᠴᠠᠶ︔  ᠬᠤᠶᠠᠷ  ᠶᠡᠭᠡ  ᠤᠳᠠᠭᠠᠨ  ᠴᠢᠨᠠᠷᠲᠠᠶ‌ᠡᠪᠡᠳᠴᠢᠨ ᠤ ᠡᠭᠦᠳᠡᠨ ᠡᠮᠨᠡᠯᠭᠡ ᠶᠢᠨ ᠳᠠᠩᠰᠠᠨ ᠠᠴᠠ  ᠲᠠᠶᠢᠯᠬᠤ  ᠬᠠᠷᠢᠴᠠᠯ ᠢ  ᠨᠡᠮᠡᠭᠳᠡᠭᠦᠯᠦᠭᠰᠡᠨ   ᠨᠢ  ᠬᠡᠳᠦᠨ  ᠳ᠋ᠦᠩᠰᠢᠭᠤᠷ‌ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠭᠦ ᠪᠤᠯᠤᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号